7 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠪᠥᠬᠦ ᠰᠢᠶᠠᠨ ᠤ ᠤᠳᠤᠷᠢᠳᠬᠤ ᠺᠠᠳ᠋ᠷ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠰᠢᠶᠠᠨ ᠤ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃ ᠡᠨᠡ ᠤᠳᠠᠭᠠᠨ ᠤ ᠪᠣᠯᠪᠠᠰᠤᠷᠠᠯ ᠤᠨ ᠠᠩᠭᠢ ᠨᠢ | ᠲᠥᠪ ᠤᠨ ᠨᠠᠮ ᠤᠨ ᠰᠤᠷᠭᠠᠭᠤᠯᠢ ᠶᠢᠨ ᠰᠢᠯᠢᠳᠡᠭ ᠡᠬᠢ ᠪᠠᠶᠠᠯᠢᠭ ᠢ ᠠᠰᠢᠭᠯᠠᠵᠤ᠂ ᠲᠥᠪ ᠤᠨ ᠨᠠᠮ ᠤᠨ | ᠰᠤᠷᠭᠠᠭᠤᠯᠢ ᠶᠢᠨ ︽ᠰᠦᠯᠵᠢᠶᠡᠨ ᠳᠡᠭᠡᠷᠡᠬᠢ ᠨᠠᠮ ᠤᠨ ᠰᠤᠷᠭᠠᠭᠤᠯᠢ︾ ᠪᠠᠷ ᠳᠠᠮᠵᠢᠭᠤᠯᠤᠨ᠂ ᠲᠥᠪ ᠤᠨ ᠨᠠᠮ ᠤᠨ | ᠰᠤᠷᠭᠠᠭᠤᠯᠢ ᠶᠢᠨ ᠠᠯᠳᠠᠷᠲᠤ ᠫᠷᠤᠹᠧᠰᠰᠤᠷ ᠤᠨ ᠰᠢᠭᠤᠳ ᠨᠡᠪᠲᠡᠷᠡᠭᠦᠯᠭᠡ ᠶᠢᠨ ᠬᠢᠴᠢᠶᠡᠯ ᠢ ᠰᠢᠶᠠᠨ ᠤ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠳᠤ ᠳᠠᠮᠵᠢᠭᠤᠯᠪᠠ᠃ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ | ᠰᠤᠷᠤᠭᠴᠢᠳ ᠢ ᠵᠣᠬᠢᠶᠠᠨ ᠪᠠᠶᠢᠭᠤᠯᠤᠨ ᠰᠢᠭᠤᠳ ᠬᠦᠯᠢᠶᠡᠨ ᠠᠪᠴᠤ ᠰᠣᠨᠣᠰᠴᠤ᠂ ᠬᠦᠯᠢᠶᠡᠨ ᠠᠪᠴᠤ ᠦᠵᠡᠪᠡ᠃ | | ᠡᠨᠡ ᠵᠢᠯ ᠬᠢᠵᠢᠭ ᠭᠠᠷᠤᠭᠰᠠᠨ ᠠᠴᠠ ᠨᠠᠰᠢ ᠰᠢᠶᠠᠨ ᠤ ᠨᠠᠮ ᠤᠨ ᠰᠤᠷᠭᠠᠭᠤᠯᠢ ᠶᠢᠨ ᠺᠠᠳ᠋ᠷ ᠤᠨ ᠪᠣᠯᠪᠠᠰᠤᠷᠠᠯ | ᠦᠷᠭᠦᠯᠵᠢᠯᠡᠨ ᠶᠠᠪᠤᠭᠳᠠᠬᠤ ᠶᠢ ᠪᠠᠲᠤᠯᠠᠬᠤ ᠶᠢᠨ ᠲᠥᠯᠥᠭᠡ ᠡᠭᠦᠨ ᠤ ᠳᠤ ᠬᠠᠮᠲᠤ ᠬᠥᠮᠦᠨ ᠶᠡᠭᠡ ᠬᠡᠮᠵᠢᠶ᠎ᠡ ᠪᠠᠷ | ᠴᠤᠭᠯᠠᠷᠠᠬᠤ ᠠᠴᠠ ᠵᠠᠶᠢᠯᠠᠰᠬᠢᠵᠦ᠂ ᠵᠢᠭᠠᠨ ᠰᠤᠷᠭᠠᠬᠤ ᠲᠦᠬᠦᠭᠡᠷᠦᠮᠵᠢ ᠪᠠᠨ ᠢᠳᠡᠪᠬᠢᠲᠡᠢ ᠰᠢᠨᠡᠴᠢᠯᠡᠬᠦ ᠶᠢᠨ ᠲᠥᠯᠥᠭᠡ | ᠂ ᠲᠡᠷᠢᠭᠦᠨ ᠤ ᠵᠢᠭᠠᠨ ᠰᠤᠷᠭᠠᠬᠤ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠲᠥᠪ ᠤᠨ | ᠨᠠᠮ ᠤᠨ ᠰᠤᠷᠭᠠᠭᠤᠯᠢ ᠳᠤ ︽ᠰᠦᠯᠵᠢᠶᠡᠨ ᠳᠡᠭᠡᠷᠡᠬᠢ ᠨᠠᠮ ᠤᠨ ᠰᠤᠷᠭᠠᠭᠤᠯᠢ︾ ᠶᠢ ᠨᠡᠪᠲᠡᠷᠡᠭᠦᠯᠬᠦ ᠪᠠᠷ | ᠭᠤᠶᠤᠴᠢᠯᠠᠵᠦ᠂ ᠲᠥᠪ ᠤᠨ ᠨᠠᠮ ᠤᠨ ᠰᠤᠷᠭᠠᠭᠤᠯᠢ ᠶᠢᠨ ᠰᠢᠯᠢᠳᠡᠭ ᠵᠢᠭᠠᠨ ᠰᠤᠷᠭᠠᠯᠲᠠ ᠶᠢᠨ ᠡᠬᠢ ᠪᠠᠶᠠᠯᠢᠭ ᠢ | ᠥᠪᠡᠷ ᠲᠡᠭᠡᠨ ᠠᠪᠴᠦ ᠬᠡᠷᠡᠭᠯᠡᠵᠡᠶ᠃ ᠤᠳᠤᠷᠢᠳᠬᠤ ᠺᠠᠳ᠋ᠷ ᠤᠨ ᠰᠤᠷᠤᠯᠴᠠᠬᠤ ᠠᠷᠭ᠎ᠠ ᠵᠠᠮ ᠢ ᠥᠷᠭᠡᠳᠬᠡᠵᠦ᠂ | ᠪᠣᠯᠪᠠᠰᠤᠷᠠᠯ ᠤᠨ ᠦᠷ᠎ᠡ ᠪᠦᠲᠦᠮᠵᠢ ᠶᠢ ᠨᠡᠮᠡᠭᠳᠡᠭᠦᠯᠪᠡ᠃ | | ᠲᠤᠰ ᠡᠳᠦᠷ ᠤᠨ ᠪᠣᠯᠪᠠᠰᠤᠷᠠᠯ ᠤᠨ ᠠᠩᠭᠢ ᠳᠤ᠂ ᠲᠥᠪ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠵᠦᠩ | ᠺᠠᠶ ᠪᠢᠨ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠤᠳᠤᠷᠢᠳᠬᠤ | ᠺᠠᠳ᠋ᠷ ᠤᠨ ᠪᠠᠴᠢᠮ ᠬᠦᠴᠢᠷ ᠠᠶᠤᠯᠲᠠᠶ ᠬᠦᠨᠳᠦ ᠡᠭᠦᠷᠭᠡ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ︾ ᠪᠠᠷ | ᠰᠡᠳᠦᠪ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠡᠷᠭᠡᠶᠢᠯᠡᠬᠦ᠂ ᠢᠯᠡᠷᠡᠭᠦᠯᠬᠦ᠂ ᠰᠤᠳᠤᠯᠤᠨ | ᠮᠠᠭᠠᠳᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠣᠬᠢᠶᠠᠨ ᠪᠠᠶᠢᠭᠤᠯᠬᠤ᠂ ᠰᠤᠷᠤᠯᠴᠠᠬᠤ ᠵᠢᠷᠭᠤᠭᠠᠨ ᠶᠡᠭᠡ | ᠡᠭᠦᠷᠭᠡ ᠶᠢᠨ ᠲᠣᠭᠤᠷᠢᠨ ᠳᠤ᠂ ᠣᠶᠢᠷ᠎ᠡ ᠶᠢᠨ ᠬᠡᠳᠦᠨ ᠵᠢᠯ ᠳᠤ ᠤᠯᠤᠰ ᠶᠢᠨ ᠳᠣᠲᠣᠭᠠᠳᠤ ᠭᠠᠳᠠᠭᠠᠳᠤ ᠳᠤ | ᠡᠭᠦᠰᠦᠭᠰᠡᠨ ᠭᠡᠨᠡᠳᠲᠡ ᠶᠢᠨ ᠬᠡᠷᠡᠭ ᠢᠶᠠᠷ ᠬᠡᠷᠡᠭ ᠤᠨ ᠵᠢᠱᠢᠶ᠎ᠡ ᠪᠣᠯᠭᠠᠵᠤ᠂ ᠶᠡᠭᠡ ᠬᠡᠮᠵᠢᠶᠡᠨ ᠤ ᠪᠣᠳᠠᠲᠤ ᠵᠢᠱᠢᠶ᠎ᠡ ᠶᠢᠨ | ᠵᠢᠷᠤᠭ᠂ ᠸᠢᠳᠢᠣ᠋ ᠣᠬᠤᠷ ᠹᠢᠯᠢᠮ ᠵᠡᠷᠭᠡ ᠵᠢᠭᠠᠨ ᠰᠤᠷᠭᠠᠯᠲᠠ ᠶᠢᠨ ᠮᠠᠲ᠋ᠧᠷᠢᠶᠠᠯ ᠢ ᠠᠰᠢᠭᠯᠠᠨ ᠭᠡᠨᠡᠳᠲᠡ ᠶᠢᠨ | ᠬᠡᠷᠡᠭ ᠤᠨ ᠣᠨᠴᠠᠯᠢᠭ ᠢ ᠵᠠᠳᠠᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠦᠨᠳᠦᠰᠦᠨ ᠠᠷᠭ᠎ᠠ | ᠪᠤᠳᠤᠯᠭ᠎ᠠ ᠪᠠ ᠠᠷᠭ᠎ᠠ ᠶᠢ ᠨᠠᠷᠢᠨ ᠲᠠᠶᠢᠯᠪᠤᠷᠢᠯᠠᠪᠠ᠃ ᠪᠦᠬᠦ᠋ᠢᠯᠡ ᠲᠠᠶᠢᠯᠤᠮᠵᠢ ᠶᠢᠨ ᠠᠭᠤᠯᠭ᠎ᠠ ᠨᠢ ᠨᠠᠷᠢᠨ ᠪᠣᠳᠠᠲᠠᠶ᠂ | ᠬᠠᠷᠠᠭ᠎ᠠ ᠨᠢ ᠥᠷᠭᠡᠨ ᠠᠭᠤᠳᠠᠮ᠂ ᠦᠭᠡ ᠬᠡᠯᠡ ᠨᠢ ᠠᠮᠢᠳᠤᠯᠢᠭ᠂ ᠣᠨᠣᠯ ᠤᠨ ᠵᠢᠯᠣᠭᠤᠳᠬᠤ ᠴᠢᠨᠠᠷ ᠲᠠᠢ | ᠮᠥᠷᠲᠡᠭᠡᠨ ᠪᠣᠳᠠᠲᠤ ᠬᠠᠨᠳᠤᠯᠭᠠᠲᠤ ᠴᠢᠨᠠᠷ ᠲᠠᠢ᠂ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠶᠢᠨ ᠤᠬᠠᠮᠰᠠᠷ ᠪᠠ | ᠦᠵᠡᠯ ᠰᠠᠨᠠᠭᠠᠨ ᠤ ᠤᠬᠠᠮᠰᠠᠷ ᠢ ᠴᠢᠩᠭᠠᠷᠠᠭᠤᠯᠤᠭᠰᠠᠨ ᠪᠥᠭᠡᠳ ᠪᠠᠴᠢᠮ ᠪᠠᠶᠢᠳᠠᠯ ᠢ ᠠᠷᠭᠠᠴᠠᠬᠤ ᠬᠡᠷᠡᠭ ᠢ | ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠪᠡ᠃ | | ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠤᠳᠤᠷᠢᠳᠬᠤ ᠺᠠᠲᠠᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠠᠰᠤᠭ ᠤᠨ | ᠲᠡᠰ ᠠᠴᠠ ᠳᠡᠭᠡᠭᠰᠢᠬᠢ ᠺᠠᠳ᠋ᠷ᠂ ᠨᠠᠮ ᠤᠨ ᠰᠤᠷᠭᠠᠭᠤᠯᠢ ᠶᠢᠨ ᠪᠠᠭᠰᠢ ᠲᠠᠶᠢᠯᠤᠮᠵᠢ ᠶᠢ ᠰᠣᠨᠣᠰᠪᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |