ᠵᠦᠸᠧᠽᠢ ᠰᠢᠶᠠᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ 2020 ᠤᠨ ᠴᠢᠰᠤ ᠤᠶᠢᠯᠡᠳᠬᠦ ᠭᠤᠤᠯ ᠡᠰ ᠤᠨ ᠴᠢᠰᠤᠨ ᠤ ᠦᠯᠢᠭᠡᠷ ᠠᠪᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-07-14
    ︽ᠬᠥᠮᠥᠡᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠢᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠮᠠᠨ ᠤ ᠰᠢᠶᠠᠨ ᠤ ᠴᠢᠰᠤ ᠪᠦᠲᠦᠭᠡᠬᠦ ᠭᠤᠤᠯ ᠡᠰ ᠤᠨ ᠰᠠᠶᠢᠨ ᠳᠤᠷ᠎ᠠ ᠠᠴᠠ ᠪᠠᠨ ᠬᠠᠨᠳᠢᠪᠯᠠᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ 7 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ 2020 ᠣᠨ ᠤ ᠴᠢᠰᠤ  ᠤᠶᠢᠯᠡᠳᠬᠦ ᠭᠤᠤᠯ ᠡᠰ ᠤᠨ ᠴᠢᠰᠤᠨ ᠤ ᠥᠯᠢᠭᠡᠷ ᠠᠪᠬᠤ ᠠᠵᠢᠯᠯᠠᠭ᠎ᠠ ᠳ᠋ᠠᠴᠢᠩ ᠵᠡᠭᠡᠯᠢ ᠶᠢᠨ  ᠪᠠᠭ᠎ᠠ ᠰᠤᠷᠭᠠᠭᠤᠯᠢ ᠳᠤ ᠶᠠᠪᠤᠭᠳᠠᠪᠠ᠃
   ᠥᠷᠯᠥᠭᠡ ᠡᠷᠲᠡ᠂ ᠪᠠᠭᠰᠢ ᠨᠠᠷ ᠠᠵᠢᠯᠯᠠᠭ᠎ᠠ ᠶᠢᠨ ᠠᠬᠤᠶ ᠲᠠᠯᠠᠪᠠᠢ ᠳᠤ ᠴᠢᠰᠤᠨ ᠤ ᠦᠯᠢᠭᠡᠷ ᠴᠤᠭᠯᠠᠭᠤᠯᠬᠤ ᠶᠢ  ᠬᠦᠯᠢᠶᠡᠵᠦ᠂ ᠬᠠᠨᠳᠢᠪᠯᠠᠬᠤ ᠪᠠᠷ ᠢᠷᠡᠭᠰᠡᠨ ᠪᠠᠭᠰᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ᠤᠨ  ᠵᠢᠯᠤᠭᠤᠳᠤᠯᠭ᠎ᠠ ᠳᠣᠤᠷ᠎ᠠ᠂ ᠬᠦᠰᠦᠨᠦᠭᠲᠦ ᠲᠠᠭᠯᠠᠨ ᠳᠠᠩᠰᠠᠯᠠᠭᠤᠯᠬᠤ᠂ ᠮᠡᠳᠡᠭᠡ ᠵᠠᠩᠭᠢ ᠬᠢᠨᠠᠨ ᠬᠠᠷᠭᠤᠭᠤᠯᠬᠤ᠂ ᠴᠢᠰᠤ  ᠶᠢᠨ ᠦᠯᠢᠭᠡᠷ ᠴᠤᠭᠯᠠᠭᠤᠯᠬᠤ ᠵᠡᠷᠭᠡ ᠡᠯ᠎ᠡ ᠭᠤᠭᠴᠤᠭ᠎ᠠ ᠪᠠᠷ ᠳᠠᠮᠵᠢᠨ᠂ ᠬᠠᠨᠳᠢᠪᠯᠠᠬᠤ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠵᠦ᠂ ᠬᠠᠮᠤᠭ ᠡᠴᠦᠰ ᠲᠤ 25 ᠬᠤᠪᠢ ᠴᠢᠰᠤ ᠤᠶᠢᠯᠡᠳᠬᠦ ᠭᠤᠤᠯ ᠡᠰ ᠤᠨ ᠶᠠᠩᠵᠤ ᠠᠪᠬᠤ ᠶᠢ ᠪᠡᠶᠡᠯᠡᠭᠦᠯᠦᠨ᠎ᠡ᠃ ᠰᠢᠶᠠᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠠᠴᠠ ᠴᠢᠰᠤᠨ ᠤ ᠦᠯᠢᠭᠡᠷ ᠠᠪᠴᠤ  ᠪᠠᠶᠢᠭ᠎ᠠ ᠰᠠᠶᠢᠨ ᠳᠤᠷᠠᠴᠤᠳ  ᠨᠢᠭᠡᠪᠦᠷᠢ ᠳᠤ ᠢᠷᠠᠭᠤ ᠠᠯᠳᠠᠷ ᠤᠨ ᠦᠨᠡᠮᠯᠡᠯ ᠪᠠ ᠳᠤᠷᠠᠰᠬᠠᠯ ᠤᠨ ᠡᠳ᠋ ᠣᠯᠭᠤᠵᠠᠶ᠃
   ᠪᠠᠭᠰᠢ ᠨᠠᠷ ᠴᠢᠰᠤ ᠪᠦᠲᠦᠭᠡᠬᠦ ᠭᠤᠣᠯ ᠡᠰ ᠢᠶᠠᠨ ᠬᠠᠨᠳᠢᠪᠯᠠᠵᠤ ᠴᠢᠳᠠᠨ᠎ᠠ ᠭᠡᠵᠦ ᠢᠯᠡᠳᠬᠡᠵᠡᠭᠡᠪᠡ᠃ ᠨᠡᠩ ᠤᠯᠠᠨ ᠴᠢᠰᠤ ᠴᠠᠶᠢᠬᠤ ᠡᠪᠡᠳᠴᠢᠲᠡᠨ ᠤ ᠠᠮᠢ ᠨᠠᠰᠤ ᠶᠢ ᠠᠪᠤᠷᠠᠬᠤ ᠪᠣᠯ ᠠᠷᠠᠳ ᠤᠨ ᠪᠠᠭᠰᠢ ᠶᠢᠨ ᠢᠷᠠᠭᠤ ᠠᠯᠳᠠᠷ ᠮᠥᠨ ᠪᠥᠭᠡᠳ ᠤᠯᠠᠭᠠᠨ ᠵᠠᠭᠠᠯᠮᠠᠶᠢᠳᠠᠨ ᠤ ᠵᠣᠷᠢᠭ ᠰᠠᠨᠠᠭᠠᠨ ᠤ ᠢᠯᠡᠷᠡᠯ ᠮᠥᠨ᠂ ᠴᠥᠮ ᠡᠨᠡ ᠬᠦ ᠠᠵᠢᠯ ᠳᠤ ᠥᠪᠡᠷ ᠤᠨ ᠬᠤᠪᠢ ᠨᠡᠮᠡᠷᠢ ᠦᠵᠡᠭᠦᠯᠬᠦ ᠳᠤᠷᠠᠲᠠᠢ ᠭᠡᠮᠡᠨ ᠢᠯᠡᠳᠬᠡᠪᠡ᠃    ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠨ ᠴᠢᠰᠤ ᠤᠶᠢᠯᠡᠳᠬᠦ ᠭᠤᠤᠯ ᠡᠰ ᠤᠨ ᠬᠠᠨᠳᠢᠪᠯᠠᠯ ᠤᠨ  ᠳᠠᠶᠢᠴᠢᠯᠠᠯᠲᠠ ᠪᠣᠯᠤᠨ ᠤᠬᠠᠭᠤᠯᠭ᠎ᠠ ᠶᠢᠨ ᠦᠷ᠎ᠡ ᠪᠦᠲᠦᠮᠵᠢ ᠶᠢ  ᠴᠢᠩᠭᠠᠳᠬᠠᠵᠡᠢ᠃ ᠨᠡᠩ ᠤᠯᠠᠨ ᠬᠠᠯᠠᠭᠤᠨ ᠰᠡᠳᠬᠢᠯᠲᠦ ᠬᠥᠮᠦᠰ ᠢ ᠤᠯᠠᠭᠠᠨ ᠵᠠᠭᠠᠯᠮᠠᠶᠢᠳᠠᠨ ᠤ ᠠᠭᠤᠤ ᠶᠡᠭᠡ ᠦᠢᠯᠡᠰ ᠲᠤ ᠣᠷᠣᠯᠴᠠᠭᠤᠯᠵᠤ᠂ ᠨᠡᠩ ᠤᠯᠠᠨ ᠠᠮᠢ ᠨᠠᠰᠤ ᠶᠢ ᠠᠪᠤᠷᠠᠨ᠎ᠠ᠃            ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2