ᠬᠠᠶᠢᠷ᠎ᠠ ᠬᠠᠯᠠᠮᠵᠢ ᠪᠠᠷ ᠰᠢᠯᠭᠠᠯᠲᠠ ᠲᠤᠰᠠᠯᠠᠬᠤ᠂ ᠵᠦᠸᠧᠽᠢ ᠰᠢᠶᠠᠨ ᠤ ᠰᠠᠶᠢᠨ ᠳᠤᠷᠠᠴᠤᠳ ᠠᠵᠢᠯᠯᠠᠭ᠎ᠠ ᠦᠷᠨᠢᠭᠦᠯᠪᠡ︕
ᠨᠡᠶᠢᠲᠡᠯᠡᠭᠰᠡᠨ ᠴᠠᠭ᠄
2020-07-10
     2020 ᠣᠨ ᠤ 7 ᠰᠠᠷ᠎ᠠ ᠶᠢᠨ 7 ᠤ ᠡᠳᠦᠷ ᠪᠣᠯ ᠪᠠᠰᠠ ᠴᠤ ᠨᠢᠭᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ  ᠡᠯᠰᠡᠬᠦ ᠰᠢᠯᠭᠠᠯᠲᠠ ᠶᠢᠨ ᠴᠠᠭ ᠪᠣᠯᠤᠨ᠎ᠠ᠃ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠡᠭᠡᠲᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠦᠢᠯᠡᠴᠢᠯᠡᠬᠦ ᠶᠢᠨ ᠲᠥᠯᠥᠭᠡ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠢ ᠬᠠᠪᠰᠤᠷᠤᠨ ᠠᠮᠢᠳᠤᠷᠠᠬᠤᠶ ᠶᠢᠨ ᠬᠦᠰᠡᠯ ᠵᠡᠭᠦᠳᠦ ᠶᠢ ᠨᠢ ᠪᠡᠶᠡᠯᠡᠭᠦᠯᠵᠦ᠂ ᠵᠦᠸᠧᠽᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠣᠯᠪᠠᠰᠤᠨ ᠤ ᠠᠯᠪᠠᠨ ᠬᠡᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ  ‍ᠶᠢᠯᠡᠳᠤᠯᠭᠡ ᠶᠢᠨ ᠲᠥᠪ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠡᠭᠡᠭᠡᠪᠦᠷᠢ ᠬᠠᠮᠢᠶᠠᠷᠤᠯᠲᠠ ᠶᠢᠨ ᠭᠠᠵᠠᠷ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠰᠠᠶᠢᠨ ᠳᠤᠷ᠎ᠠ ᠶᠢᠨ  ᠤᠶᠢᠯᠡᠴᠢᠯᠡᠭᠡᠨ ᠤ ᠬᠤᠯᠪᠣᠭᠠᠲᠤ ᠬᠤᠷᠠᠯ ᠬᠠᠮᠲᠤ ᠪᠠᠷ ︽ᠬᠠᠶᠢᠷ᠎ᠠ ᠬᠠᠯᠠᠮᠵᠢ ᠪᠠᠷ  ᠰᠢᠯᠭᠠᠯᠲᠠ ᠳᠤ ᠲᠤᠰᠠᠯᠠᠬᠤ︾ ᠰᠠᠶᠢᠨ ᠳᠤᠷ᠎ᠠ ᠶᠢᠨ  ᠤᠶᠢᠯᠡᠴᠢᠯᠡᠭᠡᠨ ᠤ ᠠᠵᠢᠯᠯᠠᠭ᠎ᠠ ᠶᠢ ᠡᠷᠭᠢᠯᠡᠪᠡ᠃
  ᠳᠡᠭᠡᠲᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ︽ᠬᠠᠶᠢᠷ᠎ᠠ ᠬᠠᠯᠠᠮᠵᠢ ᠪᠠᠷ ᠬᠠᠪᠰᠤᠷᠤᠨ ᠲᠤᠰᠠᠯᠠᠬᠤ︾ ᠰᠠᠶᠢᠨ ᠳᠤᠷᠠᠴᠤᠳ  ᠰᠤᠶᠢᠳᠬᠡᠯ ᠥᠬᠡᠶ ᠪᠠᠷ ᠤᠰᠤ ᠬᠦᠷᠭᠡᠬᠦ᠂ ᠰᠤᠶᠢᠳᠬᠡᠯ ᠥᠬᠡᠶ ᠪᠠᠷ ᠰᠢᠯᠭᠠᠯᠲᠠ ᠬᠦᠷᠭᠡᠬᠦ᠂ ᠬᠢᠵᠢᠭ ᠤᠨ ᠪᠠᠶᠢᠳᠠᠯ ᠢ ᠰᠤᠶᠢᠳᠬᠡᠯ ᠥᠬᠡᠶ ᠪᠠᠷ ᠠᠮᠠᠪᠴᠢ ᠬᠦᠷᠭᠡᠬᠦ᠂ ᠨᠠᠷᠠᠰᠢᠬᠤ ᠶᠢ ᠰᠡᠷᠭᠡᠶᠢᠯᠡᠬᠦ ᠵᠡᠷᠭᠡ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠦᠶ ᠣᠯᠠᠨ ᠰᠤᠷᠤᠭᠴᠢᠳ ᠤᠨ ᠰᠢᠯᠢᠳᠡᠭ ᠬᠢᠷᠢ ᠪᠦᠲᠦᠮᠵᠢ ᠤᠯᠬᠤ ᠳᠤ ᠬᠦᠴᠦᠨ ᠨᠡᠮᠡᠷᠢᠯᠡᠪᠡ᠃
   ᠡᠨᠡ ᠤᠳᠠᠭᠠᠨ ᠤ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠣᠬᠤᠷᠬᠠᠨ ᠬᠤᠭᠤᠴᠠᠭᠠᠨ ᠳᠤ 50 ᠭᠠᠷᠤᠶ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠵᠡᠶ᠃ 20 ᠭᠠᠷᠤᠢ ᠰᠠᠶᠢᠨ ᠳᠤᠷ᠎ᠠ ᠶᠢᠨ ᠦᠢᠯᠡᠴᠢᠯᠡᠭᠡᠨ ᠤ ᠮᠠᠰᠢᠨ ᠲᠡᠷᠭᠡ ᠵᠦᠸᠧᠽᠢ ᠳᠤᠮᠳᠠᠳᠤ ᠰᠤᠷᠭᠠᠭᠤᠯᠢ ᠶᠢᠨ ᠡᠭᠦᠳᠡᠨ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ ᠪᠠᠶᠢᠭᠤᠯᠵᠠᠢ᠃ ᠨᠡᠶᠢᠭᠡᠮ ᠤᠨ ᠡᠯ᠎ᠡ ᠡᠲᠡᠭᠡᠳ ᠢᠳᠡᠪᠬᠢᠲᠡᠢ ᠳᠠᠮᠵᠢᠵᠤ᠂ ᠪᠦᠬᠦ ᠨᠡᠶᠢᠭᠡᠮ ᠤᠨ ᠬᠠᠶᠢᠷ᠎ᠠ ᠬᠠᠯᠠᠮᠵᠢ ᠶᠢᠨ ᠬᠦᠴᠦᠨ ᠬᠠᠮᠲᠤ ᠪᠠᠷ ᠣᠷᠣᠯᠴᠠᠵᠤ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠬᠠᠶᠢᠷ᠎ᠠ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ  ᠤᠶᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠵᠤ᠂ ᠮᠠᠨ ᠤ ᠰᠢᠶᠡᠨ ᠤ ᠪᠣᠯᠪᠠᠰᠤᠨ ᠰᠢᠶᠠᠨ ᠤ ᠬᠤᠲᠠ ᠶᠢᠨ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠤᠨ ᠳᠤᠮᠳᠠᠬᠢ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃
                        ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2