ᠨᠢᠭᠡ ᠳᠤ᠂ ᠤᠯᠤᠰ ᠶᠢᠨ ᠥᠮᠴᠢᠯᠡᠯᠲᠡ ᠠᠵᠤ ᠠᠬᠤᠶᠢᠯᠠᠯ ᠪᠡᠯᠡ ᠣᠷᠣᠭᠤᠯᠤᠨ ᠤᠶᠢᠯᠡᠳᠪᠦᠷᠢ ᠪᠠᠶᠢᠭᠤᠯᠬᠤ᠂ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠲᠦᠷᠢᠶᠡᠰᠦᠯᠡᠨ ᠬᠡᠷᠡᠭᠯᠡᠬᠦ᠂ ᠶᠠᠳᠠᠭᠤ ᠬᠦᠴᠢᠷᠳᠡᠯᠲᠡᠶ ᠡᠷᠦᠬᠡ ᠠᠰᠢᠭ | ᠬᠦᠷᠳᠡᠬᠦ ᠵᠠᠭᠪᠤᠷ ᠢ ᠠᠪᠴᠤ᠂ ᠠᠯᠲᠠᠨ ᠳᠠᠬᠢᠶ᠎ᠠ ᠶᠠᠳᠠᠭᠤ ᠶᠢ ᠲᠡᠳᠬᠦᠬᠦ ᠲᠥᠷᠥᠯ ᠵᠦᠢᠯ᠂ ᠬᠦᠢᠲᠡᠨ ᠰᠡᠷᠢᠭᠦᠨ | ᠢᠳᠡᠰᠢᠨ ᠨᠣᠭᠤᠭ᠎ᠠ ᠡᠳᠡᠰᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ᠂ ᠭᠡᠷᠡᠯ ᠴᠡᠨᠡᠭ ᠢᠶᠠᠷ ᠶᠠᠳᠠᠭᠤ ᠶᠢ | ᠲᠡᠳᠬᠦᠬᠦ ᠲᠥᠷᠥᠯ ᠵᠦᠢᠯ ᠢ ᠪᠠᠶᠢᠭᠤᠯᠤᠨ᠂ 1400 ᠭᠠᠷᠤᠶ ᠨᠡᠭᠦᠭᠰᠡᠨ ᠣᠯᠠᠨ ᠲᠦᠮᠡᠨ ᠳᠤ ᠲᠣᠭᠲᠠᠪᠤᠷᠢᠲᠠᠶ ᠠᠵᠢᠯ | ᠣᠯᠭᠤᠵᠤ᠂ ᠵᠢᠯ ᠤᠨ ᠣᠷᠣᠯᠭ᠎ᠠ ᠲᠦᠮᠡ ᠠᠴᠠ 2 ᠲᠦᠮᠡᠨ ᠲᠥᠭᠦᠷᠢᠭ ᠵᠢᠴᠢ ᠶᠠᠭ ᠪᠠᠶᠢᠭᠤᠯᠵᠤ ᠪᠠᠶᠢᠭ᠎ᠠ | ᠵᠢᠶᠠᠩᠶ᠋ᠢᠦ ᠶᠢᠨ ᠤᠶᠢᠯᠡᠳᠪᠦᠷᠢ ᠶᠢᠨ ᠲᠥᠷᠥᠯ ᠵᠦᠢᠯ᠂ ᠤᠰᠤ ᠥᠬᠡᠶᠢᠳᠡᠭᠦᠯᠬᠦ ᠢᠳᠡᠰᠢᠨ ᠨᠣᠭᠤᠭ᠎ᠠ ᠶᠢᠨ ᠲᠥᠷᠥᠯ | ᠵᠦᠢᠯ᠂ ᠯᠢᠦ ᠪᠢ ᠵᠢᠤᠢ ᠵᠢᠶᠠᠩ ᠨᠣᠭᠤᠭ᠎ᠠ ᠪᠣᠯᠪᠠᠰᠤᠷᠠᠭᠤᠯᠬᠤ ᠲᠥᠷᠥᠯ ᠵᠦᠢᠯ᠂ ᠲᠥᠮᠥᠰᠥ ᠶᠢᠨ ᠨᠤᠨᠲᠠᠭ ᠤᠨ | ᠲᠥᠷᠥᠯ ᠵᠦᠢᠯ᠂ ᠪᠤᠷᠴᠠᠭ ᠤᠨ ᠪᠦᠲᠦᠭᠡᠭᠳᠡᠬᠦᠨ ᠤ ᠤᠶᠢᠯᠡᠳᠪᠦᠷᠢ ᠶᠢᠨ ᠲᠥᠷᠥᠯ ᠵᠦᠢᠯ ᠵᠢᠱᠢᠯᠲᠡ ᠪᠠᠷ 1000 | ᠰᠢᠬᠠᠮ ᠨᠡᠭᠦᠭᠰᠡᠨ ᠣᠯᠠᠨ ᠲᠦᠮᠡᠨ ᠳᠤ ᠠᠵᠢᠯ ᠣᠯᠭᠤᠬᠤ ᠪᠣᠯᠤᠨ᠎ᠠ᠃ ᠡᠭᠦᠨ ᠤ ᠬᠠᠮᠲᠤ᠂ ᠳᠡᠭᠡᠷ᠎ᠡ ᠳᠤᠷᠠᠳᠤᠭᠰᠠᠨ | ᠨᠢᠭᠡᠨᠲᠡ ᠪᠠᠶᠢᠭᠤᠯᠤᠭᠰᠠᠨ ᠲᠥᠷᠥᠯ ᠵᠦᠢᠯ ᠤᠨ ᠠᠰᠢᠭ ᠣᠷᠣᠯᠭ᠎ᠠ ᠶᠢᠨ ᠪᠠᠶᠢᠳᠠᠯ ᠢ ᠦᠨᠳᠦᠰᠦᠯᠡᠨ ᠵᠦᠸᠧᠽᠢ | ᠰᠢᠶᠠᠨ ᠤ ᠶᠠᠳᠠᠭᠤ ᠶᠢ ᠲᠡᠳᠬᠦᠬᠦ ᠵᠤᠷᠢᠭᠵᠢᠭᠤᠯᠤᠯ ᠠᠵᠢᠯ ᠤᠨ ᠪᠠᠶᠢᠷᠢ ᠶᠢᠨ ᠵᠢᠯᠣᠭᠤᠳᠬᠤ ᠰᠠᠨᠠᠯ ᠢ ᠲᠤᠭᠲᠠᠭᠠᠵᠤ᠂ | 635 ᠨᠡᠷᠡᠰ ᠨᠡᠭᠦᠭᠰᠡᠨ ᠣᠯᠠᠨ ᠲᠦᠮᠡᠨ ᠢ ᠰᠢᠷᠭᠠᠭᠤ ᠬᠥᠳᠡᠯᠮᠦᠷᠢ ᠪᠠᠷ ᠢᠶᠠᠨ ᠲᠣᠭᠲᠠᠭᠤᠨ ᠠᠰᠢᠭ ᠤᠯᠭᠤᠪᠠ᠃ | ᠬᠤᠶᠠᠷ ᠲᠤ ᠨᠡᠭᠦᠯᠭᠡᠭᠰᠡᠨ ᠵᠢᠵᠢᠭ ᠲᠣᠭᠤᠷᠢᠭ ᠨᠢᠭᠡᠪᠦᠷᠢ ᠳᠤ ᠴᠥᠮ ︽ᠤᠷᠠᠨ ᠭᠠᠷ ᠢᠶᠠᠷ ᠶᠠᠳᠠᠭᠤ ᠶᠢ | ᠳᠡᠳᠬᠦᠬᠦ ᠲᠠᠰᠤᠭ︾ ᠢ ᠪᠠᠶᠢᠭᠤᠯᠵᠤ᠂ ᠶᠡᠷᠦᠩᠬᠡᠶ ᠲᠠᠯᠠᠪᠠᠶ ᠨᠢ 8600 ᠭᠠᠷᠤᠶ ᠲᠡᠭᠰᠢ ᠳᠥᠷᠪᠡᠯᠵᠢᠨ ᠮᠧᠲᠷ ᠲᠤ | ᠬᠦᠷᠴᠡᠶ᠃ ᠤᠶᠢᠯᠡᠳᠪᠦᠷᠢ ᠶᠢᠨ ᠲᠠᠰᠤᠭ ᠢ ᠠᠰᠢᠭᠯᠠ ᠪᠠᠭᠤᠷᠠᠶ ᠬᠥᠳᠡᠯᠮᠦᠷᠢ ᠶᠢᠨ ᠴᠢᠳᠠᠪᠤᠷᠢ ᠶᠢᠨ ᠬᠠᠮᠲᠤᠯᠢᠭ ᠲᠤ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠵᠦ᠂ ᠨᠠᠮ ᠤᠨ ᠡᠭᠦᠷ + ᠶᠠᠳᠠᠭᠤ ᠶᠢ ᠲᠡᠳᠬᠦᠬᠦ | ᠤᠶᠢᠯᠡᠳᠪᠦᠷᠢ ᠶᠢᠨ ᠲᠠᠰᠤᠭ + ᠶᠠᠳᠠᠭᠤ ᠬᠦᠴᠢᠷᠳᠡᠯᠲᠡᠶ ᠡᠷᠦᠬᠡ︾ ᠭᠡᠬᠦ ᠰᠡᠳᠬᠢᠮᠵᠢ ᠶᠣᠰᠣᠭᠠᠷ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ᠂ ᠮᠡᠳᠡᠭᠡ ᠵᠠᠩᠭᠢ ᠴᠤᠭᠯᠠᠭᠤᠯᠬᠤ᠂ ᠪᠠᠶᠢᠳᠠᠯ ᠢ ᠵᠠᠳᠠᠯᠬᠤ᠂ ᠵᠢᠷᠤᠭ ᠡᠯᠭᠦᠵᠦ | ᠪᠠᠶᠢᠯᠳᠤᠭᠠᠨ ᠬᠢᠬᠦ᠂ ᠠᠵᠢᠯ ᠣᠯᠭᠤᠯᠲᠠ ᠶᠢ ᠨᠠᠶᠢᠳᠠᠪᠤᠷᠢᠵᠢᠭᠤᠯᠬᠤ᠂ ᠡᠬᠡ ᠳᠠᠩᠰᠠ ᠪᠠᠶᠢᠭᠤᠯᠬᠤ᠂ ᠪᠤᠶᠠᠨ | ᠤᠶᠢᠯᠡᠳᠬᠦ ᠺᠠᠷᠲ ᠡᠯᠭᠦᠬᠦ ᠣᠨᠳᠣᠤ ᠭᠠᠵᠠᠷ ᠲᠤ ᠠᠵᠢᠯ ᠣᠯᠭᠤᠬᠤ ︽ᠲᠤᠯᠤᠭᠠᠨ ᠠᠯᠬᠤᠮ ᠤᠨ ᠠᠷᠭ᠎ᠠ︾ ᠪᠠᠷ | ᠳᠠᠮᠵᠢᠭᠤᠯᠤᠨ ᠶᠠᠳᠠᠭᠤ ᠶᠢ ᠲᠡᠳᠬᠦᠬᠦ ᠤᠶᠢᠯᠡᠳᠪᠦᠷᠢ ᠶᠢᠨ ᠲᠠᠰᠤᠭ ᠤᠨ ᠬᠠᠮᠢᠶᠠᠷᠤᠯᠲᠠ᠂ ᠮᠡᠷᠭᠡᠵᠢᠯ ᠤᠨ | ᠵᠢᠯᠣᠭᠤᠳᠣᠯᠭ᠎ᠠ᠂ ᠪᠦᠲᠦᠭᠡᠭᠳᠡᠬᠦᠨ ᠢ ᠲᠤᠰᠢᠶᠠᠨ ᠥᠭᠬᠦ ᠵᠡᠷᠭᠡ ᠡᠯ᠎ᠡ ᠵᠦᠢᠯ ᠤᠨ ᠠᠵᠢᠯ ᠢ ᠠᠬᠢᠭᠤᠯᠵᠤ᠂ ᠬᠤᠷᠢᠶᠠᠨ | ᠠᠪᠬᠤ ᠰᠠᠭᠰᠤᠨ ᠤ ᠣᠷᠣᠨ ᠲᠤᠭ᠎ᠠ᠂ ᠠᠷᠠᠰᠤᠨ ᠤᠭᠤᠲᠠᠲᠤ ᠠᠷᠢᠬᠢᠨ ᠳᠡᠪᠦᠷ᠎ᠡ ᠶᠢ ᠣᠶᠣᠵᠤ᠂ ᠦᠨᠳᠦᠰᠦᠲᠡᠨ ᠤ | ᠭᠠᠷ ᠤᠷᠠᠯᠠᠯ ᠤᠨ ᠪᠦᠲᠦᠭᠡᠭᠳᠡᠬᠦᠨ ᠤᠶᠢᠯᠡᠳᠬᠦ᠂ ᠮᠠᠰᠢᠨ ᠲᠡᠷᠭᠡᠨ ᠤ ᠳᠡᠪᠢᠰᠬᠡᠷ ᠡᠳᠡᠰᠢᠭᠦᠯᠬᠦ᠂ ᠬᠤᠪᠴᠠᠰᠤ ᠬᠤᠨᠠᠷ | ᠡᠳ᠋ᠰᠢᠭᠦᠯᠬᠦ᠂ ᠳᠤᠮᠳᠠᠳᠤ ᠤᠯᠤᠰ ᠤᠨ ᠵᠠᠩᠭᠢᠳᠬᠤ ᠮᠡᠷᠭᠡᠵᠢᠯ᠂ ᠵᠢᠭᠠᠰᠤᠨ ᠭᠤᠬ᠎ᠠ ᠤᠶᠢᠯᠡᠳᠬᠦ᠂ ᠵᠢᠶᠠᠩ ᠨᠣᠭᠤᠭ᠎ᠠ | ᠳᠠᠪᠤᠰᠤᠯᠠᠬᠤ ᠵᠡᠷᠭᠡ ᠬᠥᠳᠡᠯᠮᠦᠷᠢ ᠨᠢᠭᠲᠠᠷᠬᠠᠰᠠᠨ ᠠᠵᠤ ᠠᠬᠤᠶᠢᠯᠠᠯ 2572 ᠭᠠᠷᠤᠶ ᠬᠥᠳᠡᠯᠮᠦᠷᠢᠯᠡᠬᠦ ᠴᠢᠳᠠᠪᠤᠷᠢ ᠶᠢ | ᠨᠡᠭᠦᠯᠭᠡᠭᠰᠡᠨ ᠤᠯᠠᠨ ᠲᠦᠮᠡᠨ ᠤ ᠭᠡᠷ ᠤᠨ ᠡᠭᠦᠳᠡᠨ ᠳᠡᠭᠡᠨ ᠠᠵᠢᠯ ᠤᠯᠬᠤ ᠶᠢ ᠪᠡᠶᠡᠯᠡᠭᠦᠯᠪᠡ᠃ 2019 ᠣᠨ ᠤ 8 | ᠰᠠᠷ᠎ᠠ ᠳᠤ ᠮᠠᠨ ᠤ ᠰᠢᠶᠠᠨ ᠤ ︽ᠤᠷᠠᠨ ᠭᠠᠷ ᠶᠠᠳᠠᠭᠤ ᠶᠢ ᠲᠡᠳᠬᠦᠬᠦ ᠤᠶᠢᠯᠡᠳᠪᠦᠷᠢ ᠶᠢᠨ ᠲᠠᠰᠤᠭ︾ ᠨᠢ ᠪᠥᠬᠦ | ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠪᠥᠬᠦ ᠤᠯᠤᠰ ᠤᠨ ᠡᠮᠡᠭᠲᠡᠶᠢᠴᠦᠳ ᠤᠨ | ᠶᠠᠳᠠᠭᠤ ᠠᠴᠠ ᠠᠩᠭᠢᠵᠢᠷᠠᠭᠤᠯᠬᠤ ᠵᠢᠱᠢᠶ᠎ᠡ ᠦᠵᠡᠭᠦᠯᠬᠦ ᠰᠠᠭᠤᠷᠢᠨ︾ ᠬᠡᠮᠡᠬᠦ ᠴᠣᠯᠠ ᠭᠥᠷᠳᠡᠪᠡ᠃ | ᠭᠤᠷᠪᠠ ᠳᠤ ᠵᠦᠸᠧᠽᠢ ᠴᠠᠬᠢᠯᠭᠠᠨ ᠤ ᠤᠶᠢᠯᠡᠳᠪᠦᠷᠢ᠂ ᠵᠦᠩ ᠰᠢ ᠠᠭᠤᠷᠬᠠᠶ ᠶᠢᠨ ᠤᠶᠢᠯᠡᠰ᠂ ᠯᠢᠲ᠋ᠢ ᠳ᠋ᠢᠶᠠᠨ | ᡂᠢ ᠶᠢᠨ ᠤᠶᠢᠯᠡᠳᠪᠦᠷᠢ᠂ ᠢ ᠳ᠋ᠦᠩ ᠬᠢᠮᠢ ᠶᠢᠨ ᠠᠵᠤ ᠤᠶᠢᠯᠡᠳᠪᠦᠷᠢ ᠵᠢᠴᠢ ᠪᠠᠷᠢᠯᠭ᠎ᠠ᠂ ᠭᠡᠷ ᠤᠨ ᠶᠠᠪᠤᠳᠠᠯ᠂ | ᠢᠳᠡᠭᠡᠨ ᠤᠮᠳᠠᠭᠠᠨ᠂ ᠵᠥᠭᠡᠭᠡᠪᠦᠷᠢᠯᠡᠬᠦ᠂ ᠰᠡᠯᠪᠢᠨ ᠵᠠᠰᠠᠬᠤ ᠵᠡᠷᠭᠡ ᠠᠵᠢᠯ ᠲᠥᠷᠥᠯ ᠲᠠᠢ ᠬᠤᠯᠪᠣᠭᠳᠠᠨ᠎ᠠ᠃ ᠵᠣᠴᠢᠨ | ᠡᠷᠦᠬᠡ ᠶᠢᠨ ᠬᠡᠷᠡᠭᠴᠡᠭᠡ ᠶᠣᠰᠣᠭᠠᠷ ᠣᠯᠠᠨ ᠲᠦᠮᠡᠨ ᠢ ᠨᠡᠭᠦᠯᠭᠡᠨ ᠪᠣᠯᠪᠠᠰᠤᠷᠠᠭᠤᠯᠤᠭᠰᠠᠨ ᠤ ᠳᠠᠷᠠᠭ᠎ᠠ ᠠᠵᠢᠯ ᠤᠨ | ᠪᠠᠶᠢᠷᠢ ᠳᠤ ᠭᠠᠷᠭᠠᠬᠤ ᠪᠠᠷ ᠲᠣᠬᠢᠷᠠᠭᠤᠯᠵᠤ᠂ 1606 ᠨᠡᠷᠡᠰ ᠨᠡᠭᠦᠭᠰᠡᠨ ᠣᠯᠠᠨ ᠲᠦᠮᠡᠨ ᠤ ᠠᠵᠢᠯ ᠣᠯᠬᠤ | ᠠᠰᠠᠭᠤᠳᠠᠯ ᠢ ᠰᠢᠢᠳᠪᠦᠷᠢᠯᠡᠵᠦ᠂ ᠬᠥᠮᠦᠨ ᠳᠤᠮᠳᠠᠴᠢ ᠶᠢᠨ ᠵᠢᠯ ᠤᠨ ᠴᠡᠪᠡᠷ ᠣᠷᠣᠯᠭ᠎ᠠ ᠪᠠᠷᠤᠭ 2 ᠲᠦᠮᠡᠨ | ᠲᠥᠭᠦᠷᠢᠭ ᠬᠦᠷᠴᠡᠢ᠃ | ᠳᠥᠷᠪᠡ ᠳᠤ ᠠᠵᠢᠯ ᠣᠯᠭᠤᠬᠤ ᠲᠣᠪᠴᠢᠶ᠎ᠠ ᠶᠢ ᠵᠣᠬᠢᠴᠠᠭᠤᠯᠬᠤ ᠪᠠᠷ ᠳᠠᠮᠵᠢᠨ ᠪᠡᠶ᠎ᠡ ᠪᠠᠨ ᠳᠠᠭᠠᠭᠠᠵᠤ ᠠᠳᠠᠯ | ᠤᠶᠢᠯᠡᠰ ᠪᠣᠰᠬᠠᠬᠤ ᠬᠦᠰᠡᠯ ᠲᠠᠢ ᠪᠥᠭᠡᠳ ᠨᠥᠬᠦᠴᠡᠯ ᠪᠦᠷᠢᠳᠦᠭᠰᠡᠨ ᠨᠡᠭᠦᠲᠡᠯ ᠡᠷᠦᠬᠡ ᠶᠢ ᠲᠡᠳᠬᠦᠨ ᠳᠡᠮᠵᠢᠨ᠎ᠡ᠃ | ᠰᠦᠢᠳᠬᠡᠯ ᠬᠤᠷᠢᠶᠠᠬᠤ ᠦᠭᠡᠢ ᠪᠠᠷ ᠠᠳᠠᠯ ᠦᠢᠯᠡᠰ ᠴᠣᠭᠴᠠᠯᠠᠬᠤ ᠵᠢᠯᠣᠭᠤᠳᠤᠯᠭ᠎ᠠ ᠥᠭᠴᠦ ᠳᠠᠩᠰᠠ ᠡᠪᠬᠡᠮᠡᠯ | ᠪᠠᠶᠢᠭᠤᠯᠤᠨ ᠺᠠᠷᠲ ᠵᠣᠬᠢᠶᠠᠭᠰᠠᠨ 213 ᠶᠠᠳᠠᠭᠤ ᠬᠦᠴᠢᠷᠳᠡᠯᠲᠡᠶ ᠡᠷᠦᠬᠡ᠂ ᠡᠭᠦᠨ ᠳᠤ ᠪᠡᠶ᠎ᠡ ᠪᠠᠨ ᠳᠠᠭᠠᠭᠠᠵᠤ 47 | ᠳᠡᠯᠭᠡᠭᠦᠷ ᠨᠡᠭᠡᠭᠡᠵᠦ᠂ 158 ᠶᠠᠳᠠᠭᠤ ᠬᠦᠴᠢᠷᠳᠡᠯᠲᠡᠢ ᠡᠷᠦᠬᠡ ᠶᠢ ᠲᠦᠪᠬᠢᠨᠡᠭᠦᠯᠪᠡ︔ ᠵᠢᠮᠢᠰ ᠤᠨ ᠳᠡᠯᠭᠡᠭᠦᠷ 21 | ᠪᠠᠶᠢᠵᠤ᠂ 55 ᠶᠠᠳᠠᠭᠤ ᠬᠦᠴᠢᠷᠳᠡᠯᠲᠡᠢ ᠡᠷᠦᠬᠡ ᠶᠢ ᠲᠥᠪᠬᠢᠨᠡᠭᠦᠯᠪᠡ᠃ ᠵᠢᠯ ᠤᠨ ᠣᠷᠣᠯᠭ᠎ᠠ ᠨᠢ ᠪᠠᠷᠤᠭ 2 | ᠲᠦᠮᠡ ᠠᠴᠠ 3 ᠲᠦᠮᠡᠨ ᠲᠥᠭᠦᠷᠢᠭ ᠪᠣᠯᠤᠨ᠎ᠠ᠃ | ᠲᠠᠪᠤ ᠳᠤ᠂ ᠨᠡᠭᠦᠯᠭᠡᠭᠰᠡᠨ ᠤ ᠳᠠᠷᠠᠭᠠᠬᠢ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠨᠠ᠃ ᠤᠤᠯ ᠤᠨ ᠪᠠᠶᠢᠭᠰᠠᠨ | ᠭᠠᠵᠠᠷ ᠰᠢᠷᠣᠶ ᠶᠢ ᠡᠷᠭᠢᠯᠳᠦᠭᠦᠯᠵᠦ ᠪᠣᠯᠬᠤ ᠶᠢ ᠡᠷᠭᠢᠯᠳᠦᠭᠦᠯᠵᠦ᠂ ᠡᠷᠭᠢᠯᠳᠦᠭᠦᠯᠬᠦ ᠨᠦᠬᠦᠴᠡᠯ ᠢ ᠪᠦᠷᠢᠯᠳᠦᠭᠦᠯᠦᠭᠡᠳᠦᠶ | ᠪᠦᠬᠦᠨ ᠢ ᠲᠠᠷᠢᠶᠠᠯᠠᠬᠤ ᠪᠠᠨ ᠵᠣᠭᠰᠣᠭᠠᠵᠤ ᠣᠢ ᠰᠢᠭᠤᠶ ᠡᠪᠡᠰᠦ ᠪᠡᠯᠴᠢᠭᠡᠷ ᠢ ᠰᠡᠷᠭᠦᠭᠡᠨ᠎ᠡ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |