ᠣᠶᠢᠷ᠎ᠠ ᠶᠢᠨ ᠵᠢᠯ ᠤᠨ ᠲᠤᠷᠰᠢ ᠵᠦᠸᠧᠽᠢ ᠰᠢᠶᠠᠨ ᠡᠯᠧᠺᠲᠷᠣᠨ ᠬᠤᠳᠠᠯᠳᠤᠭ᠎ᠠ ᠶᠢ ᠠᠭᠤᠰᠤᠯᠴᠠᠭᠤᠯᠬᠤ ᠠᠵᠤ | ᠤᠶᠢᠯᠡᠰ ᠢᠶᠠᠷ ᠶᠠᠳᠠᠭᠤ ᠶᠢ ᠲᠡᠳᠬᠦᠬᠦ ᠪᠠᠷ ᠰᠢᠪᠲᠤᠯᠤᠯᠲᠠ ᠪᠣᠯᠭᠠᠵᠠᠶ᠃ ᠲᠤᠰ ᠭᠠᠵᠠᠷ ᠤᠨ ᠳᠠᠪᠠᠭᠤᠯᠢᠭ ᠡᠬᠢ | ᠪᠠᠶᠠᠯᠢᠭ ᠠᠴᠠ ᠡᠭᠦᠰᠴᠦ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠬᠤ ᠪᠠᠷ ᠳᠠᠮᠵᠢᠭᠤᠯᠤᠨ᠂ ᠶᠠᠳᠠᠭᠤ | ᠬᠦᠴᠢᠷᠳᠡᠯᠲᠡᠶ ᠡᠷᠦᠬᠡ ᠶᠢ ᠬᠠᠪᠰᠤᠷᠤᠨ ᠲᠠᠷᠢᠶᠠᠯᠠᠩ ᠤᠨ ᠣᠨᠴᠠ ᠭᠠᠷᠤᠯᠲᠠ ᠶᠢ ᠪᠣᠷᠣᠯᠠᠭᠤᠯᠵᠤ᠂ ᠡᠯᠧᠺᠲᠷᠣᠨ | ᠬᠤᠳᠠᠯᠳᠤᠭᠠᠨ ᠤ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠣᠯᠠᠨ ᠨᠡᠶᠢᠲᠡ ᠶᠢᠨ ᠨᠠᠷᠠᠲᠤ ᠲᠡᠮᠳᠡᠭᠲᠦ ᠶᠢᠨ ︽ | ᠵᠦᠸᠧᠽᠢ ᠱᠠᠨ ᠠᠮᠲᠠᠲᠦ︾ ᠢ ᠪᠣᠶ ᠪᠣᠯᠭᠠᠨ᠎ᠠ᠃ ᠣᠳᠣ ᠪᠣᠯᠲᠠᠯ᠎ᠠ 8 ᠲᠣᠯᠣᠭᠠᠶᠢᠯᠠᠭᠴᠢ ᠠᠵᠤ ᠠᠬᠤᠶᠢᠯᠠᠯ ᠳᠤ | 1200 ᠵᠦᠢᠯ ᠤᠨ ᠨᠠᠷᠠᠲᠤ ᠲᠡᠮᠳᠡᠭ ᠤᠨ ᠬᠡᠷᠡᠭᠯᠡᠭᠡᠨ ᠤ ᠪᠠᠷᠢᠮᠵᠢᠶ᠎ᠠ ᠵᠢᠴᠢ ᠠᠵᠤ ᠠᠬᠤᠶᠢᠯᠠᠯ ᠤᠨ ᠰᠣᠶᠣᠯ ᠤᠨ | ᠢᠷᠡᠯᠲᠡ ᠶᠢ ᠨᠢ ᠡᠷᠢᠵᠦ᠂ 206 ᠰᠦᠯᠵᠢᠶᠡᠨ ᠤ ᠪᠠᠷᠠᠭᠠᠨ ᠤ ᠪᠠᠷᠢᠮᠵᠢᠶᠠᠭᠰᠠᠨ ᠤᠶᠢᠯᠡᠳᠬᠦᠨ ᠤ ᠪᠣᠭᠤᠳᠠᠯ | ᠲᠣᠭᠲᠠᠭᠠᠨ ᠤᠶᠢᠯᠡᠳᠴᠦ ᠥᠭᠴᠡᠶ᠃ 16 ᠲᠢᠶᠠᠨ ᠮᠤᠤ᠂ ᠵᠢᠩ ᠳ᠋ᠦᠩ ᠬᠤᠳᠠᠯᠳᠤᠭᠠᠨ ᠳᠡᠯᠭᠡᠭᠦᠷ ᠭᠠᠷᠭᠠᠵᠤ᠂ | 30 ᠲᠤᠤ ᠪᠦᠦ ᠳᠡᠯᠭᠡᠭᠦᠷ᠂ 1024 ᠶᠠᠳᠠᠭᠤ ᠬᠦᠴᠢᠷᠳᠡᠯᠲᠡᠶ ᠡᠷᠦᠬᠡ ᠶᠢᠨ ᠰᠦᠯᠵᠢᠶᠡᠨ ᠳᠡᠯᠭᠡᠭᠦᠷ᠂ ᠶᠠᠳᠠᠭᠤ | ᠬᠦᠴᠢᠷᠳᠡᠯᠲᠡᠶ ᠡᠷᠦᠬᠡ ᠶᠢᠨ ᠰᠢᠭᠤᠳ ᠰᠦᠯᠵᠢᠶᠡᠨ ᠤ ᠤᠶᠢᠯᠡᠳᠬᠦᠨ ᠤ ᠪᠣᠷᠣᠯᠠᠭᠤᠯᠤᠯᠲᠠ ᠶᠢ ᠪᠡᠶᠡᠯᠡᠭᠦᠯᠵᠦ᠂ ︽ | ᠡᠯᠧᠺᠲᠷᠣᠨ ᠬᠤᠳᠠᠯᠳᠤᠭ᠎ᠠ + ᠠᠵᠤ ᠤᠶᠢᠯᠡᠰ + ᠶᠠᠳᠠᠭᠤ ᠬᠦᠴᠢᠷᠳᠡᠯᠲᠡᠶ ᠡᠷᠦᠬᠡ︾ ᠶᠢᠨ ᠶᠠᠳᠠᠭᠤ ᠶᠢ ᠳᠡᠳᠬᠦᠬᠦ | ᠰᠢᠨ᠎ᠡ ᠵᠠᠭᠪᠤᠷ ᠢ ᠰᠦᠪᠡᠭᠴᠢᠯᠡᠨ ᠭᠠᠷᠭᠠᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |