ᠣᠶᠢᠷ᠎ᠠ ᠳᠤ᠂ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠬᠢᠨᠠᠨ ᠪᠤᠳᠤᠬᠤ | ᠲᠣᠪᠴᠢᠶ᠎ᠠ 2020 ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠢ | ᠦᠨᠳᠦᠰᠦᠯᠡᠨ᠂ ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ 2019 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠵᠢᠴᠢ 2018 — 2019 ᠣᠨ ᠤ | ᠲᠣᠰ ᠲᠣᠪᠴᠢᠶ᠎ᠠ ᠶᠢᠨ ᠳᠠᠷᠤᠭ᠎ᠠ ᠶᠢᠨ ᠲᠤᠰᠢᠶᠠᠯ ᠳᠤ ᠪᠠᠶᠢᠭ᠎ᠠ ᠬᠤᠭᠤᠴᠠᠭᠠᠨ ᠤ ᠠᠵᠤ ᠠᠬᠤᠶ ᠶᠢᠨ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠲᠤᠬᠠᠶ ᠶᠢᠨ ᠭᠠᠵᠠᠷ ᠲᠤᠨᠢ ᠬᠢᠨᠠᠨ ᠪᠤᠳᠤᠯᠲᠠ ᠬᠢᠪᠠ᠃ | |  ᠲᠣᠰ ᠤᠳᠠᠭᠠᠨ ᠤ ᠬᠢᠨᠠᠨ ᠪᠤᠳᠤᠯᠲᠠ ᠳᠤ ᠲᠣᠰ ᠨᠢᠭᠡᠴᠡ ᠶᠢᠨ 2019 ᠣᠨ ᠤ ᠲᠥᠰᠦᠪ ᠤᠨ ᠬᠢᠨᠠᠨ | ᠪᠤᠳᠤᠯᠲᠠ ᠶᠢᠨ ᠬᠤᠯᠪᠤᠭᠳᠠᠯ ᠪᠥᠬᠦᠶ ᠮᠠᠲ᠋ᠧᠷᠢᠶᠠᠯ ᠵᠢᠴᠢ 2018 ᠤᠨ — 2019 ᠣᠨ ᠤ ᠲᠣᠰ | ᠲᠣᠪᠴᠢᠶ᠎ᠠ ᠶᠢᠨ ᠳᠠᠷᠤᠭ᠎ᠠ ᠶᠢᠨ ᠲᠤᠰᠢᠶᠠᠯ ᠡᠭᠦᠷᠭᠡᠯᠡᠬᠦ ᠬᠤᠭᠤᠴᠠᠭᠠᠨ ᠳᠤ ᠬᠤᠯᠪᠣᠭᠳᠠᠭᠰᠠᠨ ᠪᠥᠬᠦ ᠲᠠᠩᠰᠠ ᠶᠢᠨ | ᠮᠠᠲ᠋ᠧᠷᠢᠶᠠᠯ ᠢ ᠪᠥᠬᠦ ᠲᠠᠯ᠎ᠠ ᠪᠠᠷ ᠪᠠᠶᠢᠴᠠᠭᠠᠨ ᠦᠵᠡᠪᠡ᠃ ᠡᠨᠡ ᠬᠦ ᠬᠢᠨᠠᠨ ᠪᠤᠳᠤᠬᠤ ᠡᠭᠦᠷᠭᠡ ᠶᠢᠨ ᠲᠤᠬᠠᠶ᠂ | ᠰᠢᠶᠠᠨ ᠤ ᠬᠢᠨᠠᠨ ᠪᠤᠳᠤᠬᠤ ᠲᠣᠪᠴᠢᠶ᠎ᠠ ᠨᠢᠭᠡ ᠲᠠᠯ᠎ᠠ ᠪᠠᠷ 2 018᠂ 2019 ᠣᠨ ᠤ ᠲᠠᠩᠰᠠᠨ ᠤ ᠶᠠᠪᠤᠳᠠᠯ ᠵᠢᠴᠢ | ᠲᠥᠰᠦᠪ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ ᠵᠢᠴᠢ ᠵᠢᠷᠤᠮᠵᠢᠯ ᠤᠨ | ᠴᠢᠨᠠᠷ ᠢ ᠭᠤᠤᠯᠳᠠᠯᠭ᠎ᠠ ᠲᠠᠢ ᠬᠢᠨᠠᠨ ᠪᠠᠶᠢᠴᠠᠭᠠᠪᠠ︔ ᠳᠠᠷᠠᠭᠠᠯᠠᠪᠠᠯ 2018 ᠤᠨ ᠵᠢᠴᠢ 2019 ᠣᠨ ᠤ ᠭᠤᠷᠪᠠᠨ | ᠵᠦᠢᠯ ᠤᠨ ᠠᠯᠪᠠᠨ ᠤ ᠵᠠᠷᠤᠳᠠᠯ ᠤᠨ ᠵᠠᠷᠤᠯᠭ᠎ᠠ ᠶᠢᠨ ᠲᠦᠰᠦᠪ ᠤᠨ ᠪᠠᠶᠢᠳᠠᠯ ᠢ ᠠᠩᠬᠠᠷᠪᠠ︔ ᠨᠥᠭᠦᠭᠡ ᠲᠠᠯ᠎ᠠ ᠪᠠᠷ | ᠪᠠᠰᠠ ᠲᠤᠰᠬᠠᠶ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠢ ᠴᠢᠬᠤᠯᠠᠴᠢᠯᠠᠨ ᠠᠩᠬᠠᠷᠴᠤ᠂ ᠲᠤᠰᠬᠠᠶ ᠪᠠᠯᠠ ᠮᠥᠩᠭᠦ ᠶᠢ | ᠲᠣᠭᠲᠠᠭᠠᠭᠰᠠᠨ ᠬᠦᠷᠢᠶ᠎ᠡ ᠬᠡᠪᠴᠢᠶ᠎ᠡ ᠶᠣᠰᠣᠭᠠᠷ ᠵᠢᠭᠰᠠᠭᠠᠨ ᠭᠠᠷᠭᠠᠭᠰᠠᠨ ᠡᠰᠡᠬᠦ ᠶᠢ ᠬᠠᠷᠭᠤᠭᠤᠯᠤᠨ ᠪᠠᠶᠢᠴᠠᠭᠠᠪᠠ᠃ | ᠲᠣᠰ ᠨᠢᠭᠡᠴᠢ ᠨᠢ ᠭᠤᠤᠯᠳᠠᠭᠤ ᠲᠠᠷᠢᠶᠠᠯᠠᠩ ᠤᠨ ᠳᠠᠭᠠᠳᠬᠠᠯ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ᠂ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠵᠢᠴᠢ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ | ᠵᠡᠷᠭᠡ ᠲᠤᠰᠬᠠᠶ ᠵᠦᠢᠯ ᠳᠤ ᠬᠤᠯᠪᠣᠭᠳᠠᠵᠤ ᠪᠠᠶᠢᠨ᠎ᠠ᠃ ᠬᠤᠯᠪᠣᠭᠳᠠᠬᠤ ᠲᠤᠰᠬᠠᠶ ᠵᠦᠢᠯ ᠨᠡᠯᠢᠶᠡᠳ ᠣᠯᠠᠨ ᠪᠥᠭᠡᠳ | ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠣᠯᠬᠤᠷ ᠰᠢᠶᠠᠨ ᠤ ᠬᠢᠨᠠᠨ ᠪᠣᠳᠣᠬᠤ ᠲᠣᠪᠴᠢᠶ᠎ᠠ ᠪᠠᠰᠠ ᠬᠤᠯᠪᠣᠭᠳᠠᠭᠰᠠᠨ | ᠰᠢᠶᠠᠩ ᠪᠠᠯᠭᠠᠰᠤᠨ ᠳᠤ ᠬᠦᠷᠴᠦ ᠰᠤᠭᠤᠴᠢᠨ ᠪᠠᠶᠢᠴᠠᠭᠠᠨ ᠲᠤᠰᠬᠠᠶ ᠪᠡᠯᠡ ᠮᠥᠩᠭᠦ ᠶᠢᠨ ᠦᠨᠡᠨ ᠪᠣᠳᠠᠲᠠᠶ ᠵᠢᠴᠢ | ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠳᠤ ᠳᠥᠭᠦᠮ ᠦᠵᠡᠭᠦᠯᠵᠡᠶ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |