ᠨᠠᠮ ᠤᠨ ᠬᠤᠷᠢᠶᠠᠨ ᠤ ᠱᠦᠵᠢ ᠸᠠᠩ ᠰᠢᠶᠣᠤ ᠵᠢᠶᠦ᠋ᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠄ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠶᠢᠯᠡᠳᠤᠯᠭᠡᠵᠢᠭᠦᠯᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2020-07-21
    7 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠣᠣ ᠵᠢᠶᠦ᠋ᠨ ᠵᠦᠸᠧᠽᠢ ᠱᠠᠨ ᠪᠠᠯᠭᠠᠰᠤᠨ ᠳᠤ ᠭᠦᠨᠵᠡᠭᠡᠶᠢᠷᠡᠨ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠂ ᠵᠢᠷᠭᠤᠭ᠎ᠠ ᠶᠢ ᠲᠣᠭᠲᠠᠪᠦᠷᠢᠵᠢᠭᠤᠯᠵᠤ ᠵᠢᠷᠭᠤᠭ᠎ᠠ ᠶᠢ ᠪᠠᠲᠤᠯᠠᠬᠤ ᠠᠵᠢᠯ ᠪᠣᠯᠤᠨ ᠠᠷᠠᠳ ᠤᠨ ᠠᠮᠢᠳᠤᠷᠠᠯ ᠤᠨ ᠳᠣᠪᠤᠶᠢᠮ᠎ᠠ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠡᠶ᠃ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠦᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠵᠥᠷᠢᠴᠡᠯ ᠠᠰᠠᠭᠤᠳᠠᠯ ᠢ ᠰᠢᠢᠳᠪᠦᠷᠢᠯᠡᠵᠦ᠂  ᠨᠡᠩ᠊ ᠨᠠᠷᠢᠨ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠪᠥᠬᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ  ᠪᠡᠶᠡᠯᠡᠬᠦᠯᠬᠦ ᠶᠢ ᠪᠠᠲᠤᠯᠠᠨ᠎ᠠ᠃
   ᠰᠢᠶᠠᠨ ᠤ ᠣᠷᠣᠰᠢᠭᠤᠯᠭ᠎ᠠ ᠶᠢᠨ ᠭᠠᠵᠠᠷ ᠲᠤ ᠪᠠᠷᠢᠯᠭ᠎ᠠ ᠶᠢᠨ ᠭᠠᠵᠠᠷ ᠪᠠᠶᠢᠭᠤᠯᠵᠤ᠂ ᠸᠠᠩ ᠰᠢᠶᠤᠤ ᠵᠢᠶᠦ᠋ᠨ ᠲᠤᠬᠠᠶ ᠶᠢᠨ ᠲᠠᠯᠠᠪᠤᠷ ᠲᠤ ᠪᠠᠷᠢᠯᠭ᠎ᠠ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠰᠢᠨ᠎ᠡ ᠣᠷᠣᠰᠢᠭᠤᠯᠭ᠎ᠠ ᠶᠢᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠠᠬᠢᠴᠠ ᠵᠢᠴᠢ ᠬᠦᠴᠢᠷᠳᠡᠯ ᠳᠤ ᠲᠤᠯᠭᠠᠷᠠᠵᠤ ᠪᠠᠶᠢᠭ᠎ᠠ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠸᠠᠩ ᠰᠢᠶᠣᠤ ᠵᠢᠶᠦ᠋ᠨ ᠵᠢᠭᠠᠵᠤ ᠭᠠᠷᠭᠠᠭᠰᠠᠨ ᠨᠢ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠨᠠᠩ ᠰᠠᠶᠢᠨ ᠬᠠᠩᠭᠠᠬᠤ ᠶᠢᠨ ᠲᠥᠯᠥᠭᠡ᠂ ᠣᠯᠠᠨ ᠨᠡᠶᠢᠲᠡ ᠶᠢᠨ ᠤᠶᠢᠯᠡᠴᠢᠯᠡᠭᠡᠨ ᠤ ᠳᠤᠲᠠᠭᠤᠳᠠᠯ ᠢ ᠠᠯᠬᠤᠮ ᠠᠯᠬᠤᠮ ᠢᠶᠠᠷ ᠨᠥᠬᠦᠪᠥᠷᠢᠯᠡᠵᠦ᠂ ᠣᠷᠣᠰᠢᠭᠤᠯᠭ᠎ᠠ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠠᠰᠤᠷᠠᠯᠲᠠ ᠤᠢᠭᠡᠢ ᠪᠠᠬᠢᠵᠢᠭᠦᠯᠦᠨ ᠴᠢᠩᠭᠠᠳᠬᠠᠬᠤ ᠬᠡᠷᠡᠭᠲᠡᠶ᠃ ᠵᠦᠸᠧᠽᠢ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠣᠯᠠᠨ ᠲᠦᠮᠡᠨ ᠤ ᠠᠵᠢᠯ ᠢ ᠭᠦᠨᠵᠡᠭᠡᠶ ᠨᠠᠷᠢᠯᠢᠭ ᠬᠢᠵᠦ ᠪᠣᠳᠠᠲᠠᠶ ᠬᠢᠵᠦ᠂ ᠤᠬᠠᠭᠤᠯᠭ᠎ᠠ ᠵᠢᠯᠣᠭᠤᠳᠤᠯᠭ᠎ᠠ ᠪᠠᠨ ᠴᠢᠩᠭᠠᠳᠬᠠᠵᠤ᠂ ᠰᠢᠨ᠎ᠡ ᠰᠤᠷᠲᠠᠯ ᠲᠥᠪ ᠰᠤᠷᠲᠠᠯ ᠢ ᠰᠠᠨᠠᠭᠠᠴᠢᠯᠠᠵᠤ᠂ ᠤᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠣᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠤᠨ᠎ᠠ᠃ ᠲᠡᠷᠡ ᠱᠠᠭᠠᠷᠳᠠᠭᠰᠠᠨ ᠨᠢ᠂ ᠪᠠᠷᠢᠯᠭ᠎ᠠ ᠶᠢᠨ ᠶᠠᠰᠤ ᠴᠢᠨᠠᠷ  ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠤᠰ ᠭᠠᠷᠠᠭ ᠤᠨ ᠳᠣᠲᠣᠷ᠎ᠠ ᠠᠵᠢᠯ ᠢᠶᠠᠨ ᠰᠡᠷᠭᠦᠭᠡᠵᠦ᠂ ᠭᠡᠷ ᠳᠣᠲᠣᠷᠠᠬᠢ ᠵᠠᠰᠠᠯ ᠴᠢᠮᠡᠭᠯᠡᠯ ᠤᠨ ᠠᠵᠢᠯ ᠢ ᠵᠡᠷᠭᠡᠪᠡᠷ ᠥᠷᠨᠢᠭᠦᠯᠵᠦ᠂ ᠤᠰᠤᠨ ᠴᠠᠬᠢᠯᠭᠠᠨ ᠳᠤᠯᠠᠭᠠᠯᠠᠭ᠎ᠠ  ᠵᠡᠷᠭᠡ ᠬᠠᠮᠢᠶ᠎ᠠ ᠪᠦᠬᠦᠢ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ 9 ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠰᠢᠭᠤᠯᠭ᠎ᠠ ᠶᠢᠨ ᠭᠠᠵᠠᠷ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃
   ᠸᠠᠩ ᠰᠢᠶᠣᠤ ᠵᠢᠶᠦ᠋ᠨ ᠵᠦᠸᠧᠽᠢ ᠰᠢᠶᠠᠨ ᠤ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠢ  ᠦᠭᠡᠷᠡᠴᠢᠯᠡᠨ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠭᠠᠵᠠᠷ ᠰᠣᠩᠭᠤᠬᠤ ᠭᠠᠵᠠᠷ ᠢ ᠪᠠᠶᠢᠴᠠᠭᠠᠨ ᠦᠵᠡᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠭᠠᠵᠠᠷ ᠤᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢᠨ ᠪᠠᠶᠢᠳᠠᠯ ᠤᠨ ᠲᠤᠬᠠᠶ ᠬᠠᠷᠢᠭᠤ  ᠮᠡᠳᠡᠭᠦᠯᠦᠯᠲᠡ ᠶᠢ ᠬᠢᠨᠠᠮᠠᠭᠠᠶ ᠰᠣᠨᠣᠰᠴᠤ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠢ ᠲᠡᠰ ᠳᠡᠪᠰᠢᠭᠦᠯᠦᠨ ᠥᠭᠡᠷᠡᠴᠢᠯᠡᠨ ᠪᠠᠶᠢᠭᠤᠯᠬᠤ ᠲᠦᠰᠦᠯ ᠢ ᠨᠤᠲᠠᠯᠠᠪᠠ᠃ ᠸᠠᠩ ᠰᠢᠶᠣᠤ ᠵᠢᠶᠦ᠋ᠨ ᠵᠢᠭᠠᠵᠤ ᠭᠠᠷᠭᠠᠭᠰᠠᠨ ᠨᠢ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠢ ᠪᠦᠳᠦᠭᠡᠨ ᠪᠠᠶᠢᠭᠤᠯᠵᠤ ᠥᠭᠡᠷᠡᠴᠢᠯᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢ ᠬᠠᠮᠠᠭᠠᠯᠠᠬᠤ ᠠᠵᠢᠯ ᠳᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠭᠠᠷᠭᠠᠬᠤ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠳᠡᠭᠡᠳᠦ  ᠬᠡᠮᠵᠢᠶ᠎ᠡ  ᠪᠠᠷ ᠴᠢᠬᠤᠯᠠᠴᠢᠯᠠᠨ ᠦᠵᠡᠬᠦ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠤᠩᠬᠤᠨ ᠤ ᠬᠦᠷᠢᠶᠡᠯᠡᠩ ᠤᠨ ᠲᠥᠯᠥᠪᠵᠢᠭᠦᠯᠭᠡ ᠨᠢ ᠨᠢᠭᠲᠠ ᠠᠴᠠ ᠨᠢᠭᠲᠠ ᠪᠠᠶᠢᠵᠤ᠂ ᠥᠪᠡᠷᠮᠢᠴᠡ ᠤᠷᠠᠨ ᠳᠠᠷᠬᠠᠨ ᠰᠡᠳᠬᠢᠯᠭᠡ ᠲᠠᠢ ᠪᠠᠶᠢᠵᠤ᠂ ᠨᠠᠷᠢᠨ ᠵᠦᠢᠯᠡᠰ ᠢ ᠨᠡᠩ ᠴᠢᠬᠤᠯᠠᠴᠢᠯᠠᠬᠤ ᠬᠡᠷᠡᠭᠲᠡᠶ᠃ ᠵᠣᠬᠢᠴᠠᠩᠭᠤᠶ ᠨᠢᠭᠡᠳᠦᠯ ᠢ ᠢᠯᠡᠷᠡᠭᠦᠯᠵᠦ᠂ ᠲᠡᠤᠬᠡ ᠶᠢᠨ ᠲᠥᠷᠥᠭᠳᠡᠯ᠂ ᠭᠦᠨ ᠵᠤᠵᠠᠭᠠᠨ ᠲᠥᠷᠥᠭᠳᠡᠯ ᠢ ᠳᠣᠪᠤᠶᠢᠯᠭᠠᠵᠤ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠲᠥᠪ ᠶᠡᠬᠡᠮᠰᠦᠭ ᠢ ᠪᠠᠲᠤᠯᠠᠵᠤ᠂ ᠦᠷᠡᠭᠳᠡᠭᠰᠡᠨ  ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠢ ᠣᠬᠤᠷᠬᠠᠨ ᠬᠤᠭᠤᠴᠠᠭᠠᠨ ᠳᠤ ᠴᠣ᠋ ᠰᠢᠨ᠎ᠡ ᠲᠦᠷᠢ ᠲᠥᠷᠬᠦ ᠲᠠᠢ  ᠪᠤᠯᠭᠠᠪᠠ᠃
  ᠰᠢᠶᠠᠨ ᠤ ᠬᠤᠷᠢᠬᠤ ᠭᠠᠵᠠᠷ ᠪᠠ ᠵᠠᠰᠠᠭ ᠵᠠᠬᠢᠷᠭᠠᠨ ᠤ ᠲᠦᠷ ᠬᠤᠷᠢᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠳᠤ᠂ ᠸᠠᠩ ᠰᠢᠶᠣᠤ ᠵᠢᠶᠦ᠋ᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠤᠨ ᠲᠥᠷᠥᠯ ᠵᠦᠢᠯ ᠤᠨ ᠪᠠᠷᠢᠯᠭ᠎ᠠ ᠪᠠᠷᠢᠬᠤ ᠵᠢᠴᠢ ᠬᠢᠨᠠᠨ ᠬᠠᠮᠢᠶᠠᠷᠬᠤ ᠨᠢᠭᠡᠴᠡ ᠶᠢᠨ ᠬᠠᠷᠢᠭᠤᠴᠠᠯᠭᠠᠲᠠᠨ ᠤ ᠠᠵᠢᠯ ᠤᠨ  ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠴᠦ᠂ ᠲᠡᠷᠡ ᠵᠢᠭᠠᠵᠤ ᠭᠠᠷᠭᠠᠭᠰᠠᠨ ᠨᠢ᠂ ᠬᠤᠷᠢᠭᠤᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠴᠣᠬᠤᠯᠠᠪᠤᠷᠢ ᠪᠠ ᠪᠡᠯᠡ  ᠤᠷᠤᠭᠤᠯᠤᠯᠲᠠ ᠨᠢ ᠬᠢᠯᠪᠠᠷ ᠪᠤᠰᠤ ᠪᠠᠶᠢᠵᠤ᠂ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠵᠦ᠂ ᠴᠢᠨᠠᠷ ᠰᠠᠶᠢᠲᠠᠶ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢᠶᠠᠷ ᠪᠥᠬᠦ ᠰᠢᠶᠠᠨ ᠤ ᠠᠮᠤᠷ ᠲᠦᠪᠰᠢᠨ ᠲᠣᠭᠲᠠᠭᠤᠨ ᠤᠶᠢᠯᠡᠴᠢᠯᠡᠬᠦ ᠬᠡᠷᠡᠭᠲᠡᠶ᠃ ᠸᠠᠩ ᠰᠢᠶᠤᠤ ᠵᠢᠶᠦ᠋ᠨ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ ᠪᠠᠷᠢᠯᠭ᠎ᠠ ᠶᠢᠨ ᠨᠢᠭᠡᠴᠢ ᠶᠢᠨ ᠲᠦᠯᠦᠭᠡᠯᠡᠭᠴᠢ᠂ ᠬᠥᠯᠥᠰᠥᠨ ᠠᠵᠢᠯᠴᠢᠨ ᠤ ᠲᠥᠯᠥᠭᠡᠯᠡᠭᠴᠢᠳ ᠲᠠᠢ ᠶᠠᠷᠢᠯᠴᠠᠪᠠ᠃ ᠲᠡᠷᠡ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ  ᠤᠨᠴᠠᠭᠠᠢ ᠴᠠᠭ  ᠦᠶ᠎ᠡ ᠳᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ ︾ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠠ  ᠦᠷᠭᠡᠳᠬᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠬᠥᠯᠥᠰᠥᠨ ᠠᠵᠢᠯᠴᠢᠨ ᠤ ᠴᠠᠯᠢᠩ ᠥᠭᠬᠦ ᠶᠢ ᠪᠠᠲᠤᠯᠠᠬᠤ ᠶᠠᠪᠤᠳᠠᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠴᠠᠯᠢᠩ ᠥᠭᠬᠦ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠢᠷᠤᠮᠵᠢᠭᠤᠯᠵᠤ᠂ ᠥᠷᠢ ᠰᠢᠷᠢ ᠪᠠᠨ ᠢᠯᠭᠠᠷᠠᠭᠤᠯᠬᠤ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠪᠦᠲᠦᠮᠵᠢᠲᠡᠶ ᠰᠢᠢᠳᠪᠦᠷᠢᠯᠡᠵᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠬᠦ ᠪᠠᠲᠤᠯᠠᠨ᠎ᠠ᠃    ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠸᠠᠩ ᠰᠢᠶᠤᠤ ᠵᠢᠶᠦ᠋ᠨ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠤᠶᠢᠯᠡᠳᠪᠦᠷᠢᠯᠡᠯ ᠤᠨ ᠠᠵᠢᠯ ᠤᠨ ᠲᠤᠬᠠᠶ  ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ  ᠨᠠᠶᠢᠳᠠᠪᠦᠷᠢᠵᠢᠭᠤᠯᠬᠤ ᠬᠡᠷᠡᠭᠲᠡᠶ ᠭᠡᠵᠦ ᠣᠯᠠᠨᠲᠠ ᠴᠢᠬᠤᠯᠠᠴᠢᠯᠠᠪᠠ᠃  ᠠᠶᠤᠯᠭᠦᠢ ᠦᠢᠯᠡᠳᠪᠦᠷᠢᠯᠡᠯ ᠭᠡᠬᠦ ᠡᠨᠡ ᠬᠦ ︽ᠬᠥᠪᠴᠢ︾ ᠶᠢ ᠴᠠᠭ ᠢᠮᠠᠭᠲᠠ ᠴᠢᠩᠭ᠎ᠠ ᠠᠳᠬᠤᠵᠤ᠂ ᠤᠯᠠᠭᠠᠨ ᠱᠤᠭᠤᠮ ᠤᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ  ᠴᠢᠩᠭᠠᠳᠬᠠᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠡᠷᠢᠬᠦ ᠪᠤᠳᠤᠯ ᠢ ᠡᠷᠡᠰ ᠬᠤᠷᠢᠭᠯᠠᠨ ᠵᠣᠭᠰᠣᠭᠠᠵᠤ᠂ ᠠᠶᠤᠯᠭᠦᠢ ᠤᠶᠢᠯᠡᠳᠪᠦᠷᠢᠯᠡᠯ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠦᠷᠢᠵᠢᠭᠤᠯᠵᠤ᠂  ᠠᠶᠤᠯᠭᠦᠢ  ᠤᠶᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠵᠤ᠂ ᠪᠦᠬᠦ ᠵᠢᠯ ᠤᠨ ᠠᠵᠤ ᠠᠬᠤᠶ ᠨᠡᠶᠢᠭᠡᠮ  ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠳᠤ ᠰᠠᠶᠢᠨ ᠰᠠᠶᠢᠬᠠᠨ  ᠤᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ ᠠᠶᠤᠯᠭᠦᠶ  ᠤᠶᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠶᠢᠨ ᠬᠠᠮᠲᠤ ᠶᠡᠷᠦᠩᠬᠡᠶ ᠱᠦᠵᠢ ᠰᠢ ᠶᠢᠨ ᠫᠢᠩ  ᠤᠨ ᠭᠠᠮᠰᠢᠭ ᠠᠴᠠ ᠠᠪᠤᠷᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠠᠶ᠃ ᠴᠠᠭ ᠠᠭᠤᠷ ᠤᠨ ᠬᠤᠪᠢᠷᠠᠯᠲᠠ ᠶᠢᠨ ᠪᠠᠶᠢᠳᠠᠯ ᠢ ᠨᠢᠭᠲᠠ ᠠᠩᠬᠠᠷᠴᠤ ᠂ ᠠᠶᠤᠯ ᠠᠴᠠ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ  ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠦᠬᠦ ᠰᠢᠶᠠᠨ ᠤ ᠣᠯᠠᠨ ᠲᠦᠮᠡᠨ ᠤ ᠦᠶᠡᠷ  ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠨ᠎ᠠ᠃    ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃         ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2