7 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ | ᠲᠦᠷᠦᠭᠦᠯᠡᠨ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠰᠢᠶᠠᠨ ᠤ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠬᠠᠮᠲᠤᠷᠠᠨ 2020 ᠣᠨ ᠤ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠵᠢᠴᠢ ᠰᠡᠷᠡᠮᠵᠢᠯᠡᠭᠦᠯᠬᠦ | ᠬᠥᠮᠦᠵᠢᠯ ᠤᠨ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠠᠶ ᡁᠢ ᠫᠢᠩ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠨ | 2020 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠠ᠃ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ | ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ | ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ | ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠤᠣᠯ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ | ᠤᠳᠤᠷᠢᠳᠤᠯᠭ᠎ᠠ ᠬᠤᠷᠠᠯ ᠳᠤ ᠣᠷᠣᠯᠴᠠᠪᠠ᠃ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ | ᠱᠠᠰᠢᠨ ᠰᠤᠷᠲᠠᠬᠤᠨ ᠤ ᠲᠣᠪᠴᠢᠶᠠᠨ ᠤ ᠳᠠᠷᠤᠭ᠎ᠠ ᠯᠢᠶᠠᠨ ᠶᠦᠨ ᠰᠢᠶᠠ ᠬᠤᠷᠠᠯ ᠢ ᠡᠷᠬᠢᠯᠡᠵᠡᠢ᠃ | | ᠬᠤᠷᠠᠯ ᠳᠤ ᠨᠡᠶᠢᠲᠡ ᠭᠤᠷᠪᠠᠨ ᠵᠥᠪᠯᠡᠬᠦ ᠵᠦᠢᠯ ᠲᠠᠢ᠃ ᠨᠢᠭᠡᠳᠦᠭᠡᠷ ᠲᠤ᠂ ᠰᠢᠶᠠᠨ ᠤ ᠨᠠᠮ ᠤᠨ ᠬᠤᠷᠢᠶᠠᠨ ᠤ | ᠠᠯᠪᠠᠨ ᠭᠡᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠰᠦᠩ ᠴᠠᠩ ᠢᠦᠢ | ᠳᠤᠭᠤᠶᠢᠯᠠᠩ ᠤᠨ ᠳᠠᠷᠤᠭ᠎ᠠ ᠤᠯᠠᠨ ᠢ ᠳᠠᠭᠠᠭᠤᠯᠤᠨ ︽ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ︿ᠬᠤᠶᠠᠷ ᠬᠠᠷᠢᠭᠤᠴᠠᠯᠭ᠎ᠠ﹀ ᠶᠢᠨ ᠨᠠᠷᠢᠨ ᠲᠠᠩᠰᠠ ᠶᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ︾ ᠪᠣᠯᠤᠨ ᠤᠢᠢᠷ᠎ᠠ ᠶᠢᠨ ᠬᠤᠭᠤᠴᠠᠭᠠᠨ ᠳᠤ ᠪᠠᠶᠢᠴᠠᠭᠠᠨ ᠰᠢᠢᠳᠪᠦᠷᠢᠯᠡᠭᠰᠡᠨ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠷᠯᠠᠨ ᠨᠡᠶᠢᠲᠡᠯᠡᠪᠡ᠃ ᠰᠦᠩ ᠴᠠᠩ ᠢᠦᠶ ᠴᠢᠬᠤᠯᠠᠴᠢᠯᠠᠭᠰᠠᠨ ᠨᠢ᠂ ᠵᠠᠷᠯᠠᠨ ᠮᠡᠳᠡᠭᠳᠡᠭᠰᠡᠨ ᠡᠳᠡᠭᠡᠷ | ᠬᠡᠷᠡᠭ ᠤᠨ ᠵᠢᠱᠢᠶ᠎ᠡ ᠰᠤᠷᠭᠠᠮᠵᠢ ᠪᠣᠯ ᠬᠠᠷᠠᠰᠠᠯᠲᠠᠶ᠂ ᠰᠡᠷᠡᠮᠵᠢᠯᠡᠭᠦᠯᠦᠯ ᠪᠣᠯ ᠭᠦᠨᠵᠡᠭᠡᠶ ᠶᠤᠮ᠂ ᠮᠠᠨ ᠤ ᠥᠷᠭᠡᠨ | ᠣᠯᠠᠨ ᠺᠠᠳ᠋ᠷᠴᠤᠳ ᠵᠠᠪᠠᠯ ᠨᠠᠷᠢᠨ ᠬᠢᠨᠠᠮᠠᠭᠠᠶ ᠡᠷᠭᠢᠴᠡᠭᠦᠯᠦᠨ ᠪᠣᠳᠣᠵᠤ᠂ ᠪᠦᠬᠦ ᠲᠠᠯ᠎ᠠ ᠪᠠᠷ ᠳ᠋ᠦᠩᠨᠡᠨ᠂ ᠦᠵᠡᠯ | ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠪᠠᠲᠤᠳᠬᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠦᠵᠡᠯ | ᠤᠬᠠᠮᠰᠠᠷ ᠢᠶᠠᠨ ᠳᠡᠭᠡᠭᠰᠢᠯᠡᠭᠦᠯᠵᠦ᠂ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ | ᠬᠤᠶᠢᠰᠢᠳᠠ ᠶᠢᠨ ᠠᠵᠢᠯ ᠤᠨ ᠳᠤᠮᠳᠠ ᠨᠠᠮ ᠤᠨ ᠰᠠᠬᠢᠯᠭ᠎ᠠ ᠪᠠᠲᠤ ᠨᠠᠮ ᠤᠨ ᠳᠦᠷᠢᠮ ᠲᠣᠭᠲᠠᠭᠠᠯ ᠪᠣᠯᠤᠨ | ᠨᠢᠭᠡᠴᠡ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠤᠨ ᠱᠠᠭᠠᠷᠳᠠᠯᠭ᠎ᠠ ᠶᠢ ᠴᠢᠩᠬ᠎ᠠ ᠵᠢᠷᠤᠮᠯᠠᠵᠤ᠂ ᠨᠢᠭᠡ | ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ ᠤᠬᠠᠮᠰᠠᠷ ᠢ ᠴᠢᠩᠬᠠᠳᠬᠠᠬᠤ ᠬᠡᠷᠡᠭᠲᠡᠶ᠃ | ᠲᠤᠬᠠᠶᠢᠯᠠᠭᠰᠠᠨ ᠠᠵᠢᠯ ᠪᠠ ᠰᠤᠷᠲᠠᠯ ᠤᠨ ᠪᠠᠶᠢᠭᠤᠯᠤᠯᠲᠠ ᠶᠢᠨ ᠬᠤᠶᠠᠷ ᠲᠠᠯ᠎ᠠ ᠶᠢ ᠠᠳᠬᠤᠬᠤ᠂ ᠬᠤᠶᠠᠷ ᠢ | ᠰᠠᠭᠠᠲᠠᠭᠠᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ | | ᠬᠤᠶᠠᠳᠤᠭᠠᠷ ᠲᠤ᠂ ᠪᠠᠶ ᡁᠢ ᠫᠢᠩ ᠪᠠᠭ ᠤᠨ ᠳᠡᠳ᠋ ᠲᠤᠰᠢᠶᠠᠯ᠂ ᠤᠶᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠡᠷᠬᠢᠯᠡᠭᠴᠢ ᠴᠢᠬᠡᠴᠢ ᠵᠠᠰᠠᠭ ᠤᠨ ᠲᠦᠪᠯᠡᠷᠡᠭᠦᠯᠦᠨ ᠶᠠᠷᠢᠯᠴᠠᠵᠤ᠂ ᠴᠢᠬᠡᠴᠢ ᠵᠠᠰᠠᠭ ᠤᠨ ᠶᠠᠷᠢᠯᠴᠠᠭᠠᠨ ᠤ | ᠠᠮᠠᠯᠠᠯᠲᠠ ᠶᠢᠨ ᠪᠢᠴᠢᠭ ᠢ ᠲᠣᠭᠲᠠᠭᠠᠵᠠᠶ᠃ ᠡᠯ᠎ᠡ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠤᠳᠤᠷᠢᠳᠬᠤ ᠺᠠᠳ᠋ᠷᠴᠤᠳ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ | ᠯᠠᠪᠳᠠᠭᠤᠨ ᠪᠠᠲᠤᠲᠠᠶ ᠠᠬᠢᠭᠤᠯᠵᠤ᠂ ᠲᠥᠪ ᠤᠨ ᠡᠯ᠎ᠡ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠪᠠᠷᠢᠮᠲᠠᠯᠠᠨ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠡ᠃ | | | ᠭᠤᠷᠪᠠᠳᠤᠭᠠᠷ ᠲᠤ᠂ ᠪᠠᠶ ᡁᠢ ᠫᠢᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠡᠳᠦᠷ ᠲᠤᠲᠤᠮ ᠤᠨ ᠠᠵᠢᠯᠯᠠᠭ᠎ᠠ ᠶᠢ | ᠳᠦᠷᠢᠮᠵᠢᠭᠦᠯᠬᠦ ᠶᠢ ᠪᠠᠷᠢᠮᠲᠠᠯᠠᠵᠤ᠃ ᠳᠡᠭᠡᠲᠦ ᠱᠠᠲᠤᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠢ ᠦᠨᠳᠦᠰᠦᠯᠡᠨ᠂ ᠰᠠᠯᠠᠭ᠎ᠠ ᠮᠥᠴᠢᠷ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠡᠬᠢ | ᠡᠭᠦᠰᠦᠯ ᠠᠴᠠ ᠨᠢ ᠵᠠᠰᠠᠬᠤ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠳᠦᠷᠢᠮ ᠤᠨ | ᠪᠠᠶᠢᠭᠤᠯᠤᠯᠲᠠ ᠪᠠᠷ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠨ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠢᠨ᠎ᠡ ᠪᠠᠶᠢᠳᠠᠯ ᠢ ᠲᠠᠰᠤᠷᠠᠯᠲᠠ ᠤᠢᠭᠡᠢ ᠡᠭᠦᠳᠴᠦ᠂ | ᠡᠯ᠎ᠡ ᠵᠦᠢᠯ ᠤᠨ ᠤᠶᠢᠯᠡᠰ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ | ᠨᠡᠮᠡᠷᠢ ᠦᠵᠡᠭᠦᠯᠬᠦ ᠬᠡᠷᠡᠭᠲᠡᠶ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |