ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠠᠰᠠᠷᠠᠬᠤ᠂ | ᠨᠠᠰᠤᠲᠠᠨ ᠢᠶᠠᠨ ᠬᠠᠪᠰᠤᠷᠬᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ | ᠲᠥᠯᠥᠭᠡ᠂ ᠨᠠᠰᠤᠲᠠᠶᠢᠴᠤᠳ ᠤᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠭᠦᠢᠴᠡᠳ ᠥᠷᠨᠢᠭᠦᠯᠵᠦ᠂ | ᠡᠷᠡᠭᠦᠯ ᠡᠩᠬᠡ ᠨᠠᠰᠤᠵᠢᠯᠲᠠ ᠶᠢ ᠪᠡᠶᠡᠯᠡᠭᠦᠯᠦᠨ᠎ᠡ᠃ 6 ᠰᠠᠷ᠎ᠠ ᠶᠢᠨ 12 ᠤᠨ ᠡᠳᠦᠷ ᠵᠦᠸᠧᠽᠢ ᠰᠢᠶᠠᠨ ᠤ | ᠪᠠᠶᠠᠨᠰᠢᠯᠢ ᠪᠠᠯᠭᠠᠰᠦᠨ ᠤ ᠵᠠᠰᠠᠭ ᠤᠨ ᠣᠷᠳᠣᠨ ᠰᠢᠶᠡᠨ ᠠᠷᠠᠳ ᠤᠨ ᠶᠠᠪᠤᠳᠠᠯ ᠤᠨ ᠲᠣᠪᠴᠢᠶ᠎ᠠ᠂ ᠰᠢᠶᠠᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠭᠤᠷᠪᠠᠨ ᠳᠡᠰ ᠤᠨ ᠡᠮᠴᠢᠯᠡᠭᠡᠨ ᠤ ᠪᠠᠶᠢᠭᠤᠯᠤᠮᠵᠢ ᠬᠠᠮᠲᠤᠪᠡᠷ | ᠪᠠᠶᠠᠨᠰᠢᠯᠢ ᠪᠠᠯᠭᠠᠰᠦᠨ ᠤ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠤᠨ 60 ᠨᠠᠰᠤᠨ ᠠᠴᠠ ᠳᠡᠭᠡᠭᠰᠢᠬᠢ 56 | ᠨᠠᠰᠤᠲᠠᠨ ᠳᠤ ᠰᠦᠢᠳᠬᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠵᠦ ᠥᠭᠴᠡᠶ᠃ | ᠪᠠᠶᠠᠨᠰᠢᠯᠢ ᠪᠠᠯᠭᠠᠰᠦᠨ ᠤ ᠵᠠᠰᠠᠭ ᠤᠨ ᠣᠷᠳᠣᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠮᠠᠨ ᠤ | ᠰᠢᠶᠡᠨ ᠤ ᠭᠤᠷᠪᠠᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠵᠣᠬᠢᠴᠠᠭᠤᠯᠵᠠᠶ᠃ | ᠡᠮᠨᠡᠯᠭᠡ ᠶᠢᠨ ᠮᠡᠷᠭᠡᠵᠢᠯᠲᠡᠨ ᠢ ᠲᠣᠮᠢᠯᠠᠨ ᠴᠢᠰᠤᠨ ᠤ ᠪᠠᠶᠢᠴᠠᠭᠠᠯᠲᠠ᠂ ᠰᠢᠭᠡᠰᠦᠨ ᠤ ᠪᠠᠶᠢᠴᠠᠭᠠᠯᠲᠠ᠂ ᠵᠢᠷᠦᠬᠡᠨ ᠤ | ᠴᠠᠬᠢᠯᠭᠠᠨ᠂ B ᠬᠡᠳᠦ ᠳᠣᠯᠭᠢᠶᠠᠨ ᠵᠡᠷᠭᠡ ᠬᠡᠮᠵᠢᠭᠦᠷᠯᠢᠭ ᠢ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠭᠡᠵᠦ᠂ | ᠨᠠᠰᠤᠲᠠᠶᠢᠴᠤᠳ ᠲᠤ ᠴᠢᠰᠤᠨ ᠳᠠᠷᠤᠯᠲᠠ᠂ ᠵᠢᠷᠦᠬᠡᠨ ᠤ ᠯᠤᠭᠰᠢᠯᠲᠠ ᠶᠢᠨ ᠵᠢᠷᠤᠭ᠂ ᠴᠢᠰᠤ ᠠᠪᠴᠤ ᠠᠮᠢᠳᠤ | ᠪᠣᠳᠠᠰ ᠤᠨ ᠬᠢᠮᠢ ᠶᠢᠨ ᠪᠠᠶᠢᠴᠠᠭᠠᠯᠲᠠ᠂ ᠰᠢᠭᠡᠰᠦᠨ ᠤ ᠪᠠᠶᠢᠴᠠᠭᠠᠯᠲᠠ᠂ ᠵᠢᠷᠦᠬᠡᠨ ᠭᠡᠮ᠂ B ᠬᠡᠳᠦ ᠳᠣᠯᠭᠢᠶᠠᠨ | ᠵᠡᠷᠭᠡ ᠪᠠᠷ ᠦᠨ᠎ᠡ ᠲᠥᠯᠥᠪᠦᠷᠢ ᠦᠭᠡᠢ ᠪᠠᠷ ᠡᠭᠦᠳᠡᠨ ᠳᠤ ᠣᠴᠢᠬᠤ ᠤᠶᠢᠯᠡᠴᠢᠯᠡᠭᠡ ᠬᠠᠩᠭᠠᠨ᠎ᠠ᠃ | ᠪᠠᠶᠢᠴᠠᠭᠠᠬᠤ ᠦᠶ᠎ᠡ ᠳᠤ᠂ ᠡᠮᠴᠢ ᠮᠡᠷᠭᠡᠵᠢᠯ ᠤᠨ ᠠᠵᠢᠯᠲᠠᠨ ᠪᠠᠰᠠ ᠠᠰᠠᠭᠤᠨ ᠰᠤᠷᠠᠬᠤ ᠲᠠᠢ ᠤᠶᠠᠯᠳᠤᠭᠤᠯᠤᠨ᠂ | ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠪᠠᠶᠢᠳᠠᠯ ᠢ ᠦᠨᠳᠦᠰᠦᠯᠡᠨ ᠬᠠᠨᠳᠤᠯᠭᠠᠲᠤ ᠴᠢᠨᠠᠷᠲᠠᠶ ᠪᠠᠷ ᠡᠷᠡᠭᠦᠯ ᠮᠡᠨᠳᠦ | ᠶᠢᠨ ᠤᠬᠠᠭᠤᠯᠭ᠎ᠠ ᠬᠥᠮᠦᠵᠢᠯ ᠪᠠ ᠡᠷᠡᠭᠦᠯᠵᠢᠯ ᠤᠨ ᠮᠡᠳᠡᠯᠭᠡ ᠶᠢ ᠤᠯᠠᠮᠵᠢᠯᠠᠨ᠎ᠠ᠃ ᠡᠨᠡ ᠤᠳᠠᠭᠠᠨ ᠤ | ᠬᠥᠳᠡᠯᠭᠡᠭᠡᠨ ᠢᠶᠠᠷ ᠳᠠᠮᠵᠢᠨ᠂ ᠥᠷᠭᠡᠨ ᠤᠯᠠᠨ ᠨᠠᠰᠤᠲᠠᠶᠢᠴᠤᠳ ᠲᠤ ᠨᠡᠶᠢᠭᠡᠮ ᠵᠢᠷᠤᠮ ᠤᠨ ᠶᠡᠭᠡ ᠭᠡᠷ ᠪᠦᠯᠢ ᠶᠢᠨ | ᠬᠠᠯᠠᠭᠤᠨ ᠳᠤᠯᠠᠭᠠᠨ ᠪᠠ ᠡᠶ᠎ᠡ ᠵᠤᠬᠢᠴᠠᠯ ᠲᠠᠢ ᠪᠠᠶᠢᠬᠤ ᠶᠢ ᠦᠨᠡᠨ ᠬᠦ ᠮᠡᠳᠡᠷᠡᠭᠦᠯᠵᠦ᠂ ᠨᠠᠮ ᠪᠠ ᠵᠠᠰᠠᠭ ᠤᠨ | ᠣᠷᠳᠣᠨ ᠤ ᠬᠡᠷᠡᠭᠵᠢᠭᠦᠯᠵᠦ ᠪᠠᠶᠢᠭ᠎ᠠ ︽ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠠᠢ᠂ ᠥᠲᠡᠯᠪᠡᠯ | ᠴᠡᠩᠭᠡᠯ ᠲᠠᠢ︾ ᠪᠠᠶᠢᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠢ | ᠣᠶᠢᠯᠠᠭᠠᠭᠤᠯᠤᠭᠰᠠᠨ ᠪᠠᠶᠢᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |