ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠹᠦ᠋ ᠯᠢᠶᠠᠩ ᠪᠥᠬᠦ ᠰᠢᠶᠠᠨ ᠤ ᠵᠣᠬᠢᠶᠠᠨ ᠪᠠᠶᠢᠭᠤᠯᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-14
    7 ᠰᠠᠷ᠎ᠠ ᠶᠢᠨ 11 ᠤ ᠡᠳᠦᠷ ᠤᠨ ᠦᠳᠡ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠹᠦ᠋ ᠯᠢᠶᠠᠩ ᠪᠦᠬᠦ ᠰᠢᠶᠠᠨ ᠤ ᠵᠣᠬᠢᠶᠠᠨ ᠪᠠᠶᠢᠭᠤᠯᠬᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠰᠢᠶᠠᠩ ᠪᠠᠯᠭᠠᠰᠤᠨ ᠤ 2020 ᠣᠨ ᠤ ᠳᠡᠭᠡᠷ᠎ᠡ ᠬᠠᠭᠠᠰ ᠵᠢᠯ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ ᠳᠣᠤᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠤᠯᠠᠮ ᠨᠢᠭᠡ ᠠᠯᠬᠤᠮ  ᠪᠠᠶᠢᠷᠢᠭᠤᠯᠤᠯᠲᠠ ᠬᠢᠪᠡ᠃   ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᠱᠢ  ᠵᠢᠶᠦ᠋ᠨ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠠᠨᠠᠭᠤᠯᠭ᠎ᠠ ᠶᠢᠨ ᠵᠠᠬᠢᠳᠠᠯ︾ ᠪᠣᠯᠤᠨ ︽ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠤᠭᠤᠴᠢᠨ ᠪᠠᠶᠢᠴᠠᠭᠠᠵᠤ ᠵᠦᠸᠧᠽᠢ ᠰᠢᠶᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠲᠤᠰᠬᠠᠬᠤ ᠵᠠᠬᠢᠳᠠᠯ︾ ᠤᠨ ᠬᠠᠮᠢᠶ᠎ᠠ ᠪᠥᠬᠦᠶ ᠠᠭᠤᠯᠭ᠎ᠠ ᠶᠢᠨ ᠲᠤᠬᠠᠶ ᠵᠠᠷᠯᠠᠨ ᠮᠡᠳᠡᠭᠳᠡᠵᠦ ᠬᠠᠷᠢᠭᠤ ᠲᠤᠰᠬᠠᠪᠠ᠂  ᠡᠯ᠎ᠡ ᠰᠢᠶᠠᠩ ᠪᠠᠯᠭᠠᠰᠤ ᠡᠨᠡ ᠵᠢᠯ ᠤᠨ ᠲᠠᠪᠤᠨ ᠣᠳᠣᠬᠢᠴᠢᠯᠠᠯᠲᠠ ᠶᠢᠨ ᠬᠠᠮᠵᠢᠯᠴᠠᠨ ᠠᠬᠢᠭᠤᠯᠤᠭᠰᠠᠨ ᠪᠠᠶᠢᠳᠠᠯ᠂ ︽ᠲᠠᠪᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ᠂ ᠨᠠᠮ ᠪᠠ ᠣᠯᠠᠨ ᠲᠦᠮᠡᠨ ᠤ  ᠤᠶᠢᠯᠡᠴᠢᠯᠡᠭᠡᠨ ᠤ ᠲᠥᠪ ᠤᠨ ᠪᠠᠶᠢᠭᠤᠯᠤᠯᠲᠠ᠂ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠪᠡᠯᠡᠳᠬᠡᠯ᠂ ᠦᠨᠳᠦᠰᠦᠨ ᠱᠠᠲᠤᠨ ᠤ ᠰᠦᠯᠵᠢᠶᠡᠵᠢᠭᠰᠡᠨ ᠵᠠᠰᠠᠯᠲᠠ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ᠂ ᠲᠤᠷᠤᠢ ᠪᠠᠭᠤᠷᠠᠶ ᠰᠤᠯᠠ ᠵᠠᠳᠠᠭᠠᠶ ᠨᠠᠮ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠯᠲᠡ ᠂ ᠲᠣᠰᠬᠤᠨ ᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠤᠨ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃
   ᠯᠢᠦ ᠹᠦ᠋ ᠯᠢᠶᠠᠩ ᠵᠢᠭᠠᠵᠤ ᠭᠠᠷᠭᠠᠭᠰᠠᠨ ᠨᠢ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠡᠭᠦᠷᠭᠡ ᠨᠡᠯᠢᠶᠡᠳ ᠬᠦᠨᠳᠦ ᠪᠠᠶᠢᠵᠤ᠂ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠣᠬᠢᠬᠤ ᠨᠥᠯᠥᠭᠡ ᠠᠪᠴᠢᠷᠠᠭᠰᠠᠨ ᠪᠣᠯᠪᠠᠴᠤ ᠪᠦᠬᠦ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠮᠥᠨ ᠯᠡ ᠢᠳᠡᠪᠬᠢᠲᠡᠢ ᠬᠠᠯᠠᠭᠤᠨ ᠰᠡᠳᠬᠢᠯᠡᠭᠡ ᠪᠠᠨ ᠬᠠᠳᠠᠭᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠢᠶᠠᠷ ᠰᠠᠶᠢᠲᠤᠷ ᠬᠢᠬᠦ ᠶᠢᠨ ᠬᠠᠮᠲᠤ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ  ᠠᠩᠭᠢᠵᠢᠷᠠᠭᠤᠯᠬᠤ ᠰᠢᠪᠲᠤᠯᠤᠯᠲᠠ ᠶᠢ ᠠᠬᠢᠭᠤᠯᠬᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠪᠠ ᠵᠢᠷᠭᠤᠭᠠᠨ ᠲᠣᠭᠲᠠᠭᠤᠨ ᠢ ᠪᠠᠲᠤᠯᠠᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠶᠡᠭᠡ ᠬᠡᠮᠵᠢᠶᠡᠨ ᠤ ᠪᠦᠲᠦᠮᠵᠢᠲᠡᠶ ᠠᠵᠢᠯ ᠬᠢᠵᠡᠶ᠃ ᠦᠨᠡᠨ ᠪᠣᠳᠠᠲᠠᠶ ᠦᠷ᠎ᠡ ᠪᠦᠲᠦᠮᠵᠢ ᠣᠯᠵᠤ᠂ ᠣᠯᠠᠨ ᠤ ᠳᠡᠭᠡᠷ᠎ᠡ ᠬᠠᠭᠠᠰ ᠵᠢᠯ ᠤᠨ ᠠᠵᠢᠯ ᠢ  ᠭᠦᠢᠴᠡᠳ ᠨᠤᠲᠠᠯᠠᠪᠠ᠃
   ᠯᠢᠦ ᠹᠦ᠋ ᠯᠢᠶᠠᠩ ᠴᠢᠬᠤᠯᠠᠴᠢᠯᠠᠭᠰᠠᠨ ᠨᠢ᠂ ᠠᠵᠢᠯ ᠤᠨ ᠦᠷ᠎ᠡ ᠪᠦᠲᠦᠮᠵᠢ ᠶᠢ ᠣᠯᠵᠤ ᠬᠠᠷᠠᠬᠤ ᠶᠢᠨ ᠬᠠᠮᠲᠤ᠂ ᠪᠠᠰᠠ ᠮᠠᠨ ᠤ ᠠᠵᠢᠯ ᠤᠨ ᠳᠤᠮᠳᠠ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠶ᠂ ᠡᠨᠡ ᠨᠢ ᠭᠤᠤᠯᠳᠠᠭᠤ ᠨᠠᠮ ᠤᠨ ᠪᠠᠶᠢᠭᠤᠯᠤᠯᠲᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠪᠠᠰᠠ ᠪᠣᠳᠠᠲᠠᠶ ᠪᠢᠰᠢ ᠪᠠᠶᠢᠬᠤ ᠳᠡᠭᠡᠷ᠎ᠡ ᠢᠯᠡᠷᠡᠵᠦ ᠪᠠᠶᠢᠨ᠎ᠠ᠃ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢ ᠠᠳᠬᠤᠬᠤ ᠬᠠᠷᠢᠭᠤᠴᠠᠯᠭᠠᠲᠤ ᠤᠬᠠᠮᠰᠠᠷ ᠪᠠᠰᠠ ᠲᠡᠶᠢᠮᠦ ᠴᠢᠩᠭ᠎ᠠ ᠪᠢᠰᠢ᠂ ᠨᠠᠮ ᠣᠯᠠᠨ ᠲᠦᠮᠡᠨ ᠤ ᠤᠶᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢᠨ ᠠᠬᠢᠴᠠ ᠲᠡᠶᠢᠮᠦ ᠲᠦᠷᠭᠡᠨ ᠪᠢᠰᠢ᠂  ᠦᠨᠳᠦᠰᠦᠨ ᠱᠠᠲᠤᠨ ᠤ ᠲᠣᠤᠷᠵᠢᠭᠤᠯᠤᠭᠰᠠᠨ ᠵᠠᠰᠠᠯᠲᠠ ᠶᠢᠨ ᠦᠷ᠎ᠡ ᠪᠦᠲᠦᠮᠵᠢ ᠪᠠᠰᠠ ᠢᠯᠡᠷᠬᠡᠶ ᠪᠢᠰᠢ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠰᠡᠳᠬᠢᠴᠡ ᠪᠠᠰᠠ ᠥᠷᠭᠡᠨ ᠪᠤᠰᠤ ᠪᠠᠶᠢᠭᠰᠠᠭᠠᠷ᠃ ᠭᠠᠴᠠᠭᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠬᠤ ᠵᠡᠷᠭᠡ ᠪᠣᠯᠤᠨ᠎ᠠ᠃
  ᠣᠳᠣᠬᠢ ᠱᠠᠲᠤᠨ ᠤ ᠪᠦᠬᠦ ᠰᠢᠶᠠᠨ ᠤ ᠵᠣᠬᠢᠶᠠᠨ ᠪᠠᠶᠢᠭᠤᠯᠬᠤ ᠠᠵᠢᠯ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ ᠬᠤᠷᠠᠯ ᠠᠴᠠ ᠵᠢᠭᠠᠵᠤ ᠭᠠᠷᠭᠠᠭᠰᠠᠨ ᠨᠢ᠂ ︽ᠳᠠᠷᠦ᠋ᠢᠬᠠᠨ ᠥᠭᠡᠷᠡᠴᠢᠯᠡᠬᠦ︾ ᠦᠵᠡᠯ ᠰᠠᠨᠠᠭ᠎ᠠ ᠲᠠᠨᠢᠯᠲᠠ ᠶᠢ ᠪᠣᠶ ᠪᠣᠯᠭᠠᠵᠤ᠂ ︽ᠳᠠᠷᠦ᠋ᠢᠬᠠᠨ ᠬᠢᠬᠦ︾  ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠠᠳᠬᠤᠬᠤ ᠬᠡᠷᠡᠭᠲᠡᠶ᠃ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠤᠨ ᠪᠠᠶᠢᠭᠤᠯᠤᠯᠲᠠ ᠶᠢ ᠠᠳᠬᠤᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ ᠮᠥᠷᠥᠨ ᠳᠡᠭᠡᠨ ᠡᠭᠦᠷᠭᠡᠯᠡᠵᠡᠶ᠃ ᠦᠵᠡᠯ ᠰᠠᠨᠠᠭᠠᠨ ᠤ ᠬᠥᠪᠴᠢ ᠶᠢ ᠴᠢᠩᠭᠠᠯᠠᠵᠤ᠂ ᠬᠠᠷᠢᠭᠤᠴᠠᠯᠭ᠎ᠠ ᠶᠢᠨ ᠲᠠᠨᠢᠯᠲᠠ ᠶᠢ ᠪᠠᠲᠤ ᠪᠤᠢ ᠪᠣᠯᠭᠠᠵᠤ᠂ ︽ᠲᠠᠪᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ᠂ ᠨᠠᠮ ᠣᠯᠠᠨ ᠲᠦᠮᠡᠨ ᠤ ᠤᠶᠢᠯᠡᠴᠢᠯᠡᠭᠡᠨ ᠤ ᠲᠥᠪ  ᠤᠨ ᠪᠠᠶᠢᠭᠤᠯᠤᠯᠲᠠ᠂ ᠦᠨᠳᠦᠰᠦᠨ ᠱᠠᠲᠤᠨ ᠤ ᠲᠣᠤᠷᠵᠢᠭᠤᠯᠤᠯᠲᠠ ᠶᠢᠨ ᠵᠠᠰᠠᠯᠲᠠ ᠵᠡᠷᠭᠡ ᠡᠨᠡ ᠵᠢᠯ ᠤᠨ ᠲᠥᠷᠥᠯ ᠵᠦᠢᠯ᠂ 5 ᠰᠠᠭᠤᠷᠢ ᠲᠥᠷᠥᠯ ᠵᠦᠢᠯ ᠪᠣᠯᠤᠨ 4 ᠰᠢᠨ᠎ᠡ ᠶᠢ ᠡᠭᠦᠳᠬᠦ ᠲᠥᠷᠥᠯ ᠵᠦᠢᠯ ᠤᠨ ᠲᠣᠭᠤᠷᠢᠨ ᠳᠤ ᠨᠢᠭᠡ ᠨᠢᠭᠡ ᠪᠠᠷ ᠠᠩᠬᠠᠷᠴᠤ᠂ ᠨᠢᠭᠡ ᠨᠢᠭᠡ ᠢᠶᠠᠷ ᠠᠳᠬᠤᠵᠤ᠂ ᠡᠭᠦᠷᠭᠡ ᠶᠢᠨ ᠪᠣᠳᠠᠲᠠᠶᠢᠵᠢᠬᠤ ᠶᠢ ᠪᠠᠲᠤᠯᠠᠵᠤ᠂ ᠦᠷ᠎ᠡ ᠪᠦᠲᠦᠮᠵᠢ ᠢᠯᠡᠷᠡᠪᠡ᠃ ᠬᠤᠶᠠᠷ ᠲᠤ᠂ ᠬᠠᠷᠢᠭᠤ ᠲᠤᠰᠬᠠᠭᠰᠠᠨ ᠠᠰᠠᠭᠤᠳᠠᠯ ᠳᠤ ᠵᠥᠪ ᠢᠶᠠᠷ ᠬᠠᠨᠳᠤᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ︽ᠰᠠᠨᠠᠭᠤᠯᠬᠤ ᠵᠠᠬᠢᠳᠠᠯ︾ ᠪᠠ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︽ᠬᠠᠷᠢᠭᠤ ᠲᠤᠰᠬᠠᠬᠤ ᠵᠠᠬᠢᠳᠠᠯ︾ ᠳᠤ ᠵᠢᠭᠠᠵᠤ ᠭᠠᠷᠭᠠᠭᠰᠠᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠰᠠᠨᠠᠭᠠᠴᠢᠯᠠᠭ᠎ᠠ ᠠᠴᠠ ᠪᠠᠨ ᠲᠠᠨᠢᠵᠤ ᠠᠪᠴᠤ᠂ ᠨᠢᠭᠡ ᠠᠴᠠ ᠨᠦᠬᠦᠭᠡ ᠶᠢ ᠮᠡᠳᠡᠵᠦ᠂ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠠᠷᠭ᠎ᠠ ᠬᠡᠮᠵᠢᠶ᠎ᠡ ᠶᠢ ᠬᠢᠨᠠᠮᠠᠭᠠᠶ ᠰᠤᠳᠤᠯᠤᠨ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ  ᠬᠡᠷᠡᠭᠲᠡᠢ᠃ ᠡᠯ᠎ᠡ ᠰᠢᠶᠠᠩ ᠪᠠᠯᠭᠠᠰᠤᠨ ᠤ ᠱᠦᠵᠢ ᠬᠠᠷᠢᠭᠤ ᠲᠤᠰᠬᠠᠭᠰᠠᠨ ᠠᠰᠠᠭᠤᠳᠠᠯ ᠵᠢᠴᠢ ᠡᠨᠡ ᠵᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠬᠢᠨᠠᠮᠠᠭᠠᠶ ᠰᠤᠳᠤᠯᠵᠠᠶ᠃ ᠰᠢᠶᠠᠩ ᠪᠠᠯᠭᠠᠰᠤ ᠨᠢᠭᠡᠪᠦᠷᠢ ᠴᠥᠮ ᠲᠤᠰᠬᠠᠶ ᠲᠥᠷᠥᠯ ᠵᠦᠢᠯ ᠢ ᠠᠬᠢᠭᠤᠯᠬᠤ ᠠᠵᠢᠯ ᠤᠨ ᠳᠤᠭᠤᠶᠢᠯᠠᠩ ᠪᠠᠶᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠬᠠᠷᠢᠭᠤᠴᠠᠯᠭ᠎ᠠ ᠡᠭᠦᠷᠭᠡᠯᠡᠭᠴᠢ ᠪᠣᠯᠤᠨ ᠴᠠᠭ ᠤᠨ ᠬᠢᠵᠠᠭᠠᠷ ᠢ ᠲᠣᠳᠣᠷᠬᠠᠶᠢᠯᠠᠬᠤ ᠬᠡᠷᠡᠭᠲᠡᠶ᠃ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠤᠨ ᠪᠠᠶᠢᠭᠤᠯᠤᠯᠲᠠ ᠶᠢ ᠬᠤᠪᠢᠳᠠᠨ ᠬᠠᠮᠢᠶᠠᠷᠴᠤ  ᠪᠠᠶᠢᠭ᠎ᠠ ᠳᠡᠳ᠋ ᠱᠦᠵᠢ ᠪᠣᠯᠤᠨ ᠭᠡᠰᠢᠭᠦᠨ ᠢ ᠵᠣᠬᠢᠶᠠᠨ ᠪᠠᠶᠢᠭᠤᠯᠬᠤ ᠶᠢ ᠪᠣᠳᠠᠲᠠᠶ ᠠᠳᠬᠤᠵᠠᠶ᠃ ᠲᠤᠰᠬᠠᠶ ᠬᠥᠮᠦᠨ ᠲᠤᠰᠬᠠᠶ ᠠᠳᠬᠤᠨ ᠲᠤᠰᠬᠠᠶ ᠬᠠᠷᠢᠭᠤᠴᠠᠵᠤ᠂ ᠡᠨᠡ ᠵᠢᠯ ᠤᠨ ᠲᠣᠭᠲᠠᠭᠠᠭᠰᠠᠨ ᠬᠠᠷᠠᠯᠲᠠ ᠡᠭᠦᠷᠭᠡ  ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠤᠨ ᠪᠠᠶᠢᠭᠤᠯᠤᠯᠲᠠ ᠶᠢᠨ ᠠᠵᠢᠯ ᠢ ᠬᠤᠪᠢᠳᠠᠨ ᠬᠠᠮᠢᠶᠠᠷᠬᠤ ᠳᠡᠳ᠋ ᠱᠦᠵᠢ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠭᠤᠯᠭ᠎ᠠ ᠶᠢᠨ ᠬᠠᠮᠢᠶ᠎ᠠ ᠪᠦᠬᠦᠢ ᠺᠠᠳ᠋ᠷ ᠬᠤᠷᠠᠯ ᠳᠤ ᠣᠷᠣᠯᠴᠠᠪᠠ᠃            ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2