ᠵᠦᠸᠧᠽᠢ ᠰᠢᠶᠡᠨ ᠤ ᠬᠤᠲᠠ ᠶᠢᠨ ᠬᠠᠮᠢᠶᠠᠷᠤᠯᠲᠠ ᠶᠢᠨ ᠲᠤᠪᠴᠢᠶᠠᠨ ᠤ ᠰᠤᠷᠪᠤᠯᠵᠢᠯᠠᠭ᠎ᠠ | 1. ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠲᠠ ᠨᠠᠷ ᠤᠨ ᠠᠵᠢᠯ | ᠮᠠᠰᠢ ᠴᠢᠬᠤᠯᠠ ᠶᠤᠮ᠂ ᠤᠴᠢᠷ ᠨᠢ ᠲᠠ ᠨᠠᠷ ᠤᠨ ᠠᠵᠢᠯ ᠤᠨ ᠰᠠᠶᠢᠨ ᠮᠠᠭᠤ ᠨᠢ ᠤᠯᠠᠨ ᠲᠦᠮᠡᠨ ᠤ ᠠᠮᠢᠳᠤᠷᠠᠯ ᠤᠨ | ᠣᠷᠴᠢᠨ ᠲᠣᠭᠤᠷᠢᠨ ᠤ ᠰᠠᠶᠢᠨ ᠮᠠᠭᠤ ᠶᠢ ᠰᠢᠭᠤᠳ ᠨᠥᠯᠥᠭᠡᠯᠡᠳᠡᠭ᠃ ᠢᠯᠠᠩᠭᠤᠶ᠎ᠠ ᠤᠶᠢᠷ᠎ᠠ ᠶᠢᠨ ᠵᠢᠯ ᠳᠤ᠂ ᠲᠠ | ᠨᠠᠷ ᠤᠨ ᠠᠵᠢᠯ ᠤᠨ ᠴᠢᠷᠮᠠᠢᠯᠭ᠎ᠠ ᠠᠴᠠ ᠪᠣᠯᠵᠤ᠂ ᠬᠤᠲᠠ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠯᠦᠲᠦ | ᠶᠡᠭᠡ ᠳᠡᠭᠡᠭᠰᠢᠯᠡᠯᠲᠡ ᠲᠠᠢ ᠪᠤᠯᠵᠤ ᠪᠢᠳᠡ ᠴᠦ ᠶᠡᠭᠡ ᠣᠮᠣᠭᠰᠢᠵᠣ ᠪᠠᠶᠢᠨ᠎ᠠ᠃ ᠵᠦᠸᠧᠽᠢ ᠭᠡᠬᠦ ᠡᠨᠡ ᠬᠦ ᠬᠤᠲᠠ | ᠪᠠᠯᠭᠠᠰᠤᠨ ᠤ ᠣᠷᠴᠢᠨ ᠲᠣᠭᠤᠷᠢᠨ ᠢᠢᠮᠦ ᠭᠤᠶᠤ ᠰᠠᠶᠢᠬᠠᠨ ᠪᠣᠯᠭᠠᠨ ᠪᠦᠲᠦᠭᠡᠭᠡᠳ᠂ ᠲᠠ ᠨᠠᠷ ᠠᠵᠢᠯ ᠤᠨ | ᠳᠤᠮᠳᠠ ᠪᠠᠨ ᠤᠯᠤᠰ ᠶᠢᠨ ᠲᠥᠷᠥ ᠶᠢᠨ ᠪᠣᠳᠣᠯᠭ᠎ᠠ ᠶᠢ ᠬᠡᠷᠬᠢᠨ ᠲᠤᠤᠱᠯᠠᠭᠤᠯᠤᠨ ᠬᠡᠷᠡᠭᠵᠢᠭᠦᠯᠦᠭᠰᠡᠨ ᠪᠤᠢ︖ | ᠠᠵᠢᠯ ᠢᠶᠠᠨ ᠶᠠᠭᠠᠬᠢᠵᠤ ᠲᠥᠰᠦᠪᠯᠡᠭᠰᠡᠨ ᠪᠣᠶ︖ | ᠬᠠᠷᠢᠭᠤᠯᠲᠠ᠄ ᠣᠶᠢᠷ᠎ᠠ ᠶᠢᠨ ᠵᠢᠯ ᠳᠤ᠂ ᠮᠠᠨ ᠤ ᠲᠣᠪᠴᠢᠶ᠎ᠠ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠤᠷ᠎ᠠ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠶ ᠳᠤᠷᠠᠳᠤᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠲᠠᠢ | ᠨᠢᠭᠲᠠ ᠤᠶᠠᠯᠳᠤᠭᠤᠯᠤᠨ᠂ ᠢᠮᠠᠭᠲᠠ ︽ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠵᠦ᠂ ᠬᠤᠲᠠ ᠶᠢᠨ ᠰᠢᠨ᠎ᠡ | ᠳᠦᠷᠢ ᠲᠥᠷᠬᠦ ᠶᠢ ᠪᠤᠢ ᠪᠤᠯᠭᠠᠬᠤ︾ ᠪᠠᠷ ᠶᠡᠷᠦᠩᠬᠡᠶ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠳᠦᠷᠢᠮ ᠤᠨ | ᠪᠠᠶᠢᠭᠤᠯᠤᠯᠲᠠ ᠶᠢ ᠴᠢᠩᠭᠠᠳᠬᠠᠬᠤ ᠪᠠᠷ ᠭᠠᠷᠳᠠᠬᠤ ᠴᠡᠭ ᠪᠣᠯᠭᠠᠵᠤ᠂ ᠪᠦᠬᠦ ᠲᠠᠯ᠎ᠠ ᠶᠢᠨ ᠬᠢᠨ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠥᠪᠡᠷ ᠤᠨ ᠳᠠᠷᠤᠭᠠᠰᠤ ᠪᠠᠨ ᠨᠡᠮᠡᠭᠳᠡᠭᠦᠯᠵᠦ | ᠂ ᠡᠷᠡᠮᠡᠬᠡᠶᠢᠯᠡᠨ ᠤᠷᠤᠭᠰᠢᠯᠠᠵᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠪᠡ᠃ | ᠢᠯᠠᠩᠭᠤᠶ᠎ᠠ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︽ᠲᠠᠪᠤᠨ ᠬᠤᠲᠠ ᠬᠤᠯᠪᠣᠭᠠᠯᠠᠨ | ᠡᠭᠦᠳᠬᠦ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠷᠠᠳᠤᠭᠰᠠᠨ ᠠᠴᠠ ᠨᠠᠰᠢ᠂ ᠮᠠᠨ ᠤ ᠲᠣᠪᠴᠢᠶ᠎ᠠ | ︽ᠲᠠᠪᠤᠨ ᠬᠤᠲᠠ ᠬᠤᠯᠪᠣᠭᠠᠯᠠᠨ ᠡᠭᠦᠳᠬᠦ︾ ᠠᠵᠢᠯ ᠤᠨ ᠶᠡᠷᠦᠩᠬᠡᠶ ᠲᠣᠬᠢᠷᠠᠭᠤᠯᠤᠯᠲᠠ ᠶᠢ ᠴᠢᠩᠭ᠎ᠠ ᠵᠢᠷᠤᠮᠯᠠᠵᠤ᠂ | ︽ᠬᠢᠨᠠᠯᠲᠠ ᠬᠠᠮᠢᠶᠠᠷᠤᠯᠲᠠ ᠶᠢ ᠵᠡᠷᠭᠡᠪᠡᠷ ᠴᠢᠬᠤᠯᠠᠴᠢᠯᠠᠬᠤ᠂ ᠴᠢᠩᠭ᠎ᠠ ᠬᠠᠮᠢᠶᠠᠷᠴᠤ ᠬᠦᠨᠳᠦ ᠪᠠᠷ ᠲᠣᠷᠭᠠᠬᠤ︾ | ᠵᠠᠷᠴᠢᠮ ᠢ ᠭᠤᠶᠢᠪᠢᠰᠢ ᠦᠭᠡᠢ ᠪᠠᠷᠢᠮᠲᠠᠯᠠᠵᠤ᠂ ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠬᠤᠲᠠ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢᠶᠠᠷ ᠭᠤᠤᠯ ᠪᠣᠯᠭᠠᠨ | ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠤ ᠮᠠᠨ ᠤ ᠰᠢᠶᠠᠨ ᠤ ᠬᠤᠳᠠ ᠶᠢᠨ ᠬᠠᠮᠢᠶᠠᠷᠤᠯᠲᠠ ᠶᠢᠨ | ᠠᠵᠢᠯ ᠢ ᠰᠢᠨ᠎ᠡ ᠳᠡᠭᠲᠡᠷ ᠲᠤ ᠭᠠᠷᠭᠠᠭᠰᠠᠨ ᠪᠠᠶᠢᠨ᠎ᠠ᠃ | 2. ᠲᠠ ᠨᠠᠷ ᠤᠨ ᠡᠨᠡᠬᠦ ᠠᠵᠢᠯ ᠤᠨ ᠰᠡᠳᠬᠢᠮᠵᠢ ᠪᠠᠷ ᠪᠣᠯ᠂ ᠲᠠ ᠨᠠᠷ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢ ᠬᠡᠷᠬᠢᠨ ᠨᠠᠢᠳᠠᠪᠤᠷᠢᠵᠢᠭᠤᠯᠬᠤ᠂ ᠪᠣᠳᠠᠲᠠᠶ ᠠᠵᠢᠯ ᠢ ᠥᠷᠨᠢᠭᠦᠯᠦᠭᠡᠳ ᠶᠠᠮᠠᠷ ᠦᠷ᠎ᠡ ᠪᠦᠲᠦᠮᠵᠢ | ᠣᠯᠤᠭᠰᠠᠨ ᠪᠤᠢ︖ | ᠬᠠᠷᠢᠭᠤᠯᠲᠠ᠄ ᠮᠠᠨ ᠤ ᠪᠣᠳᠠᠲᠠᠢ ᠠᠵᠢᠯ ᠪᠣᠯ ᠭᠤᠣᠯᠳᠠᠭᠤ ᠭᠤᠷᠪᠠᠨ ᠶᠡᠭᠡ ᠬᠡᠰᠡᠭ ᠪᠣᠯᠤᠨ᠎ᠠ᠃ ᠲᠣᠰ ᠲᠣᠰ | ᠣᠷᠴᠢᠨ ᠲᠣᠭᠤᠷᠢᠨ ᠤ ᠠᠷᠢᠭᠤᠨ ᠴᠡᠪᠡᠷ ᠢ ᠢᠯᠭᠠᠷᠠᠭᠤᠯᠬᠤ᠂ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ | ᠵᠠᠰᠠᠬᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠨ ᠪᠠᠶᠢᠴᠠᠭᠠᠬᠤ ᠪᠣᠯᠤᠨ᠎ᠠ᠃ ᠣᠶᠢᠷ᠎ᠡ ᠶᠢᠨ ᠵᠢᠯ ᠤᠨ | ᠲᠤᠷᠰᠢ᠂ ᠪᠢᠳᠡ ᠤᠯᠤᠰ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠠᠵᠤ᠂ | ᠣᠷᠣᠭᠤᠯᠤᠯᠲᠠ ᠶᠢ ᠠᠳᠬᠤᠬᠤ ᠮᠥᠷᠲᠡᠭᠡᠨ ᠬᠠᠮᠢᠶᠠᠷᠤᠯᠲᠠ ᠶᠢ ᠠᠳᠬᠤᠬᠤ ᠮᠥᠷᠲᠡᠭᠡᠨ ᠤᠬᠠᠭᠤᠯᠵᠤ ᠬᠥᠲᠥᠯᠥᠨ | ᠵᠢᠯᠤᠭᠤᠳᠬᠤ ᠠᠵᠢᠯ ᠢ ᠣᠨᠴᠠᠭᠠᠶᠢᠯᠠᠨ ᠴᠢᠬᠤᠯᠠᠴᠢᠯᠠᠵᠤ᠂ ᠬᠤᠳᠠ ᠶᠢᠨ ᠬᠠᠮᠢᠶᠠᠷᠤᠯᠲᠠ ᠶᠢᠨ ᠠᠵᠢᠯ ᠪᠣᠯ ᠤᠯᠠᠨ | ᠲᠦᠮᠡᠨ ᠤ ᠣᠶᠢᠯᠠᠭᠠᠯᠲᠠ ᠪᠠ ᠳᠡᠮᠵᠢᠯᠭᠡ ᠲᠠᠢ ᠰᠠᠯᠤᠰᠢ ᠦᠭᠡᠢ ᠬᠤᠯᠪᠣᠭ᠎ᠠ ᠲᠠᠢ ᠶᠤᠮ᠃ ᠳᠣᠤᠷ᠎ᠠ ᠪᠢ ᠮᠠᠨ ᠤ | ᠭᠤᠤᠯ ᠠᠵᠢᠯ ᠢᠶᠠᠨ ᠥᠷᠨᠢᠭᠦᠯᠦᠭᠰᠡᠨ ᠪᠣᠳᠠᠲᠠᠶ ᠪᠠᠶᠢᠳᠠᠯ ᠢ ᠶᠠᠷᠢᠶ᠎ᠠ᠄ | ︵ᠨᠢᠭᠡ︶ ᠤᠬᠠᠭᠤᠯᠵᠤ ᠬᠥᠲᠥᠯᠥᠨ ᠵᠢᠯᠣᠭᠤᠳᠬᠤ ᠠᠵᠢᠯ | ᠮᠠᠨ ᠤ ᠲᠣᠪᠴᠢᠶ᠎ᠠ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠮᠠᠰᠢ ᠴᠢᠬᠤᠯᠠᠴᠢᠯᠠᠵᠤ᠂ ᠶᠡᠷᠦ ᠨᠢ | ᠠᠷᠭ᠎ᠠ ᠪᠦᠬᠦᠨ ᠢ ᠰᠦᠪᠡᠭᠴᠢᠯᠡᠨ ᠠᠰᠢᠭᠯᠠᠵᠤ ᠪᠣᠯᠬᠤ ᠡᠬᠢ ᠪᠠᠶᠠᠯᠢᠭ ᠪᠠ ᠲᠣᠬᠢᠶᠠᠯ ᠢ ᠠᠰᠢᠭᠯᠠᠨ ᠣᠬᠠᠭᠤᠯᠭ᠎ᠠ | ᠬᠢᠳᠡᠭ ᠨᠢ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠶ ᠤᠯᠠᠨ ᠲᠦᠮᠡᠨ ᠤ ᠣᠶᠢᠯᠠᠭᠠᠯᠲᠠ ᠪᠠ ᠳᠡᠮᠵᠢᠯᠡᠭᠡ | ᠶᠢ ᠳᠠᠶᠢᠴᠢᠯᠠᠬᠤ ᠶᠢᠨ ᠲᠥᠯᠥᠭᠡ ᠶᠤᠮ᠃ ᠤᠶᠢᠷ᠎ᠡ ᠶᠢᠨ ᠵᠢᠯ ᠳᠤ᠂ ᠮᠠᠨ ᠤ ᠲᠣᠪᠴᠢᠶ᠎ᠠ ᠰᠦᠷ ᠳᠠᠯᠠᠶᠢᠴᠠᠲᠠᠶ | ᠤᠬᠠᠭᠤᠯᠭ᠎ᠠ ᠶᠢᠨ ᠠᠵᠢᠯᠯᠠᠭ᠎ᠠ ᠶᠢ ᠣᠯᠠᠨ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠤᠬᠠᠭᠤᠯᠬᠤ ᠭᠠᠷ | ᠳᠡᠪᠲᠡᠷ ᠪᠣᠯᠤᠨ ᠤᠬᠠᠭᠤᠯᠬᠤ ᠬᠠᠭᠤᠳᠠᠰᠤ ᠶᠢ ᠣᠯᠠᠨ ᠤᠳᠠᠭ᠎ᠠ ᠲᠠᠷᠬᠠᠭᠠᠵᠠᠶ᠃ ᠡᠭᠦᠨ ᠤ ᠬᠠᠮᠲᠤ ᠲᠧᠯᠸᠢᠰ | ᠬᠤᠷᠢᠶ᠎ᠠ᠂ ᠭᠠᠷ ᠤᠲᠠᠰᠤᠨ ᠤ ᠸᠢᠴᠠᠲ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠪᠠᠰᠠ ᠤᠬᠠᠭᠤᠯᠭ᠎ᠠ ᠬᠢᠵᠡᠶ᠃ | ᠬᠡᠳᠦᠨ ᠵᠢᠯ ᠤᠨ ᠲᠤᠷᠰᠢ᠂ ᠬᠤᠭ ᠨᠣᠪᠰᠢ ᠴᠤᠭᠯᠠᠭᠤᠯᠬᠤ ᠲᠡᠷᠭᠡ᠂ ᠪᠣᠬᠢᠷ ᠤᠰᠤ ᠴᠤᠭᠯᠠᠭᠤᠯᠬᠤ ᠲᠡᠷᠭᠡᠨ ᠳᠡᠭᠡᠷ᠎ᠡ | ᠤᠬᠠᠭᠤᠯᠬᠤ ᠳᠠᠭᠤ ᠴᠢᠮᠡᠭᠡ ᠲᠣᠬᠢᠷᠠᠭᠤᠯᠵᠤ᠂ ᠬᠤᠭ ᠨᠣᠪᠰᠢ ᠴᠤᠭᠯᠠᠭᠤᠯᠬᠤ ᠲᠡᠷᠭᠡ᠂ ᠪᠣᠬᠢᠷ ᠤᠰᠤ ᠴᠤᠭᠯᠠᠭᠤᠯᠬᠤ | ᠲᠡᠷᠭᠡ ᠵᠡᠭᠡᠯᠢ ᠭᠤᠳᠤᠮᠵᠢ ᠪᠠᠷ ᠶᠠᠪᠤᠬᠤ ᠳᠠᠪᠠᠭᠤᠯᠢᠭ ᠲᠠᠯ᠎ᠠ ᠶᠢ ᠠᠰᠢᠭᠯᠠᠵᠤ᠂ ᠬᠤᠲᠠ ᠶᠢᠨ ᠬᠠᠮᠢᠶᠠᠷᠤᠯᠲᠠ ᠶᠢᠨ | ᠠᠭᠤᠯᠭ᠎ᠠ ᠶᠢ ᠪᠦᠬᠦ ᠲᠠᠯ᠎ᠠ ᠪᠠᠷ ᠤᠬᠠᠭᠤᠯᠵᠤ᠂ ᠪᠦᠬᠦ ᠠᠷᠠᠳ ᠢᠶᠠᠷ ᠢᠶᠠᠨ ᠬᠤᠲᠠ ᠶᠢᠨ ᠬᠠᠮᠢᠶᠠᠷᠤᠯᠲᠠ ᠳᠤ | ᠣᠷᠣᠯᠴᠠᠬᠤ ᠪᠣᠯᠪᠠᠰᠤᠨ ᠦᠵᠡᠯ ᠤᠬᠠᠮᠰᠠᠷ᠂ ᠬᠠᠷᠢᠴᠠᠭᠤᠯᠭᠠᠲᠦ ᠦᠵᠡᠯ ᠤᠬᠠᠮᠰᠠᠷ ᠢ ᠤᠯᠠᠮ ᠨᠢᠭᠡ ᠠᠯᠬᠤᠮ | ᠤᠷᠢᠶᠠᠯᠠᠵᠤ᠂ ᠬᠥᠮᠦᠨ ᠪᠦᠬᠦᠨ ᠬᠤᠲᠠ ᠶᠢᠨ ᠬᠠᠮᠢᠶᠠᠷᠤᠯᠲᠠ ᠳᠤ ᠣᠷᠣᠯᠴᠠᠬᠤ᠂ ᠪᠣᠯᠪᠠᠰᠤᠨ ᠦᠷ᠎ᠡ ᠪᠦᠲᠦᠭᠡᠯ ᠢ | ᠬᠠᠮᠲᠤᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠨ᠎ᠠ᠃ ᠡᠭᠦᠨ ᠤ ᠬᠠᠮᠲᠤ ᠬᠤᠳᠠ ᠶᠢᠨ ᠰᠠᠶᠢᠨ | ᠰᠠᠶᠢᠬᠠᠨ ᠣᠷᠴᠢᠨ ᠲᠣᠭᠤᠷᠢᠨ ᠤ ᠤᠯᠠᠨ ᠲᠦᠮᠡᠨ ᠤ ᠠᠮᠢᠳᠤᠷᠠᠯ ᠳᠤ ᠦᠵᠡᠭᠦᠯᠬᠦ ᠨᠥᠯᠥᠭᠡ ᠶᠢ ᠤᠯᠠᠮ ᠨᠢᠭᠡ | ᠠᠯᠬᠤᠮ ᠤᠬᠠᠭᠤᠯᠬᠤ ᠶᠢᠨ ᠲᠥᠯᠥᠭᠡ᠂ ᠮᠠᠨ ᠤ ᠲᠣᠪᠴᠢᠶ᠎ᠠ ᠪᠠᠰᠠ ᠬᠡᠰᠡᠭ ᠨᠥᠯᠥᠭᠡᠯᠡᠬᠦ ᠬᠦᠴᠦᠨ ᠲᠠᠢ | ᠬᠤᠳᠠᠯᠳᠤᠭᠠᠴᠢᠨ ᠢ ᠤᠯᠠᠨ ᠤᠳᠠᠭ᠎ᠠ ᠵᠣᠬᠢᠶᠠᠨ ᠪᠠᠶᠢᠭᠤᠯᠵᠤ ᠵᠢᠨᠢᠩ ᠬᠤᠳᠠ ᠶᠢᠨ ᠳᠦᠷᠰᠦ ᠪᠠᠶᠢᠳᠠᠯ ᠤᠨ | ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠲᠣᠭᠤᠷᠢᠨ ᠦᠵᠡᠭᠦᠯᠪᠡ᠃ | ︵ᠬᠤᠶᠠᠷ︶ ᠣᠷᠴᠢᠨ ᠲᠣᠭᠤᠷᠢᠨ ᠤ ᠠᠷᠢᠭᠤᠨ ᠴᠡᠪᠡᠷ ᠢ ᠢᠯᠭᠠᠷᠠᠭᠤᠯᠬᠤ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠨᠢ ᠭᠤᠣᠯᠳᠠᠭᠤ ᠲᠥᠬᠦᠭᠡᠷᠦᠮᠵᠢ ᠳᠤ ᠪᠡᠯᠡ | ᠣᠷᠣᠭᠤᠯᠬᠤ᠂ ᠡᠳᠦᠷ ᠲᠤᠲᠤᠮ ᠤᠨ ᠠᠷᠢᠭᠤᠨ ᠴᠡᠪᠡᠷ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ | ᠨᠡᠶᠢᠲᠡ ᠶᠢᠨ ᠵᠣᠷᠯᠣᠩ ᠢ ᠬᠠᠮᠢᠶᠠᠷᠦᠨ ᠬᠠᠮᠠᠭᠠᠯᠠᠬᠤ᠂ ᠬᠤᠭ ᠨᠣᠪᠰᠢ ᠶᠢ ᠴᠡᠪᠡᠷᠯᠡᠨ ᠬᠠᠳᠠᠭᠠᠯᠠᠬᠤ ᠵᠡᠷᠭᠡ ᠲᠠᠯ᠎ᠠ ᠠᠴᠠ | ᠭᠠᠷᠳᠠᠨ᠎ᠠ᠃ ᠠᠵᠢᠯᠲᠠᠨ ᠤ ᠬᠠᠮᠢᠶᠠᠷᠤᠯᠲᠠ ᠶᠢ ᠴᠢᠩᠭ᠎ᠠ ᠠᠳᠬᠤᠵᠤ᠂ ᠨᠠᠷᠢᠯᠢᠭᠵᠢᠭᠤᠯᠤᠭᠰᠠᠨ ᠠᠵᠢᠯ ᠢ ᠬᠢᠪᠡ᠃ | ᠬᠡᠳᠦᠨ ᠵᠢᠯ ᠤᠨ ᠲᠤᠷᠰᠢᠬᠢ ᠴᠡᠪᠡᠷᠯᠡᠯᠲᠡ ᠪᠠᠷ ᠳᠠᠮᠵᠢᠭᠠᠳ᠂ ᠮᠠᠨ ᠤ ᠰᠢᠶᠠᠨ ᠤ ᠬᠤᠲᠠ ᠲᠣᠭᠤᠷᠢᠭ ᠤᠨ ᠡᠷᠡᠭᠦᠯ | ᠬᠠᠮᠠᠭᠠᠯᠠᠯ ᠤᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠡᠷᠡᠭᠦᠯ ᠬᠠᠮᠠᠭᠠᠯᠠᠯ ᠤᠨ ᠴᠢᠨᠠᠷ ᠴᠢᠨᠰᠠᠭ᠎ᠠ | ᠢᠯᠡᠳᠲᠡ ᠳᠡᠭᠡᠭᠰᠢᠯᠡᠵᠡᠶ᠃ ᠥᠷᠭᠡᠨ ᠣᠯᠠᠨ ᠰᠠᠭᠤᠭᠠᠯᠢ ᠠᠷᠠᠳ ᠤᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠠᠶ᠃ | | 1. ᠪᠡᠯᠡᠳᠬᠡᠮᠵᠢ ᠶᠢᠨ ᠣᠷᠣᠭᠤᠯᠤᠯᠲᠠ᠃ ᠮᠠᠨ ᠤ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠤᠨ ᠶᠠᠰᠤ ᠴᠢᠨᠠᠷ ᠢ ᠳᠡᠰ ᠳᠡᠪᠰᠢᠭᠦᠯᠬᠦ ᠶᠢᠨ ᠲᠥᠯᠥᠭᠡ᠂ ᠣᠶᠢᠷ᠎ᠠ ᠶᠢᠨ ᠵᠢᠯ ᠤᠨ ᠲᠤᠷᠰᠢ᠂ ᠮᠠᠨ ᠤ ᠰᠢᠶᠠᠨ | ᠤᠷᠢᠳ ᠬᠤᠵᠢᠳ 1000 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠤᠮᠤ ᠬᠡᠯᠪᠡᠷᠢ ᠶᠢᠨ ᠵᠠᠮ | ᠤᠬᠢᠶᠠᠬᠤ ᠲᠡᠷᠭᠡ ᠬᠤᠶᠠᠷ᠂ ᠲᠤᠮᠤ ᠬᠡᠯᠪᠡᠷᠢ ᠶᠢᠨ ᠵᠠᠮ ᠱᠦᠭᠦᠷᠳᠡᠬᠦ ᠲᠡᠷᠭᠡ ᠬᠤᠶᠠᠷ᠂ ᠵᠢᠵᠢᠭ ᠬᠡᠯᠪᠡᠷᠢ ᠶᠢᠨ ᠵᠠᠮ | ᠱᠦᠭᠦᠷᠳᠡᠬᠦ ᠲᠡᠷᠭᠡ ᠬᠤᠶᠠᠷ᠂ ᠠᠪᠴᠢᠮᠠᠯ ᠮᠠᠶ᠋ᠢᠭ ᠤᠨ ᠬᠤᠭ ᠨᠣᠪᠰᠢ ᠶᠢᠨ ᠲᠡᠷᠭᠡ ᠵᠢᠷᠭᠤᠭᠠᠨ ᠰᠠᠪᠠ᠂ ᠬᠤᠭ | ᠨᠣᠪᠰᠢ ᠴᠤᠭᠯᠠᠭᠤᠯᠬᠤ ᠲᠡᠷᠭᠡ ᠠᠷᠪᠠᠨ ᠭᠤᠷᠪᠠᠨ ᠰᠠᠪᠠ᠂ ᠠᠪᠴᠢᠮᠠᠯ ᠮᠠᠶ᠋ᠢᠭ ᠤᠨ ᠢᠵᠢ ᠪᠦᠷᠢᠳᠦᠭᠰᠡᠨ 660 | ᠯᠢᠲᠷ ᠬᠤᠭ ᠨᠣᠪᠰᠢ ᠶᠢᠨ ᠰᠠᠭᠤᠯᠭ᠎ᠠ ᠨᠠᠢᠮᠠᠨ ᠰᠠᠪᠠ᠂ 240 ᠯᠢᠲᠷ ᠬᠤᠭ ᠨᠣᠪᠰᠢ ᠶᠢᠨ ᠰᠠᠭᠤᠯᠭ᠎ᠠ ᠲᠤᠯᠤᠭᠠᠨ | ᠰᠠᠪᠠ᠂ ᠬᠤᠳᠠᠯᠳᠤᠭᠠᠴᠢᠨ ᠡᠷᠦᠬᠡ ᠳᠤ ᠬᠤᠶᠠᠷ ᠮᠢᠩᠭ᠎ᠠ ᠲᠦᠷᠪᠡᠨ ᠵᠠᠭᠤᠨ ᠵᠢᠵᠢᠭ ᠬᠡᠯᠪᠡᠷᠢ ᠶᠢᠨ ᠬᠤᠭ | ᠨᠣᠪᠰᠢ ᠶᠢᠨ ᠰᠠᠭᠤᠯᠭ᠎ᠠ ᠥᠭᠴᠦ᠂ ᠴᠠᠰᠤ ᠠᠷᠢᠯᠭᠠᠬᠤ ᠬᠠᠪᠲᠠᠰᠤ ᠬᠤᠶᠠᠷ ᠬᠡᠰᠡᠭ᠂ ᠴᠠᠰᠤ ᠠᠷᠢᠯᠭᠠᠬᠤ ᠳᠤ | ᠬᠡᠷᠡᠭᠯᠡᠬᠦ ᠥᠩᠬᠦᠷᠢᠭᠦᠯ ᠲᠦᠷᠪᠡ᠂ ᠵᠠᠮ ᠱᠦᠭᠦᠷᠳᠡᠬᠦ ᠮᠠᠰᠢᠨ ᠨᠢᠭᠡ᠂ ᠲᠠᠷᠢᠶᠠᠯᠠᠩ ᠳᠤ ᠬᠡᠷᠡᠭᠯᠡᠬᠦ ᠲᠡᠷᠭᠡ ᠠᠷᠪᠠᠨ | ᠲᠠᠪᠤᠨ ᠪᠠᠶᠢᠨ᠎ᠠ᠃ ᠤᠰᠤ ᠪᠠᠷ ᠤᠬᠢᠶᠠᠬᠤ ᠨᠡᠶᠢᠲᠡ ᠶᠢᠨ ᠵᠣᠷᠯᠣᠩ ᠶᠢᠰᠦ᠂ ᠣᠷᠴᠢᠨ ᠠᠬᠤᠢ ᠶᠢ ᠬᠠᠮᠠᠭᠠᠯᠠᠬᠤ | ᠵᠣᠷᠯᠣᠩ ᠳᠣᠯᠤᠭ᠎ᠠ ᠶᠢ ᠰᠢᠨ᠎ᠡ ᠪᠠᠷ ᠪᠠᠶᠢᠭᠤᠯᠤᠨ᠎ᠠ᠃ | ᠬᠤᠳᠠᠯᠳᠤᠨ ᠠᠪᠤᠭᠰᠠᠨ ᠮᠠᠰᠢᠨ ᠮᠧᠬᠠᠨᠢᠭ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠡᠶ᠃ ᠣᠳᠣ ᠶᠢᠨ | ᠭᠤᠣᠯ ᠵᠡᠭᠡᠯᠢ ᠭᠤᠳᠤᠮᠵᠢ ᠨᠢ ᠭᠤᠣᠯᠳᠠᠭᠤ ᠣᠷᠴᠢᠨ ᠲᠣᠭᠤᠷᠢᠨ ᠤ ᠠᠷᠢᠭᠤᠨ ᠴᠡᠪᠡᠷ ᠲᠤ ᠲᠦᠰᠢᠭᠯᠡᠨ ᠲᠡᠷᠭᠡ | ᠬᠥᠰᠬᠡ ᠶᠢ ᠴᠡᠪᠡᠷᠯᠡᠬᠦ ᠠᠵᠢᠯ ᠬᠢᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠬᠥᠮᠦᠰ ᠤᠨ | ᠭᠤᠣᠯ ᠬᠠᠷᠢᠭᠤᠴᠠᠯᠭᠠᠲᠠᠨ ᠳᠥᠭᠦᠮ ᠵᠠᠮ᠂ ᠮᠠᠰᠢᠨᠲᠤ ᠪᠤᠰᠤ ᠲᠡᠷᠭᠡᠨ ᠤ ᠵᠠᠮ ᠤᠨ ᠴᠡᠪᠡᠷᠯᠡᠭᠡ ᠪᠠ ᠵᠡᠭᠡᠯᠢ ᠭᠤᠳᠤᠮᠵᠢ | ᠶᠢᠨ ᠡᠳᠦᠷ ᠲᠤᠲᠤᠮ ᠤᠨ ᠠᠷᠢᠭᠤᠨ ᠴᠡᠪᠡᠷ ᠢ ᠬᠠᠮᠠᠭᠠᠯᠠᠵᠤ ᠪᠠᠶᠢᠨ᠎ᠠ᠃ ᠣᠷᠴᠢᠨ ᠲᠣᠭᠤᠷᠢᠨ ᠤ ᠠᠷᠢᠭᠤᠨ | ᠴᠡᠪᠡᠷ ᠤᠨ ᠮᠠᠰᠢᠨ ᠲᠥᠬᠦᠭᠡᠷᠦᠮᠵᠢ ᠶᠢ ᠶᠡᠭᠡ ᠬᠡᠮᠵᠢᠶ᠎ᠡ ᠪᠠᠷ ᠬᠡᠷᠡᠭᠯᠡᠭᠰᠡᠨ ᠠᠴᠠ ᠣᠷᠴᠢᠨ ᠲᠣᠭᠤᠷᠢᠨ ᠤ ᠠᠷᠢᠭᠤᠨ | ᠴᠡᠪᠡᠷ ᠤᠨ ᠠᠵᠢᠯᠲᠠᠨ ᠤ ᠠᠵᠢᠯᠯᠠᠬᠤ ᠬᠡᠮᠵᠢᠶ᠎ᠡ ᠶᠢ ᠪᠠᠭᠠᠰᠬᠠᠭᠰᠠᠨ ᠪᠠᠶᠢᠨ᠎ᠠ᠃ ᠣᠷᠴᠢᠨ ᠲᠣᠭᠤᠷᠢᠨ ᠤ ᠠᠷᠢᠭᠤᠨ | ᠴᠡᠪᠡᠷ ᠤᠨ ᠠᠵᠢᠯᠲᠠᠨ ᠤ ᠠᠵᠢᠯ ᠤᠨ ᠢᠳᠡᠪᠬᠢᠵᠢᠯ ᠴᠦ ᠪᠦᠲᠦᠮᠵᠢᠲᠡᠶ ᠳᠠᠶᠢᠴᠢᠯᠠᠭᠳᠠᠵᠣ᠂ ᠡᠶᠢᠮᠦ ᠠᠴᠠ ᠴᠡᠪᠡᠷᠯᠡᠨ | ᠠᠷᠢᠯᠭᠠᠬᠤ ᠶᠠᠰᠤ ᠴᠢᠨᠠᠷ ᠪᠠ ᠠᠷᠢᠭᠤᠨ ᠴᠡᠪᠡᠷ ᠤᠨ ᠬᠢᠷᠢ ᠬᠡᠮᠵᠢᠶ᠎ᠡ ᠴᠥᠮ ᠢᠯᠡᠳᠲᠡ ᠳᠡᠭᠡᠭᠰᠢᠯᠡᠵᠡᠶ᠃ | 2. ᠡᠳᠦᠷ ᠲᠤᠲᠤᠮ ᠤᠨ ᠠᠷᠢᠭᠤᠨ ᠴᠡᠪᠡᠷ ᠢ ᠬᠠᠮᠠᠭᠠᠯᠠᠬᠤ ᠬᠡᠷᠡᠭᠲᠡᠶ᠃ ᠣᠷᠴᠢᠨ ᠲᠣᠭᠤᠷᠢᠨ ᠤ ᠠᠷᠢᠭᠤᠨ | ᠴᠡᠪᠡᠷ ᠤᠨ ᠠᠵᠢᠯᠲᠠᠨ ᠪᠣᠯᠤᠨ ᠬᠠᠮᠢᠶᠠᠷᠤᠯᠲᠠ ᠶᠢᠨ ᠠᠵᠢᠯᠲᠠᠨ ᠤ ᠬᠤᠲᠠ ᠶᠢᠨ ᠲᠤᠭᠤᠷᠢᠭ ᠤᠨ ᠣᠷᠴᠢᠨ | ᠲᠣᠭᠤᠷᠢᠨ ᠤ ᠡᠳᠦᠷ ᠲᠤᠲᠤᠮ ᠤᠨ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠵᠦᠶ | ᠵᠣᠬᠢᠰᠲᠠᠶ ᠬᠤᠪᠢᠶᠠᠷᠢᠯᠠᠵᠤ᠂ ᠮᠠᠨ ᠤ ᠲᠣᠪᠴᠢᠶ᠎ᠠ ᠦᠷᠭᠦᠯᠵᠢᠯᠡᠨ ᠬᠥᠮᠦᠨ ᠲᠣᠭᠲᠠᠭᠠᠵᠤ ᠬᠠᠷᠢᠭᠤᠴᠠᠯᠭ᠎ᠠ | ᠲᠣᠭᠲᠠᠭᠠᠬᠤ᠂ ᠠᠮᠵᠢᠯᠲᠠ ᠪᠦᠲᠦᠮᠵᠢ ᠶᠢ ᠬᠤᠯᠪᠣᠭᠳᠠᠭᠤᠯᠬᠤ ᠠᠷᠭ᠎ᠠ ᠪᠠᠷ ᠬᠠᠮᠢᠶᠠᠷᠤᠯᠲᠠ ᠪᠠᠨ ᠴᠢᠩᠭᠠᠳᠬᠠᠪᠠ︔ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠳ ᠵᠢᠴᠢ ᠬᠠᠮᠢᠶᠠᠷᠤᠯᠲᠠ ᠶᠢᠨ ᠠᠵᠢᠯᠲᠠᠳ ᠤᠨ | ᠬᠦᠳᠡᠯᠮᠦᠷᠢ ᠶᠢᠨ ᠬᠠᠮᠠᠭᠠᠯᠠᠯᠲᠠ ᠠᠰᠠᠷᠠᠮᠵᠢ ᠶᠢᠨ ᠬᠠᠷᠠᠭᠠᠯᠵᠠᠯ ᠢ ᠳᠡᠭᠡᠭᠰᠢᠯᠡᠭᠦᠯᠬᠦ ᠲᠡᠷᠢᠭᠦᠨ ᠤ ᠰᠢᠯᠢᠳᠡᠭ ᠢ ᠡᠭᠦᠳᠴᠦ | ᠠᠳᠠᠯᠢᠳᠬᠠᠨ ᠰᠢᠯᠭᠠᠷᠠᠭᠤᠯᠵᠤ ᠱᠠᠩᠨᠠᠬᠤ ᠡᠷᠴᠢᠮ ᠢᠶᠠᠨ ᠨᠡᠮᠡᠭᠳᠡᠭᠦᠯᠬᠦ ᠵᠡᠷᠭᠡ ᠠᠷᠭ᠎ᠠ ᠪᠠᠷ ᠠᠵᠢᠯ ᠤᠨ ᠢᠳᠡᠪᠬᠢᠵᠢᠯ ᠢ | ᠬᠥᠭᠵᠢᠭᠡᠨ᠎ᠡ᠃ ᠭᠤᠣᠯ ᠵᠡᠭᠡᠯᠢ ᠲᠣᠭᠤᠷᠢᠭ᠂ ᠰᠠᠯᠪᠤᠷᠢ ᠱᠤᠭᠤᠮ ᠤᠨ ᠵᠡᠭᠡᠯᠢ ᠲᠣᠭᠤᠷᠢᠭ ᠤᠨ ᠴᠡᠪᠡᠷᠯᠡᠨ | ᠴᠡᠪᠡᠷᠯᠡᠭᠰᠡᠨ ᠨᠣᠷᠮ᠎ᠠ 99% ᠶᠢ ᠪᠡᠶᠡᠯᠡᠭᠦᠯᠵᠦ᠂ ᠳᠣᠲᠣᠭᠠᠳᠤ ᠵᠡᠭᠡᠯᠢ ᠶᠢᠨ ᠵᠢᠵᠢᠭ ᠭᠤᠳᠤᠮᠵᠢ ᠳᠤ | ᠬᠠᠮᠢᠶᠠᠷᠤᠯᠲᠠ ᠶᠢᠨ ᠪᠠᠯᠠᠶ ᠣᠷᠣᠨ ᠭᠡᠵᠦ ᠦᠭᠡᠢ᠂ ᠬᠤᠭ ᠨᠣᠪᠰᠢ ᠶᠢᠨ ᠦᠬᠦᠮᠡᠯ ᠭᠠᠵᠠᠷ ᠭᠡᠵᠦ ᠦᠭᠡᠢ᠃ | ᠬᠤᠲᠠ ᠶᠢᠨ ᠲᠣᠭᠤᠷᠢᠭ ᠤᠨ ᠠᠷᠢᠭᠤᠨ ᠴᠡᠪᠡᠷ ᠤᠨ ᠠᠷᠢᠭᠤᠨ ᠴᠡᠪᠡᠷ ᠤᠨ ᠠᠷᠢᠭᠤᠨ ᠴᠡᠪᠡᠷ ᠤᠨ ᠪᠠᠶᠢᠳᠠᠯ | ᠦᠨᠳᠦᠰᠦᠨ ᠳᠡᠭᠡᠨ ᠵᠠᠶ ᠵᠠᠪᠰᠠᠷ ᠦᠭᠡᠢ᠂ ᠪᠦᠬᠦᠨ ᠢ ᠴᠡᠪᠡᠷᠯᠡᠬᠦ ᠳᠦᠷᠰᠦ ᠪᠠᠶᠢᠳᠠᠯ ᠢ ᠦᠨᠳᠦᠰᠦᠨ ᠳᠡᠭᠡᠨ | ᠪᠡᠶᠡᠯᠡᠭᠦᠯᠪᠡ᠃ | 3. ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠃ ᠮᠠᠨ ᠤ ᠲᠣᠪᠴᠢᠶ᠎ᠠ ᠬᠤᠭ ᠨᠣᠪᠰᠢ ᠲᠡᠭᠡᠭᠡᠪᠦᠷᠢᠯᠡᠬᠦ | ᠲᠡᠷᠭᠡ ᠪᠣᠯᠤᠨ ᠬᠤᠭ ᠨᠣᠪᠰᠢ ᠶᠢᠨ ᠰᠠᠭᠤᠯᠠᠭ᠎ᠠ ᠶᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠰᠠᠭᠤᠷᠢᠨ | ᠳᠡᠭᠡᠷ᠎ᠡ᠂ ᠪᠠᠰᠠ ᠵᠡᠭᠡᠯᠢ ᠳᠠᠭᠠᠤ ᠬᠤᠳᠠᠯᠳᠤᠭᠠᠨ ᠤ ᠡᠷᠦᠬᠡ᠂ ᠰᠠᠭᠤᠭᠠᠯᠢ ᠠᠷᠠᠳ ᠲᠤ ᠵᠢᠵᠢᠭ ᠬᠡᠯᠪᠡᠷᠢ ᠶᠢᠨ ᠬᠤᠭ | ᠨᠣᠪᠰᠢ ᠶᠢᠨ ᠰᠠᠭᠤᠯᠠᠭ᠎ᠠ ᠶᠢ ᠰᠦᠢᠳᠬᠡᠯ ᠬᠤᠷᠢᠶᠠᠬᠤ ᠦᠭᠡᠢ ᠪᠠᠷ ᠲᠠᠯᠪᠢᠵᠤ ᠥᠭᠴᠡᠶ᠃ 2016 ᠣᠨ ᠳᠤ 362 | ᠨᠢᠴᠦᠭᠦᠨ ᠬᠤᠭ ᠨᠣᠪᠰᠢ ᠶᠢᠨ ᠴᠢᠭ ᠢ ᠬᠦᠴᠦᠨ ᠦᠭᠡᠢ ᠪᠣᠯᠭᠠᠵᠤ᠂ ᠭᠤᠤᠯ ᠪᠣᠯᠬᠤ ᠵᠡᠭᠡᠯᠢ ᠭᠤᠳᠤᠮᠵᠢ ᠶᠢᠨ 34 | ᠲᠣᠮᠣ ᠬᠡᠯᠪᠡᠷᠢ ᠶᠢᠨ ᠬᠤᠭ ᠨᠣᠪᠰᠢ ᠶᠢᠨ ᠬᠠᠶᠢᠷᠴᠠᠭ ᠢ ᠬᠦᠴᠦᠨ ᠥᠬᠡᠶ ᠪᠣᠯᠭᠠᠵᠤ᠂ ᠬᠤᠭ ᠨᠣᠪᠰᠢ ᠶᠢ ᠴᠡᠪᠡᠷᠯᠡᠨ | ᠲᠡᠭᠡᠭᠡᠪᠦᠷᠢᠯᠡᠬᠦ ᠦᠶᠡᠰ ᠣᠷᠴᠢᠨ ᠲᠣᠭᠤᠷᠢᠨ ᠢ ᠬᠤᠶᠠᠳᠠᠬᠢ ᠤᠳᠠᠭ᠎ᠠ ᠪᠤᠬᠢᠷᠳᠤᠭᠤᠯᠬᠤ ᠠᠴᠠ ᠪᠦᠲᠦᠮᠵᠢᠲᠡᠶ | ᠵᠠᠶᠢᠯᠠᠰᠬᠢᠵᠡᠶ᠃ ᠬᠤᠭ ᠨᠣᠪᠰᠢ ᠴᠤᠭᠯᠠᠭᠤᠯᠬᠤ ᠲᠡᠷᠭᠡ ᠪᠦᠬᠦᠯᠢ ᠡᠳᠦᠷ ᠢᠶᠠᠷ ᠵᠡᠭᠡᠯᠢ ᠳᠠᠭᠠᠤ ᠬᠤᠭ ᠨᠣᠪᠰᠢ | ᠴᠤᠭᠯᠠᠭᠤᠯᠤᠭᠰᠠᠨ ᠨᠢ᠂ ᠥᠩᠭᠡᠷᠡᠭᠰᠡᠨ ᠤ ᠰᠠᠭᠤᠭᠠᠯᠢ ᠠᠷᠠᠳ᠂ ᠬᠤᠳᠠᠯᠳᠤᠭᠠᠴᠢᠨ ᠡᠷᠦᠬᠡ ᠳᠤᠷ᠎ᠠ ᠪᠠᠷ ᠢᠶᠠᠨ ᠬᠤᠭ | ᠨᠣᠪᠰᠢ ᠬᠠᠶᠠᠵᠤ ᠤᠷᠴᠢᠨ ᠲᠣᠭᠤᠷᠢᠨ ᠢ ᠪᠣᠬᠢᠷᠲᠤᠭᠤᠯᠬᠤ ᠠᠴᠠ ᠪᠦᠲᠦᠮᠵᠢᠲᠡᠶ ᠵᠠᠶᠢᠯᠠᠰᠬᠢᠵᠦ ᠴᠢᠳᠠᠭᠰᠠᠨ ᠪᠠᠶᠢᠨ᠎ᠠ᠃ | ᠡᠭᠦᠨ ᠤ ᠳᠤ ᠬᠠᠮᠲᠤ ᠮᠧᠬᠠᠨᠢᠭ ᠵᠢᠴᠢ ᠠᠵᠢᠯᠲᠠᠨ ᠢ ᠵᠣᠬᠢᠶᠠᠨ ᠪᠠᠶᠢᠭᠤᠯᠤᠨ ᠬᠤᠲᠠ ᠬᠥᠳᠡᠭᠡ ᠶᠢᠨ | ᠠᠭᠤᠯᠵᠠᠭᠤᠷ ᠲᠤ ᠬᠤᠷᠠᠮᠳᠤᠭᠰᠠᠨ ᠠᠮᠢᠳᠤᠷᠠᠯ ᠤᠨ ᠬᠤᠭ ᠨᠣᠪᠰᠢ ᠪᠠ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠵᠦ | ᠂ 6 ᠲᠦᠮᠡ ᠭᠠᠷᠤᠶ ᠲᠣᠨ ᠬᠤᠭ ᠨᠣᠪᠰᠢ ᠶᠢ ᠴᠡᠪᠡᠷᠯᠡᠨ ᠠᠷᠢᠯᠭᠠᠨ᠎ᠠ᠃ ᠣᠳᠣ ᠮᠠᠨ ᠤ ᠰᠢᠶᠠᠨ ᠤ ᠬᠤᠲᠠ | ᠲᠣᠭᠤᠷᠢᠭ ᠲᠤ ᠬᠤᠭ ᠨᠣᠪᠰᠢ ᠣᠪᠣᠭᠠᠯᠠᠵᠤ ᠪᠠᠶᠢᠬᠤ ᠶᠢ ᠦᠨᠳᠦᠰᠦᠨ ᠳᠡᠭᠡᠨ ᠣᠯᠵᠤ ᠦᠵᠡᠭᠳᠡᠬᠦ ᠦᠭᠡᠢ᠂ | ᠠᠮᠢᠳᠤᠷᠠᠯ ᠤᠨ ᠬᠤᠭ ᠨᠣᠪᠰᠢ ᠠᠰᠬᠠᠵᠤ ᠴᠢᠳᠬᠤᠭᠰᠠᠨ ᠨᠢ ᠡᠮᠬᠢ ᠵᠢᠷᠤᠮ ᠲᠠᠢ᠂ ᠴᠡᠪᠡᠷ ᠴᠡᠮᠴᠡᠭᠡᠷ ᠪᠣᠯᠵᠠᠶ᠃ | 4. ᠨᠡᠶᠢᠲᠡ ᠶᠢᠨ ᠵᠣᠷᠯᠣᠩ ᠢ ᠬᠠᠮᠢᠶᠠᠷᠴᠤ ᠬᠠᠮᠠᠭᠠᠯᠠᠨ᠎ᠠ᠃ ᠪᠦᠲᠦᠭᠡᠨ ᠪᠠᠶᠢᠭᠤᠯᠬᠤ᠂ ᠬᠠᠮᠢᠶᠠᠷᠬᠤ᠂ ᠴᠡᠪᠡᠷᠯᠡᠨ | ᠭᠠᠷᠭᠠᠬᠤ ᠭᠤᠷᠪᠠ ᠶᠢ ᠨᠢᠭᠡ ᠴᠣᠭᠴᠠᠵᠢᠭᠤᠯᠤᠭᠰᠠᠨ ᠣᠯᠠᠨ ᠨᠡᠶᠢᠲᠡ ᠶᠢᠨ ᠵᠣᠷᠯᠣᠩ ᠤᠨ ᠬᠠᠮᠢᠶᠠᠷᠤᠯᠲᠠ | ᠬᠠᠮᠠᠭᠠᠯᠠᠯᠲᠠ ᠶᠢᠨ ᠲᠣᠭᠲᠠᠴᠠ ᠶᠢᠨ ᠠᠵᠢᠯᠯᠠᠭᠠᠨ ᠰᠠᠶᠢᠨ ᠪᠠᠶᠢᠵᠤ᠂ ᠬᠤᠲᠠ ᠲᠣᠭᠤᠷᠢᠭ ᠤᠨ ᠳᠣᠲᠣᠭᠠᠳᠤ ᠬᠠᠭᠤᠷᠠᠶ | ᠵᠣᠷᠯᠣᠩ᠂ ᠤᠰᠤᠨ ᠵᠣᠷᠯᠣᠩ᠂ ᠣᠷᠴᠢᠨ ᠲᠣᠭᠤᠷᠢᠨ ᠢ ᠬᠠᠮᠠᠭᠠᠯᠠᠬᠤ ᠵᠣᠷᠯᠣᠩ ᠢ ᠲᠤᠰᠬᠠᠶ ᠬᠥᠮᠦᠨ ᠴᠡᠪᠡᠷᠯᠡᠵᠡᠶ᠃ | ᠬᠡᠷᠡᠭᠴᠡᠭᠡ ᠶᠣᠰᠣᠭᠠᠷ ᠴᠡᠪᠡᠷᠯᠡᠨ ᠭᠠᠷᠭᠠᠵᠤ᠂ ᠲᠣᠭᠲᠠᠭᠰᠠᠨ ᠴᠠᠭ ᠲᠤ ᠴᠡᠪᠡᠷᠯᠡᠨ ᠱᠦᠭᠦᠷᠳᠡᠵᠦ᠂ ᠰᠠᠭᠤᠭᠠᠯᠢ | ᠠᠷᠠᠳ ᠤᠨ ︽ᠵᠣᠷᠯᠣᠩ ᠬᠦᠴᠢᠷᠲᠡᠶ︾᠂ ᠨᠡᠶᠢᠲᠡ ᠶᠢᠨ ᠵᠣᠷᠯᠣᠩ ᠤᠨ ᠣᠷᠴᠢᠨ ᠲᠣᠭᠤᠷᠢᠨ ᠠᠨᠠᠶ ᠵᠡᠷᠭᠡ | ᠠᠰᠠᠭᠤᠳᠠᠯ ᠢ ᠠᠩᠬ᠎ᠠ ᠠᠯᠬᠤᠮ ᠰᠢᠢᠳᠪᠦᠷᠢᠯᠡᠪᠡ᠃ | ︵ᠭᠤᠷᠪᠠ︶ ᠬᠤᠲᠠ ᠶᠢᠨ ᠦᠵᠡᠮᠵᠢ ᠬᠤᠲᠠ ᠶᠢᠨ ᠳᠦᠷᠰᠦ ᠪᠠᠶᠢᠳᠠᠯ ᠤᠨ ᠬᠠᠮᠢᠶᠠᠷᠤᠯᠲᠠ | 1. ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠨᠢᠭᠡ ᠳᠤ | ᠮᠠᠨ ᠤ ᠰᠢᠶᠠᠨ ᠤ ᠬᠤᠲᠠ ᠲᠣᠭᠤᠷᠢᠭ ᠤᠨ ᠬᠤᠲᠠ ᠶᠢᠨ ᠳᠦᠷᠢ ᠲᠥᠷᠬᠦ ᠶᠢ ᠥᠨᠳᠥᠷ ᠪᠠᠷᠢᠮᠵᠢᠶ᠎ᠠ ᠪᠠᠷ ᠴᠡᠭᠴᠡᠯᠡᠨ | ᠵᠠᠰᠠᠬᠤ ᠶᠢᠨ ᠲᠥᠯᠥᠭᠡ᠂ ᠮᠠᠨ ᠤ ᠲᠣᠪᠴᠢᠶ᠎ᠠ ᠣᠯᠠᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠲᠣᠮᠢᠯᠠᠨ ᠵᠢᠨᠢᠩ | ᠵᠡᠷᠭᠡ ᠡᠷᠬᠢᠨ ᠲᠣᠭᠤᠷᠢᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠣᠴᠢᠭᠤᠯᠵᠤ ᠲᠤᠬᠠᠶ ᠶᠢᠨ | ᠭᠠᠵᠠᠷ ᠲᠤᠨᠢ ᠰᠤᠷᠤᠯᠴᠠᠪᠠ᠃ ᠪᠠᠰᠠ ᠵᠢᠨᠢᠩ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ | ᠬᠡᠷᠡᠭᠵᠢᠭᠦᠯᠬᠦ ᠶᠡᠭᠡ ᠠᠩᠭᠢ ᠶᠢ ᠤᠷᠢᠵᠤ ᠮᠠᠨ ᠤ ᠲᠣᠪᠴᠢᠶ᠎ᠠ ᠶᠢᠨ ᠬᠤᠲᠠ ᠶᠢᠨ ᠦᠵᠡᠮᠵᠢ ᠶᠢᠨ ᠬᠠᠤᠯᠢ ᠬᠡᠷᠡᠭᠵᠢᠭᠦᠯᠬᠦ | ᠠᠵᠢᠯ ᠢ ᠲᠤᠬᠠᠶ ᠶᠢᠨ ᠭᠠᠵᠠᠷ ᠳᠤᠨᠢ ᠵᠢᠭᠠᠨ ᠵᠢᠯᠣᠭᠤᠳᠪᠠ᠃ ᠬᠤᠶᠠᠷ ᠲᠤ ᠮᠠᠨ ᠤ ᠲᠣᠪᠴᠢᠶ᠎ᠠ ᠬᠤᠲᠠ ᠶᠢᠨ | ᠬᠠᠮᠢᠶᠠᠷᠤᠯᠲᠠ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠭᠡᠨ ᠢᠶᠠᠷ ᠤᠬᠠᠭᠤᠯᠤᠭᠰᠠᠨ ᠰᠠᠭᠤᠷᠢᠨ | ᠳᠡᠭᠡᠷ᠎ᠡ᠂ ᠬᠤᠲᠠ ᠶᠢᠨ ᠳᠦᠷᠰᠦ ᠪᠠᠶᠢᠳᠠᠯ ᠤᠨ ᠲᠣᠭᠲᠠᠭᠠᠯ ᠠᠴᠠ ᠵᠦᠷᠢᠴᠡᠭᠰᠡᠨ ᠬᠤᠳᠠᠯᠳᠤᠭᠠᠴᠢᠨ ᠳᠤ ᠲᠣᠭᠲᠠᠮᠠᠯ | ᠪᠤᠰᠤ ᠬᠤᠭᠤᠴᠠᠭ᠎ᠠ ᠲᠠᠢ ᠪᠠᠷ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠪᠠ︔ | ᠲᠣᠭᠲᠠᠮᠠᠯ ᠬᠤᠭᠤᠴᠠᠭ᠎ᠠ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠣᠨᠴᠠ ᠴᠠᠭᠳᠠᠭᠠᠨ ᠤ ᠵᠣᠬᠢᠶᠠᠨ | ᠪᠠᠶᠢᠭᠤᠯᠤᠯᠲᠠ ᠲᠠᠢ ᠬᠤᠯᠪᠣᠭᠠᠯᠠᠨ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠡᠮᠬᠢ | ᠵᠢᠷᠤᠮ ᠤᠨ ︽ᠲᠣᠤᠷ ᠲᠠᠲᠠᠬᠤ ᠮᠠᠶ᠋ᠢᠭ︾ ᠤᠨ ᠶᠡᠷᠦᠩᠬᠡᠶᠢᠯᠡᠭᠰᠡᠨ ᠵᠠᠰᠠᠯᠲᠠ ᠶᠢ ᠥᠷᠨᠢᠭᠦᠯᠪᠡ︔ ᠬᠤᠳᠠᠯᠳᠤᠭᠠᠨ ᠤ | ᠡᠷᠦᠬᠡ ᠶᠢᠨ ᠡᠭᠦᠳᠡᠨ ᠡᠮᠦᠨ᠎ᠡ ᠲᠠᠯᠪᠢᠭᠰᠠᠨ ᠬᠥᠳᠡᠯᠭᠡᠭᠡᠨ ᠤ ᠵᠠᠷ ᠮᠡᠳᠡᠭᠡᠨ ᠤ ᠫᠠᠶᠢᠰᠠ᠂ ᠡᠳ᠋ ᠪᠠᠷᠠᠭ᠎ᠠ᠂ ᠡᠯᠳᠡᠪ | ᠶᠠᠭᠤᠮ᠎ᠠ ᠵᠡᠷᠭᠡ ᠶᠢ ᠣᠯᠠᠨ ᠤᠳᠠᠭ᠎ᠠ ᠰᠢᠢᠳᠪᠦᠷᠢᠯᠡᠵᠦ᠂ ᠵᠡᠭᠡᠯᠢ ᠳᠠᠭᠠᠤ ᠶᠢᠨ ᠬᠤᠳᠠᠯᠳᠤᠭᠠᠴᠢᠨ ᠡᠷᠦᠬᠡ ᠶᠢᠨ | ᠣᠷᠴᠢᠮ ᠤᠨ ᠬᠠᠭᠤᠴᠢᠨ ᠵᠢᠯ ᠤᠨ ᠬᠤᠭ ᠨᠣᠪᠰᠢ ᠶᠢ ᠬᠠᠮᠲᠤ ᠳᠤᠨᠢ ᠴᠡᠪᠡᠷᠯᠡᠨ᠎ᠡ︔ ᠦᠵᠡᠮᠦᠷᠢ ᠶᠢᠨ ᠴᠣᠩᠬᠤᠨ ᠤ | ᠰᠢᠯ ᠳᠡᠭᠡᠷᠡᠬᠢ ᠵᠠᠷ ᠮᠡᠳᠡᠭᠡᠨ ᠤ ᠥᠰᠥᠭ ᠤᠨ ᠣᠷᠣᠮ ᠢ ᠴᠢᠩᠭ᠎ᠠ ᠬᠢᠨᠠᠨ ᠬᠠᠮᠢᠶᠠᠷᠴᠤ᠂ ᠣᠯᠵᠤ ᠮᠡᠳᠡᠮᠡᠭᠴᠡ ᠳᠠᠷᠤᠶ | ᠴᠡᠪᠡᠷᠯᠡᠨ ᠠᠷᠢᠯᠭᠠᠪᠠ᠃ ᠭᠤᠷᠪᠠ ᠳᠤ 2016 ᠣᠨ ᠳᠤ ᠲᠦᠩ ᠯᠧ ᠠᠭᠤᠳᠠᠮ ᠲᠠᠯᠠᠪᠠᠢ ᠶᠢᠨ ᠡᠷᠭᠢᠨ | ᠲᠣᠭᠤᠷᠢᠨ ᠤ ᠰᠢᠷᠠᠯᠠᠭ᠎ᠠ ᠶᠢᠨ ᠳᠡᠯᠭᠡᠭᠦᠷ ᠤᠨ ᠡᠭᠦᠳᠡ ᠠᠯᠤᠰᠯᠠᠨ ᠲᠠᠯᠪᠢᠵᠤ ᠪᠠᠶᠢᠭ᠎ᠠ ᠰᠢᠷᠠᠯᠠᠭ᠎ᠠ ᠶᠢᠨ ᠵᠤᠤᠬ᠎ᠠ ᠶᠢ | ᠪᠦᠬᠦᠨ ᠢ ᠬᠦᠴᠦᠨ ᠦᠭᠡᠢ ᠪᠣᠯᠭᠠᠪᠠ᠃ ᠣᠯᠠᠨ ᠵᠢᠯ ᠤᠨ ᠲᠤᠷᠰᠢ ᠰᠢᠢᠳᠪᠦᠷᠢᠯᠡᠬᠦ ᠳᠤ ᠬᠦᠴᠢᠷ ᠠᠰᠠᠭᠤᠳᠠᠯ ᠢ | ᠰᠢᠢᠳᠪᠦᠷᠢᠯᠡᠪᠡ᠃ ᠲᠦᠷᠪᠡ ᠳᠤ ᠨᠡᠭᠦᠳᠡᠯ ᠳᠡᠯᠭᠡᠭᠦᠷᠴᠢᠨ ᠢ ᠬᠥᠲᠥᠯᠥᠨ ᠵᠢᠯᠣᠭᠤᠳᠴᠤ᠂ ᠲᠥᠪᠬᠢᠨᠡᠭᠦᠯᠦᠨ᠎ᠡ᠃ | ᠳ᠋ᠠᠴᠢᠩ ᠵᠡᠭᠡᠯᠢ᠂ ᠵᠡᠭᠦᠨ ᠵᠡᠭᠡᠯᠢ᠂ ᠯᠦᠩ ᠱᠧᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ | ᠪᠠᠶᠢᠭᠤᠯᠤᠭᠳᠠᠭᠰᠠᠨ ᠪᠥᠭᠡᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠮᠠᠨ ᠤ ᠲᠣᠪᠴᠢᠶ᠎ᠠ ᠪᠠᠰᠠ ᠲᠤᠰᠬᠠᠶ | ᠠᠵᠢᠯᠲᠠᠨ ᠢ ᠵᠣᠬᠢᠶᠠᠨ ᠪᠠᠶᠢᠭᠤᠯᠵᠤ ᠨᠡᠭᠦᠳᠡᠯ ᠳᠡᠯᠭᠡᠭᠦᠷᠴᠢᠨ ᠢ ᠴᠠᠭ ᠲᠤᠬᠠᠶ ᠲᠤᠨᠢ ᠲᠣᠮᠢᠯᠠᠨ ᠰᠠᠭᠤᠯᠭᠠᠪᠠ᠃ | ᠴᠡᠭᠴᠡᠯᠡᠨ ᠵᠠᠰᠠᠭᠰᠠᠨ ᠤ ᠳᠠᠷᠠᠭ᠎ᠠ᠂ ᠣᠳᠣ ᠮᠠᠨ ᠤ ᠰᠢᠶᠠᠨ ᠤ ᠬᠤᠲᠠ ᠶᠢᠨ ᠲᠣᠭᠤᠷᠢᠭ ᠤᠨ ᠭᠤᠣᠯ ᠵᠡᠭᠡᠯᠢ | ᠲᠣᠭᠤᠷᠢᠭ᠂ ᠰᠠᠯᠪᠤᠷᠢ ᠱᠤᠭᠤᠮ ᠤᠨ ᠵᠡᠭᠡᠯᠢ ᠲᠤᠭᠤᠷᠢᠭ ᠲᠤ ᠵᠡᠭᠡᠯᠢ ᠳᠠᠭᠠᠤ ᠳᠡᠯᠭᠡᠨ ᠬᠤᠳᠠᠯᠳᠤᠬᠤ ᠴᠡᠭ | ᠪᠠᠶᠢᠭᠤᠯᠬᠤ᠂ ᠡᠭᠦᠳᠡ ᠠᠯᠤᠰᠯᠠᠨ ᠳᠡᠯᠭᠡᠨ ᠦᠵᠡᠭᠦᠯᠬᠦ ᠡᠵᠡᠩᠨᠡᠯᠲᠡ᠂ ᠵᠡᠭᠡᠯᠢ ᠳᠠᠭᠠᠤ ᠨᠡᠭᠦᠳᠡᠯ ᠬᠤᠳᠠᠯᠳᠤᠭ᠎ᠠ ᠬᠢᠬᠦ᠂ | ᠱᠤᠤᠭᠢᠶᠠᠨ ᠢᠶᠠᠷ ᠠᠷᠠᠳ ᠢ ᠲᠦᠢᠪᠡᠭᠡᠬᠦ ᠵᠡᠷᠭᠡ ᠦᠢᠯᠡ ᠠᠵᠢᠯᠯᠠᠭ᠎ᠠ ᠶᠢ ᠦᠨᠳᠦᠰᠦᠨ ᠳᠡᠭᠡᠨ ᠲᠡᠪᠴᠢᠵᠦ᠂ ᠠᠩᠬ᠎ᠠ | ᠠᠯᠬᠤᠮ ᠬᠤᠳᠠᠯᠳᠤᠭᠠᠴᠢᠨ ᠢ ᠳᠡᠯᠭᠡᠭᠦᠷ ᠲᠤ ᠪᠤᠴᠠᠭᠠᠬᠤ᠂ ᠬᠥᠳᠡᠭᠡ ᠠᠵᠤ ᠠᠬᠤᠢ ᠠᠷᠠᠯᠵᠢᠶ᠎ᠠ ᠶᠢ ᠲᠠᠯᠠᠪᠠᠢ ᠳᠤ | ᠪᠤᠴᠠᠭᠠᠬᠤ᠂ ᠬᠤᠳᠠᠯᠳᠤᠭᠠᠴᠢᠨ ᠢ ᠵᠠᠬ᠎ᠠ ᠳᠡᠯᠭᠡᠭᠦᠷ ᠲᠤ ᠣᠷᠣᠭᠤᠯᠬᠤ᠂ ᠪᠣᠯᠪᠠᠰᠤᠨ ᠢᠶᠠᠷ ᠡᠵᠡᠩᠨᠡᠬᠦ ᠶᠢ | ᠪᠡᠶᠡᠯᠡᠭᠦᠯᠪᠡ᠃ | 2. ᠫᠠᠶᠢᠰᠠ ᠢᠯᠡᠷᠬᠡᠶᠢᠯᠡᠯ ᠤᠨ ᠵᠠᠷ ᠮᠡᠳᠡᠭᠡ ᠶᠢᠨ ᠪᠠᠶᠢᠷᠢᠯᠠᠭᠤᠯᠤᠯᠲᠠ ᠶᠢ ᠵᠢᠷᠤᠮᠵᠢᠭᠤᠯᠬᠤ ᠬᠡᠷᠡᠭᠲᠡᠶ᠃ | ᠨᠢᠭᠡ ᠳᠤ ︽ᠨᠢᠭᠡ ᠳᠠᠪᠬᠤᠷᠭ᠎ᠠ ᠨᠢᠭᠡ ᠱᠤᠭᠤᠮ᠂ ᠨᠢᠭᠡ ᠵᠡᠭᠡᠯᠢ ᠨᠢᠭᠡ ᠦᠵᠡᠮᠵᠢ᠂ ᠮᠣᠩᠭᠤᠯ ᠬᠢᠲᠠᠳ ᠤᠶᠠᠯᠳᠤᠬᠤ︾ | ᠪᠠᠷᠢᠮᠵᠢᠶ᠎ᠠ ᠶᠣᠰᠣᠭᠠᠷ᠂ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠨ ᠳᠤᠷ᠎ᠠ ᠪᠠᠷ ᠢᠶᠠᠨ ᠲᠣᠬᠢᠷᠠᠭᠤᠯᠤᠭᠰᠠᠨ | ᠵᠠᠷ ᠤᠨ ᠫᠠᠶᠢᠰᠠ ᠶᠢ ᠴᠥᠮ ᠠᠯᠪᠠᠳᠠᠨ ᠨᠤᠷᠠᠭᠠᠯᠭᠠᠨ᠎ᠠ︔ ᠬᠤᠶᠠᠷ ᠲᠤ᠂ ᠵᠠᠰᠠᠭ ᠤᠨ ᠣᠷᠳᠣᠨ ᠤ ᠶᠡᠬᠡᠩᠬᠢ ᠬᠡᠰᠡᠭ᠂ | ᠬᠤᠳᠠᠯᠳᠤᠭᠠᠴᠢᠨ ᠡᠷᠦᠬᠡ ᠴᠥᠭᠡᠨ ᠬᠡᠰᠡᠭ ᠪᠠᠯᠠ ᠴᠤᠭᠯᠠᠭᠤᠯᠬᠤ ᠲᠥᠰᠦᠯ ᠶᠣᠰᠣᠭᠠᠷ ᠲᠣᠰ ᠲᠣᠰ 2016 ᠤᠨ᠂ | 2017 ᠣᠨ ᠳᠤ ᠤᠷᠢᠳ ᠬᠤᠵᠢᠳ 200 ᠭᠠᠷᠤᠶ ᠲᠦᠮᠡᠨ ᠲᠥᠭᠦᠷᠢᠭ ᠤᠨ ᠪᠠᠯᠠ ᠮᠥᠩᠭᠦ ᠴᠤᠭᠯᠠᠭᠤᠯᠵᠤ᠂ | ᠬᠠᠭᠤᠴᠢᠷᠬᠠᠰᠠᠨ᠂ ᠡᠪᠳᠡᠷᠡᠵᠦ ᠰᠦᠢᠳᠦᠭᠰᠡᠨ ᠵᠢᠴᠢ ᠮᠣᠩᠭᠤᠯ ᠬᠡᠯᠡᠨ ᠤ ᠪᠠᠶᠢᠷᠢᠯᠠᠭᠤᠯᠤᠯᠲᠠ ᠨᠢ ᠳᠦᠷᠢᠮᠵᠢᠯ ᠦᠭᠡᠢ | ᠡᠭᠦᠳᠡᠨ ᠫᠠᠶᠢᠰᠠ ᠶᠢᠨ ᠢᠯᠡᠷᠬᠡᠶᠢᠯᠡᠯ ᠢ ᠨᠢᠭᠡᠳᠦᠯᠲᠡᠢ ᠰᠣᠯᠢᠪᠠ᠃ ᠭᠤᠷᠪᠠ ᠳᠤ ᠰᠢᠨ᠎ᠡ ᠪᠠᠷ ᠪᠠᠶᠢᠭᠤᠯᠤᠭᠰᠠᠨ ᠡᠭᠦᠳᠡᠨ | ᠫᠠᠶᠢᠰᠠ ᠶᠢᠨ ᠢᠯᠡᠷᠬᠡᠶᠢᠯᠡᠯᠲᠡ ᠳᠤ ᠤᠷᠢᠳᠠᠪᠠᠷ ᠬᠢᠨᠠᠨ ᠵᠦᠪᠰᠢᠶᠡᠷᠡᠵᠦ᠂ ᠳᠠᠷᠠᠭ᠎ᠠ ᠨᠢ ᠪᠠᠶᠢᠷᠢᠯᠠᠭᠤᠯᠬᠤ ᠲᠦᠷᠢᠮ ᠢ | ᠴᠢᠩᠭ᠎ᠠ ᠬᠡᠷᠡᠭᠵᠢᠭᠦᠯᠦᠨ᠎ᠡ᠃ | 3. ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠬᠡᠷᠡᠭᠲᠡᠶ᠃ ᠵᠠᠬ᠎ᠠ | ᠳᠡᠯᠭᠡᠭᠦᠷ ᠤᠨ ᠬᠠᠮᠢᠶᠠᠷᠤᠯᠲᠠ ᠶᠢᠨ ᠲᠤᠰᠬᠠᠶ ᠠᠵᠢᠯᠲᠠᠨ ᠢ ᠦᠷᠭᠦᠯᠵᠢᠯᠡᠨ ᠲᠣᠮᠢᠯᠠᠵᠤ ᠳ᠋ᠠᠴᠢᠩ ᠵᠡᠭᠡᠯᠢ ᠶᠢᠨ | ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠯᠦᠩ ᠱᠧᠩ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠪᠣᠯᠤᠨ | ᠵᠡᠭᠦᠨ ᠵᠡᠭᠡᠯᠢ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠰᠠᠭᠤᠯᠭᠠᠨ᠎ᠠ᠃ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠡᠮᠬᠢ ᠳᠢᠭᠯᠢᠮ ᠳᠤ ᠪᠦᠬᠦ ᠴᠠᠭ ᠤᠨ ᠬᠢᠨᠠᠯᠲᠠ ᠬᠠᠮᠢᠶᠠᠷᠤᠯᠲᠠ ᠬᠢᠵᠦ᠂ ᠪᠣᠷᠣᠯᠠᠭᠤᠯᠭ᠎ᠠ ᠨᠢ ᠡᠮᠬᠢ | ᠵᠢᠷᠤᠮ ᠲᠠᠢ᠂ ᠪᠠᠷᠠᠭ᠎ᠠ ᠬᠤᠳᠠᠯᠳᠤᠨ ᠠᠪᠬᠤ ᠳᠤ ᠲᠠᠭᠠᠯᠠᠮᠵᠢᠲᠠᠶ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ | ᠪᠣᠯᠭᠠᠬᠤ ᠬᠡᠷᠡᠭᠲᠡᠶ᠃ ᠵᠢᠵᠢᠭ ᠳᠡᠯᠭᠡᠭᠦᠷᠴᠢᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠡᠷᠭᠢᠨ | ᠲᠣᠭᠤᠷᠢᠨ ᠳᠤ ᠶᠠᠪᠤᠭᠤᠯᠤᠭᠰᠠᠨ ᠬᠤᠳᠠᠯᠳᠤᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ | ᠬᠡᠷᠡᠭᠴᠡᠭᠡ ᠪᠠᠨ ᠦᠨᠳᠦᠰᠦᠯᠡᠨ᠂ ᠲᠦᠷ ᠴᠠᠭ ᠤᠨ ᠵᠠᠬ᠎ᠠ ᠳᠡᠯᠭᠡᠭᠦᠷ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠢ | ᠨᠡᠭᠡᠭᠡᠬᠦ ᠪᠠ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃ | 4. ᠬᠤᠲᠠ ᠶᠢᠨ ᠬᠠᠷᠠᠭᠠᠨ ᠰᠡᠷᠡᠯ ᠤᠨ ᠪᠣᠬᠢᠷᠲᠤᠯ ᠢ ᠠᠷᠢᠯᠭᠠᠨ᠎ᠠ᠃ ᠨᠢᠭᠡ ᠳᠤ ᠤᠬᠠᠭᠤᠯᠵᠤ ᠬᠥᠲᠥᠯᠥᠨ | ᠵᠢᠯᠣᠭᠤᠳᠬᠤ ᠪᠠᠨ ᠴᠢᠩᠭᠠᠳᠬᠠᠵᠤ᠂ ᠪᠠᠶᠢᠴᠠᠭᠠᠬᠤ᠂ ᠪᠥᠭᠯᠡᠬᠦ᠂ ᠱᠤᠸᠠᠰᠠᠳᠠᠬᠤ ᠵᠡᠷᠭᠡ ᠠᠷᠭ᠎ᠠ ᠬᠡᠮᠵᠢᠶ᠎ᠡ ᠶᠢ | ᠶᠡᠷᠦᠩᠬᠡᠶᠢᠯᠡᠨ ᠠᠪᠴᠤ᠂ ᠬᠤᠲᠠ ᠶᠢᠨ ᠲᠣᠭᠤᠷᠢᠭ ᠤᠨ ᠬᠦᠷᠢᠶ᠎ᠡ ᠬᠡᠪᠴᠢᠶᠡᠨ ᠤ ︽ᠭᠤᠷᠪᠠᠨ ᠳᠤᠷ᠎ᠠ ᠪᠠᠷ ᠢᠶᠠᠨ︾ | ᠵᠢᠵᠢᠭ ᠵᠠᠷ ᠮᠡᠳᠡᠭᠡ᠂ ᠬᠤᠲᠠ ᠶᠢᠨ ︽ᠦᠬᠡᠷ ᠤᠨ ᠠᠷᠠᠰᠤᠨ ᠢᠯᠢᠳᠦ︾ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ | ᠳᠤᠷ᠎ᠠ ᠪᠠᠷ ᠢᠶᠠᠨ ᠵᠢᠷᠤᠬᠤ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠲᠠᠲᠠᠬᠤ ᠵᠡᠷᠭᠡ ᠪᠣᠯᠪᠠᠰᠤᠨ ᠪᠤᠰᠤ | ᠤᠶᠢᠯᠡ ᠠᠵᠢᠯᠯᠠᠭ᠎ᠠ ᠢ ᠠᠷᠢᠯᠭᠠᠨ᠎ᠠ᠃ ᠬᠤᠶᠠᠷ ᠲᠤ᠂ ᠥᠷᠭᠡᠨ ᠤᠯᠠᠨ ᠰᠠᠭᠤᠭᠠᠯᠢ ᠠᠷᠠᠳ ᠤᠨ ᠱᠠᠭᠠᠷᠳᠠᠯᠭ᠎ᠠ ᠪᠠᠷ | ᠲᠤᠰᠬᠠᠢ ᠬᠥᠮᠦᠰ ᠢ ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠤᠨ ᠠᠰᠠᠷ ᠤᠨ ᠵᠠᠮ ᠳᠣᠲᠣᠷᠠᠬᠢ ︽ᠭᠤᠷᠪᠠᠨ | ᠡᠷᠦᠢ ᠬᠤᠷᠤᠢ ᠦᠭᠡᠢ︾ ᠵᠢᠵᠢᠭ ᠵᠠᠷ ᠢ ᠤᠯᠠᠨ ᠤᠳᠠᠭ᠎ᠠ ᠬᠤᠰᠤᠵᠤ ᠪᠠᠯᠠᠯᠪᠠ᠃ ᠭᠤᠷᠪᠠ ᠳᠤ ᠬᠤᠲᠠ ᠶᠢᠨ | ᠬᠠᠮᠢᠶᠠᠷᠤᠯᠲᠠ ᠶᠢᠨ ᠬᠠᠯᠠᠭᠤᠨ ᠤᠲᠠᠰᠤ ᠶᠢ ᠨᠡᠪᠲᠡᠷᠡᠭᠦᠯᠦᠨ ᠣᠯᠠᠨ ᠲᠦᠮᠡᠨ ᠤ ᠢᠯᠡᠴᠢᠯᠡᠨ ᠮᠡᠳᠡᠭᠦᠯᠬᠦ ᠶᠢ ᠬᠦᠯᠢᠶᠡᠨ | ᠠᠪᠬᠤ ᠠᠷᠭ᠎ᠠ ᠮᠠᠶ᠋ᠢᠭ ᠢ ᠠᠰᠢᠭᠯᠠ᠂ ᠵᠢᠵᠢᠭ ᠵᠠᠷ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠳᠤ ᠴᠣᠬᠢᠯᠲᠠ | ᠥᠭᠬᠦ ᠡᠷᠴᠢᠮ ᠢᠶᠠᠨ ᠴᠢᠩᠭᠠᠳᠬᠠᠬᠤ ᠬᠡᠷᠡᠭᠲᠡᠶ᠃ | 5᠃ ᠵᠡᠭᠡᠯᠢ ᠳᠠᠭᠠᠤ ᠶᠢᠨ ᠬᠡᠷᠡᠮ ᠢ ᠴᠢᠮᠡᠭᠯᠡᠨ᠎ᠡ . 2016 ᠤᠨ᠂ 2017 ᠣᠨ ᠳᠤ ᠭᠤᠤᠯ ᠵᠡᠭᠡᠯᠢ | ᠭᠤᠳᠤᠮᠵᠢ ᠶᠢᠨ ᠬᠤᠶᠠᠷ ᠬᠠᠵᠠᠭᠤ ᠶᠢᠨ ᠵᠡᠭᠡᠯᠢ ᠳᠠᠭᠠᠤ ᠬᠡᠷᠡᠮ ᠳᠤ ᠲᠣᠰ ᠲᠣᠰ ᠰᠢᠷ ᠪᠤᠳᠤᠭᠯᠠᠯ ᠬᠢᠵᠡᠶ᠃ | 6. ᠲᠡᠨᠦᠭᠦᠯ ᠨᠣᠬᠠᠶ ᠶᠢ ᠪᠠᠷᠢᠬᠤ ᠠᠵᠢᠯ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠪᠠᠶᠢᠨ᠎ᠠ᠃ ᠥᠷᠭᠡᠨ | ᠤᠯᠠᠨ ᠰᠠᠭᠤᠭᠠᠯᠢ ᠠᠷᠠᠳ ᠤᠨ ᠴᠢᠩᠭ᠎ᠠ ᠱᠠᠭᠠᠷᠳᠠᠯᠭ᠎ᠠ ᠪᠠᠷ ᠮᠠᠨ ᠤ ᠲᠤᠪᠴᠢᠶ᠎ᠠ ᠲᠤᠰᠬᠠᠢ ᠬᠥᠮᠦᠨ ᠵᠣᠬᠢᠶᠠᠨ | ᠪᠠᠶᠢᠭᠤᠯᠵᠤ ᠬᠤᠳᠠ ᠶᠢᠨ ᠲᠣᠭᠤᠷᠢᠭ ᠤᠨ ᠲᠡᠨᠦᠭᠦᠯ ᠨᠣᠬᠠᠢ ᠶᠢ ᠤᠯᠠᠨ ᠤᠳᠠᠭ᠎ᠠ ᠪᠠᠷᠢᠪᠴᠢᠯᠠᠪᠠ᠃ ᠪᠠᠰᠠ ᠲᠡᠨᠦᠭᠦᠯ | ᠨᠣᠬᠠᠢ ᠶᠢ ᠲᠥᠪᠯᠡᠷᠡᠭᠦᠯᠦᠨ ᠲᠡᠵᠢᠭᠡᠬᠦ ᠭᠠᠵᠠᠷ ᠢ ᠪᠠᠶᠢᠭᠤᠯᠵᠤ᠂ ᠤᠷᠢᠳ ᠬᠤᠵᠢᠳ 249 ᠨᠤᠬᠠᠢ ᠪᠠᠷᠢᠵᠤ | ᠲᠡᠵᠢᠭᠡᠪᠡ᠃ ᠬᠤᠲᠠ ᠶᠢᠨ ᠳᠣᠲᠣᠷᠠᠬᠢ ᠲᠡᠨᠦᠭᠦᠯ ᠨᠣᠬᠠᠶ ᠴᠥᠭᠡᠷᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ | ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠵᠦ᠂ ᠮᠠᠨ ᠤ ᠰᠢᠶᠠᠨ ᠤ ᠬᠤᠲᠠ ᠲᠣᠭᠤᠷᠢᠭ ᠤᠨ ᠬᠤᠲᠠ ᠶᠢᠨ | ᠲᠣᠭᠤᠷᠢᠭ ᠤᠨ ᠴᠢᠨᠠᠷ ᠳᠡᠰ ᠢ ᠤᠯᠠᠮ ᠨᠢᠭᠡ ᠠᠯᠬᠤᠮ ᠳᠡᠭᠡᠭᠰᠢᠯᠡᠭᠦᠯᠵᠡᠶ᠃ | 7. ᠥᠷᠯᠥᠭᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ᠃ ᠲᠠᠷᠢᠶᠠᠯᠠᠩ | ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ᠂ ᠬᠤᠲᠠ ᠶᠢᠨ ᠲᠣᠭᠤᠷᠢᠭ ᠤᠨ | ᠡᠷᠲᠡ᠂ ᠰᠥᠨᠢ ᠶᠢᠨ ᠵᠠᠬ᠎ᠠ ᠳᠤ ᠲᠤᠰᠬᠠᠶ ᠬᠥᠮᠦᠨ ᠲᠣᠮᠢᠯᠠᠨ ᠬᠠᠮᠢᠶᠠᠷᠤᠯᠲᠠ ᠬᠢᠯᠭᠡᠵᠦ᠂ ᠠᠵᠢᠯᠯᠠᠬᠤ ᠴᠠᠭ ᠲᠤ | ᠬᠠᠮᠢᠶᠠᠷᠤᠯᠲᠠ ᠪᠠᠨ ᠴᠢᠩᠭᠠᠳᠬᠠᠬᠤ ᠠᠴᠠ ᠭᠠᠳᠠᠨ᠎ᠠ᠂ ᠥᠷᠯᠥᠭᠡ᠂ ᠦᠳᠡ᠂ ᠣᠷᠣᠢ ᠪᠠᠰᠠ ᠲᠤᠰᠬᠠᠶ ᠬᠥᠮᠦᠨ | ᠲᠣᠬᠢᠷᠠᠭᠤᠯᠵᠤ ᠦᠷᠭᠦᠯᠵᠢᠯᠡᠨ ᠬᠠᠮᠢᠶᠠᠷᠤᠭᠤᠯᠤᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠠᠲᠤᠯᠠᠬᠤ ᠶᠢᠨ | ᠬᠠᠮᠲᠤ᠂ ᠪᠠᠰᠠ ᠬᠤᠳᠠᠯᠳᠤᠭᠠᠴᠢᠨ ᠪᠣᠯᠤᠨ ᠰᠠᠭᠤᠭᠠᠯᠢ ᠠᠷᠠᠳ ᠲᠤ ᠰᠢᠯᠢᠳᠡᠭ ᠦᠢᠯᠡᠴᠢᠯᠡᠭᠡ ᠬᠠᠩᠭᠠᠵᠤ᠂ | ᠬᠤᠯᠪᠣᠭᠳᠠᠯ ᠪᠦᠬᠦᠢ ᠬᠥᠮᠦᠰ ᠤᠨ ᠰᠠᠶᠢᠨ ᠦᠨᠡᠯᠡᠯᠲᠡ ᠶᠢ ᠣᠯᠵᠠᠶ᠃ | ︵ᠳᠥᠷᠪᠡᠨ︶ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠡᠮᠬᠢ ᠳᠢᠭᠯᠢᠮ ᠢ ᠴᠡᠭᠴᠡᠯᠡᠨ ᠵᠠᠰᠠᠬᠤ | 1. ᠳᠦᠷᠢᠮ ᠠᠴᠠ ᠵᠥᠷᠢᠴᠡᠭᠰᠡᠨ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ᠂ ᠨᠤᠷᠠᠭᠠᠬᠤ ᠡᠷᠴᠢᠮ ᠢ ᠨᠡᠮᠡᠭᠳᠡᠭᠦᠯᠬᠦ | ᠬᠡᠷᠡᠭᠲᠡᠶ᠃ ᠬᠤᠲᠠ ᠶᠢᠨ ᠲᠣᠭᠤᠷᠢᠭ ᠤᠨ ᠬᠡᠪ ᠤᠨ ᠪᠠᠷᠢᠯᠭ᠎ᠠ ᠶᠢᠨ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ᠂ | ᠮᠠᠨ ᠤ ᠲᠣᠪᠴᠢᠶ᠎ᠠ ᠴᠢᠩᠭ᠎ᠠ ᠬᠢᠨᠠᠨ ᠬᠠᠮᠢᠶᠠᠷᠬᠤ᠂ ᠲᠥᠪᠯᠡᠷᠡᠭᠦᠯᠦᠨ ᠨᠤᠷᠠᠭᠠᠬᠤ ᠠᠵᠢᠯ ᠤᠨ ᠲᠣᠭᠲᠠᠴᠠ ᠶᠢ | ᠬᠡᠷᠡᠭᠵᠢᠭᠦᠯᠵᠦ᠂ ᠬᠢᠨᠠᠨ ᠬᠠᠮᠢᠶᠠᠷᠬᠤ ᠪᠠ ᠨᠤᠷᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠳᠦᠷᠢᠮ ᠠᠴᠠ ᠵᠥᠷᠢᠴᠡᠭᠰᠡᠨ 42 ᠪᠠᠷᠢᠯᠭ᠎ᠠ ᠶᠢ ᠨᠤᠷᠠᠭᠠᠵᠤ᠂ ᠨᠡᠶᠢᠲᠡ 2000 ᠭᠠᠷᠤᠶ ᠺᠦᠸᠠᠳ᠋ ᠮᠧᠲᠷ ᠪᠠᠶᠢᠨ᠎ᠠ᠃ | ᠳᠤᠷ᠎ᠠ ᠪᠠᠷ ᠢᠶᠠᠨ ᠪᠠᠶᠢᠭᠤᠯᠬᠤ᠂ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠭᠠᠷᠬᠤ ᠶᠢ ᠪᠦᠲᠦᠮᠵᠢᠲᠡᠶ | ᠬᠤᠷᠢᠭᠯᠠᠨ ᠵᠣᠭᠰᠣᠭᠠᠪᠠ᠃ | 2. ᠰᠢᠷᠣᠶ ᠴᠢᠯᠠᠭᠤ ᠲᠡᠭᠡᠭᠡᠭᠰᠡᠨ ᠲᠡᠷᠭᠡ ᠬᠥᠰᠬᠡ ᠶᠢ ᠦᠯᠦ ᠪᠦᠷᠬᠦᠭᠦᠯᠬᠦ ᠵᠢᠴᠢ ᠰᠢᠪᠡᠷ ᠠᠪᠴᠤ ᠶᠠᠪᠤᠬᠤ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠪᠠᠷᠢᠯᠭ᠎ᠠ ᠶᠢᠨ ᠲᠡᠭᠡᠭᠡᠪᠦᠷᠢ ᠶᠢᠨ ᠲᠡᠷᠭᠡ ᠰᠢᠪᠠᠷ ᠲᠠᠢ ᠵᠠᠮ ᠳᠤ ᠭᠠᠷᠬᠤ᠂ ᠳᠤᠰᠤᠯ ᠭᠤᠭᠤᠵᠢᠭᠤᠯᠤᠨ ᠠᠰᠬᠠᠬᠤ ᠪᠠ | ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠢᠯᠠᠨ ᠬᠠᠶᠠᠵᠤ ᠳᠤᠷ᠎ᠠ ᠪᠠᠷ ᠢᠶᠠᠨ ᠬᠠᠶᠠᠬᠤ ᠦᠢᠯᠡ ᠠᠵᠢᠯᠯᠠᠭ᠎ᠠ ᠶᠢ | ᠴᠢᠩᠭ᠎ᠠ ᠴᠠᠭᠠᠵᠠᠯᠠᠬᠤ ᠬᠡᠷᠡᠭᠲᠡᠶ᠃ ᠲᠡᠷᠭᠡ ᠬᠥᠰᠬᠡ ᠰᠢᠷᠣᠶ ᠶᠢ ᠦᠯᠦ ᠪᠦᠷᠬᠦᠭᠦᠯᠬᠦ ᠵᠢᠴᠢ ᠰᠢᠪᠠᠷ ᠢ ᠠᠪᠴᠤ | ᠵᠠᠮ ᠳᠤ ᠭᠠᠷᠬᠤ ᠵᠡᠷᠭᠡ ᠠᠵᠢᠯᠯᠠᠭ᠎ᠠ ᠶᠢ ᠭᠤᠤᠯᠳᠠᠯᠭ᠎ᠠ ᠲᠠᠢ ᠬᠢᠨᠠᠨ ᠡᠵᠡᠮᠳᠡᠵᠦ᠂ ᠴᠢᠩᠭ᠎ᠠ ᠴᠣᠬᠢᠯᠲᠠ ᠥᠭᠴᠦ᠂ | ᠵᠡᠭᠡᠯᠢ ᠭᠤᠳᠤᠮᠵᠢ᠂ ᠵᠠᠮ ᠤᠨ ᠭᠠᠳᠠᠷᠭᠤ ᠶᠢ ᠪᠣᠬᠢᠷᠲᠤᠭᠤᠯᠤᠭᠰᠠᠨ ᠪᠠ ᠡᠷᠦᠶ ᠬᠤᠷᠤᠶ ᠦᠭᠡᠢ ᠴᠢᠳᠬᠤᠭᠰᠠᠳ ᠢ | ᠴᠥᠮ ᠬᠦᠨᠳᠦ ᠪᠠᠷ ᠲᠣᠷᠭᠠᠭᠰᠠᠨ ᠪᠠᠶᠢᠨ᠎ᠠ᠃ | 3. ᠵᠠᠮ ᠡᠪᠳᠡᠵᠦ ᠠᠵᠢᠯᠯᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠵᠠᠮ ᠡᠪᠳᠡᠵᠦ | ᠠᠵᠢᠯᠯᠠᠬᠤ ᠳᠤ ᠤᠷᠢᠳᠠᠪᠠᠷ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠮ ᠡᠪᠳᠡᠵᠦ ᠠᠵᠢᠯᠯᠠᠬᠤ | ᠴᠢᠬᠤᠯᠠᠲᠠᠢ ᠪᠦᠬᠦᠨ ᠡᠷᠬᠡᠪᠰᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠵᠦ᠂ ᠪᠠᠷᠢᠯᠭ᠎ᠠ ᠪᠠᠷᠢᠬᠤ | ᠬᠤᠭᠤᠴᠠᠭ᠎ᠠ ᠶᠢ ᠲᠣᠳᠣᠷᠬᠠᠢ ᠪᠣᠯᠭᠠᠬᠤ ᠬᠡᠷᠡᠭᠲᠡᠢ᠃ ᠡᠭᠦᠨ ᠤ ᠬᠠᠮᠲᠤ ᠵᠠᠮ ᠤᠨ ᠭᠠᠳᠠᠷᠭᠤ ᠶᠢ ᠰᠡᠷᠭᠦᠭᠡᠬᠦ | ᠪᠠᠲᠤᠯᠠᠭ᠎ᠠ ᠶᠢᠨ ᠮᠥᠩᠭᠦ ᠲᠤᠰᠢᠶᠠᠵᠤ᠂ ᠪᠠᠷᠢᠯᠭ᠎ᠠ ᠶᠢ ᠬᠤᠭᠤᠴᠠᠭ᠎ᠠ ᠶᠣᠰᠣᠭᠠᠷ ᠳᠠᠭᠤᠰᠬᠠᠬᠤ ᠶᠢᠨ ᠬᠠᠮᠲᠤ | ᠱᠠᠭᠠᠷᠳᠠᠯᠭ᠎ᠠ ᠶᠣᠰᠣᠭᠠᠷ ᠵᠠᠮ ᠤᠨ ᠭᠠᠳᠠᠷᠭᠤ ᠶᠢ ᠰᠡᠷᠢᠭᠡᠭᠡᠳ ᠪᠠᠲᠤᠯᠠᠭ᠎ᠠ ᠶᠢᠨ ᠮᠥᠩᠭᠦ ᠶᠢ ᠪᠤᠴᠠᠭᠠᠬᠤ ᠬᠡᠷᠡᠭᠲᠡᠶ᠃ | ᠠᠷᠭ᠎ᠠ ᠬᠡᠮᠵᠢᠶ᠎ᠡ ᠨᠢ ᠬᠦᠴᠦᠲᠡᠶ᠂ ᠬᠠᠮᠢᠶᠠᠷᠤᠯᠲᠠ ᠡᠵᠡᠮᠳᠡᠯ ᠨᠢ ᠴᠢᠩᠭ᠎ᠠ ᠪᠠᠶᠢᠭᠰᠠᠨ ᠠᠴᠠ ᠵᠡᠭᠡᠯᠢ ᠭᠤᠳᠤᠮᠵᠢ ᠶᠢᠨ | ᠵᠠᠮ ᠳᠡᠭᠡᠷᠡᠬᠢ ᠬᠥᠮᠦᠨ ᠤ ᠡᠪᠳᠡᠯᠡᠭᠡ ᠠᠴᠠ ᠪᠦᠲᠦᠮᠵᠢᠲᠡᠶ ᠵᠠᠶᠢᠯᠠᠰᠬᠢᠵᠦ ᠴᠢᠳᠠᠭᠰᠠᠨ ᠪᠠᠶᠢᠨ᠎ᠠ᠃ |