ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠢᠦᠶ ᠳ᠋ᠦᠩ᠂ ᠸᠡᠨ ᠯᠠᠨ ᠵᠦᠸᠧᠽᠢ  ᠰᠢᠶᠡᠨ ᠳᠤ ᠬᠦᠷᠴᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2020-07-14
    ᠣᠶᠢᠷ᠎ᠠ ᠳᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠢᠦᠶ ᠳ᠋ᠦᠩ᠂ ᠸᠡᠨ ᠯᠠᠨ ᠬᠤᠲᠠ ᠶᠢᠨ ᠣᠯᠣᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠰᠠᠨᠠᠯ ᠵᠥᠪᠯᠡᠯᠭᠡ ᠶᠢᠨ ᠺᠣᠮᠢᠰ᠂ ᠰᠣᠶᠣᠯ ᠲᠡᠤᠬᠡ ᠪᠠ ᠰᠤᠷᠤᠯᠴᠠᠯᠭ᠎ᠠ ᠶᠢᠨ ᠵᠥᠪᠯᠡᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠰᠣᠨᠢᠨ ᠤ ᠬᠤᠷᠢᠶ᠎ᠠ ᠶᠢᠨ ᠤᠤᠯ ᠤᠨ ᠳᠠᠷᠤᠭ᠎ᠠ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠵᠦᠸᠧᠽᠢ ᠰᠢᠶᠠᠨ ᠳᠤ ᠬᠦᠷᠴᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠢᠯᠢᠳᠡᠭᠵᠢᠭᠦᠯᠬᠦ ᠲᠤᠰᠬᠠᠶ ᠰᠡᠳᠤᠪ ᠢᠶᠠᠷ ᠵᠥᠪᠳᠡᠯᠴᠡᠨ ᠪᠠᠶᠢᠴᠠᠭᠠᠨ ᠰᠤᠳᠤᠯᠤᠯᠲᠠ ᠥᠷᠨᠢᠭᠦᠯᠪᠡ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠡᠤ ᠵᠢᠶᠠᠨ ᠴᠢᠩ᠂ ᠵᠠᠰᠠᠭ ᠤᠨ ᠣᠷᠳᠣᠨ ᠤ ᠳᠡᠳ᠋ ᠰᠢᠶᠡᠨ ᠤ ᠳᠠᠷᠤᠭ᠎ᠠ ᠷᠧᠨ ᠴᠠᠩ ᠸᠠᠩ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠡ᠃    ᠪᠠᠶᠢᠴᠠᠭᠠᠨ ᠰᠤᠳᠤᠯᠬᠤ ᠳᠤᠭᠤᠶᠢᠯᠠᠩ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠪᠠᠶᠢᠳᠠᠯ ᠢ  ᠲᠠᠨᠢᠯᠴᠠᠭᠤᠯᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠷᠢᠳ ᠬᠤᠵᠢᠳ ᠵᠦᠸᠧᠽᠢ ᠶᠢᠨ ᠣᠲᠣᠮᠠᠯ ᠲᠠᠬᠢᠶᠠᠨ ᠤ ᠮᠦᠽᠧᠶ᠂ ᠰᠢᠩ ᠹᠧᠩ ᠰᠢᠨ᠎ᠡ ᠡᠨᠧᠷᠭᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠢ ᠳ᠋ᠦᠩ ᠳ᠋ᠦᠩ ᠰᠢᠩ ᠬᠢᠮᠢ ᠶᠢᠨ ᠠᠵᠤ ᠤᠶᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ  ᠤᠶᠢᠯᠡᠳᠪᠦᠷᠢᠯᠡᠯ ᠤᠨ ᠪᠠᠶᠢᠳᠠᠯ ᠵᠢᠴᠢ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠦᠷᠦ ᠶᠢᠨ ᠪᠣᠳᠣᠯᠭ᠎ᠠ ᠶᠢᠨ ᠣᠷᠴᠢᠨ ᠲᠣᠭᠤᠷᠢᠨ᠂ ᠨᠡᠶᠢᠭᠡᠮ ᠤᠨ ᠣᠷᠴᠢᠨ ᠲᠣᠭᠤᠷᠢᠨ ᠵᠡᠷᠭᠡ ᠲᠠᠯ᠎ᠠ ᠪᠠᠷ ᠤᠷᠤᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠪᠠ᠃    ᠶᠠᠷᠢᠯᠴᠠᠬᠤ ᠬᠤᠷᠠᠯ ᠳᠡᠭᠡᠷ᠎ᠡ᠂ ᠷᠧᠨ ᠴᠠᠩ ᠸᠠᠩ ᠮᠠᠨ ᠤ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠷᠦᠩᠬᠡᠶ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠲᠣᠰ  ᠬᠦᠷᠢᠶ᠎ᠡ ᠴᠠᠷᠠᠭ᠎ᠠ ᠶᠢᠨ ᠢᠶᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠠᠪᠤᠴᠠ ᠳᠤ ᠲᠤᠯᠭᠠᠷᠠᠵᠤ ᠪᠠᠶᠢᠭ᠎ᠠ ᠬᠦᠴᠢᠷᠳᠡᠯ ᠤᠨ ᠲᠣᠭᠤᠷᠢᠨ ᠳᠤ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠪᠠ᠃    ᠦ ᠵᠢᠶᠠᠨ ᠴᠢᠩ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠰᠢᠯᠢᠳᠡᠭᠵᠢᠭᠦᠯᠬᠦ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠡᠯ᠎ᠡ ᠰᠠᠯᠠᠭ᠎ᠠ ᠮᠥᠴᠢᠷ ᠬᠤᠳᠠᠯᠳᠤᠭ᠎ᠠ ᠡᠵᠡᠩᠨᠡᠬᠦ ᠣᠷᠴᠢᠨ ᠢ ᠪᠣᠶ ᠪᠣᠯᠭᠠᠬᠤ ᠦᠵᠡᠯᠲᠡ ᠪᠠᠨ ᠴᠢᠩᠭᠠᠳᠬᠠᠵᠤ᠂ ᠬᠥᠭᠵᠢᠯᠲᠡ ᠶᠢᠨ ᠤᠬᠠᠮᠰᠠᠷ ᠪᠣᠯᠤᠨ  ᠤᠶᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠡᠢ᠃ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ  ᠳᠡᠭᠡᠭᠰᠢᠯᠡᠭᠦᠯᠦᠨ᠎ᠡ᠃ ᠰᠠᠶᠢᠨ ᠲᠤᠷᠰᠢᠯᠭ᠎ᠠ ᠬᠢᠳᠡᠯ ᠢ ᠨᠠᠷᠢᠨ ᠬᠢᠨᠠᠮᠠᠭᠠᠶ ᠳ᠋ᠦᠩᠨᠡᠵᠦ᠂ ᠲᠠᠰᠤᠷᠠᠯᠲᠠ ᠦᠭᠡᠢ ᠰᠤᠷᠤᠯᠴᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠭᠦᠨᠵᠡᠭᠡᠶ ᠪᠥᠭᠡᠳ ᠪᠦᠲᠦᠮᠵᠢᠲᠡᠶ ᠪᠠᠷ ᠥᠷᠨᠢᠭᠦᠯᠬᠦ ᠶᠢ ᠠᠬᠢᠭᠤᠯᠵᠤ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ᠃            ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2