2020 ᠣᠨ ᠤ 7 ᠰᠠᠷ᠎ᠠ ᠶᠢᠨ 14 ᠤ ᠡᠳᠦᠷ᠂ ᠵᠦᠸᠧᠽᠢ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ | ᠨᠠᠮ ᠤᠨ ᠡᠭᠦᠷ ᠲᠥᠪ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠭᠰᠠᠨ ᠠᠴᠠ ᠨᠠᠰᠢᠬᠢ ᠠᠩᠬᠠᠳᠠᠭᠴᠢ ᠭᠤᠣᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠠᠵᠢᠯᠯᠠᠭ᠎ᠠ ᠨᠢ ︽ᠵᠠᠭᠤᠴᠢᠯᠠᠭᠤᠷ ᠤᠨ ᠭᠦᠨᠵᠡᠭᠡᠢ | ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠨᠠᠮ ᠤᠨ ᠭᠡᠰᠢᠭᠦᠨ ᠤ ᠬᠠᠷᠢᠭᠤᠴᠠᠯᠭᠠᠲᠤ ᠰᠡᠳᠬᠢᠯᠭᠡ | ᠡᠭᠦᠷᠭᠡᠲᠦ ᠰᠡᠳᠬᠢᠯᠭᠡ ᠶᠢ ᠨᠡᠮᠡᠭᠳᠡᠭᠦᠯᠦᠨ᠎ᠡ︾ ᠪᠠᠷ ᠭᠤᠤᠯ ᠰᠡᠳᠦᠪ ᠪᠣᠯᠭᠠᠪᠠ᠃ ᠶᠠᠭᠤᠨ ᠤ ᠡᠮᠦᠨ᠎ᠡ ︽ᠵᠦᠸᠧᠽᠢ | ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠨᠠᠮ ᠤᠨ ᠡᠭᠦᠷ ᠪᠠᠶᠢᠭᠤᠯᠤᠭᠳᠠᠭᠰᠠᠨ︾ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠤᠩᠰᠢᠵᠤ᠂ ᠵᠦᠸᠧᠽᠢ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠨᠠᠮ ᠤᠨ ᠡᠭᠦᠷ 6 | ᠰᠠᠷ᠎ᠠ ᠶᠢᠨ 1 ᠤ ᠡᠳᠦᠷ ᠵᠢᠩᠬᠢᠨᠢ ᠪᠠᠷ ᠪᠠᠶᠢᠭᠤᠯᠤᠭᠳᠠᠭᠰᠠᠨ ᠢ ᠲᠤᠩᠬᠠᠭᠯᠠᠵᠤ᠂ ᠪᠢᠯᠧᠲ ᠥᠭᠴᠦ 4 ᠭᠡᠰᠢᠭᠦᠨ ᠢ | ᠰᠣᠩᠭᠤᠨ ᠭᠠᠷᠭᠠᠵᠤ᠂ ᠡᠭᠦᠨ ᠳᠤ ᠶᠠᠩ ᠯᠢ ᠵᠢᠶᠦ᠋ᠨ ᠨᠥᠬᠦᠷ ᠨᠠᠮ ᠤᠨ ᠡᠭᠦᠷ ᠤᠨ ᠱᠦᠵᠢ ᠶᠢᠨ ᠲᠤᠰᠢᠶᠠᠯ ᠢ | ᠬᠠᠷᠢᠭᠤᠴᠠᠵᠤ᠂ ᠵᠦ ᠹᠤᠩ ᠨᠥᠬᠦᠷ ᠨᠠᠮ ᠤᠨ ᠡᠭᠦᠷ ᠤᠨ ᠳᠡᠳ᠋ ᠱᠦᠵᠢ ᠶᠢᠨ ᠲᠤᠰᠢᠶᠠᠯ ᠢ ᠬᠠᠷᠢᠭᠤᠴᠠᠪᠠ᠃ ᠰᠠᠷ᠎ᠠ | ᠪᠦᠷᠢ ᠶᠢᠨ ᠨᠢᠭᠡᠳᠦᠭᠡᠷ ᠭᠠᠷᠠᠭ ᠤᠨ ᠭᠠᠷᠠᠭ ᠤᠨ ᠲᠠᠪᠤᠨ ᠢ ᠨᠠᠮ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠶᠢᠨ | ᠴᠠᠭ ᠢᠶᠠᠷ ᠲᠣᠭᠲᠠᠭᠠᠪᠠ᠃ | ᠠᠵᠢᠯᠯᠠᠭ᠎ᠠ ᠳᠤᠮᠳᠠ᠂ ᠡᠭᠦᠷ ᠤᠨ ᠱᠦᠵᠢ ᠨᠠᠮ ᠤᠨ ᠭᠡᠰᠢᠭᠦᠨ ᠺᠠᠳ᠋ᠷ ᠢ ᠳᠠᠭᠠᠭᠤᠯᠤᠨ ᠪᠠᠷᠠᠭᠤᠨ ᠨᠢᠳᠤᠷᠭ᠎ᠠ ᠪᠠᠨ | ᠥᠨᠳᠥᠷ ᠡᠷᠭᠦᠵᠦ᠂ ᠨᠠᠮ ᠤᠨ ᠲᠤᠭ ᠳᠣᠤᠷ᠎ᠠ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠡᠷᠭᠢᠴᠡᠭᠦᠯᠵᠦ᠂ | ᠨᠠᠮ ᠳᠤ ᠤᠷᠤᠬᠤ ᠲᠠᠩᠭᠠᠷᠢᠭ ᠬᠢᠬᠦ ᠦᠶ᠎ᠡ ᠶᠢᠨ ᠲᠥᠪ ᠴᠢᠩᠭ᠎ᠠ ᠠᠮᠠᠯᠠᠯᠲᠠ ᠪᠣᠯᠤᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠶᠢ ᠬᠠᠮᠲᠤ ᠪᠠᠷ ᠡᠷᠭᠢᠴᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠬᠤᠶᠢᠰᠢᠳᠠ ᠶᠢᠨ ᠠᠵᠢᠯ ᠤᠨ | ᠳᠤᠮᠳᠠ ᠪᠠᠨ ᠨᠠᠮ ᠳᠤ ᠣᠷᠣᠬᠤ ᠤᠭ ᠰᠠᠨᠠᠭ᠎ᠠ ᠪᠠᠨ ᠪᠠᠲᠤ ᠰᠠᠬᠢᠬᠤ ᠶᠢ ᠵᠣᠷᠢᠭᠵᠢᠭᠤᠯᠵᠤ᠂ ᠲᠤᠬᠠᠶᠢᠯᠠᠭᠰᠠᠨ | ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠨᠠᠮ ᠤᠨ ᠠᠮᠠᠯᠠᠯᠲᠠ ᠪᠠᠨ ᠬᠢᠴᠢᠶᠡᠩᠭᠦ᠋ᠢᠯᠡᠨ ᠰᠠᠬᠢᠵᠤ᠂ ᠨᠠᠮ ᠤᠨ | ᠭᠡᠰᠢᠭᠦᠨ ᠤ ᠬᠤᠰᠢᠭᠤᠴᠢ ᠵᠢᠱᠢᠶᠡᠴᠢ ᠤᠶᠢᠯᠡᠳᠤᠯ ᠢ ᠨᠡᠩ ᠰᠠᠶᠢᠨ ᠪᠠᠳᠠᠷᠠᠭᠤᠯᠬᠤ ᠬᠡᠷᠡᠭᠲᠡᠶ᠃ | ᠠᠵᠢᠯᠯᠠᠭ᠎ᠠ ᠶᠢᠨ ᠳᠤᠮᠳᠠ᠂ ᠤᠯᠠᠨ ᠢᠶᠠᠷ ᠢᠶᠠᠨ ᠬᠠᠮᠲᠤ ᠪᠠᠷ ︽ᠨᠠᠮ ᠤᠨ ᠲᠦᠷᠢᠮ︾ ᠢ ᠰᠤᠷᠤᠯᠴᠠᠪᠠ᠃ | ᠨᠠᠮ ᠤᠨ ᠳᠦᠷᠢᠮ ᠲᠠᠢ ᠬᠠᠷᠢᠴᠠᠭᠤᠯᠵᠤ ᠦᠵᠡᠪᠡᠯ᠂ ᠭᠤᠤᠯ ᠪᠣᠳᠠᠲᠠᠶ ᠠᠵᠢᠯ ᠲᠠᠢ ᠤᠶᠠᠯᠳᠤᠭᠤᠯᠤᠨ ᠵᠢᠭᠠᠵᠤ | ᠭᠠᠷᠭᠠᠭᠰᠠᠨ ᠨᠢ᠄ 2020 ᠤᠨ ᠪᠣᠯ ᠪᠦᠬᠦ ᠤᠯᠤᠰ ᠤᠨ ᠰᠢᠶᠡᠨ ᠤ ᠲᠡᠰ ᠤᠨ ᠬᠠᠮ ᠵᠠᠭᠤᠴᠢᠯᠠᠭᠤᠷ ᠤᠨ ᠲᠥᠪ ᠤᠨ | ᠪᠦᠲᠦᠭᠡᠨ ᠪᠠᠶᠢᠭᠤᠯᠤᠯᠲᠠ ᠶᠢᠨ ᠰᠢᠯᠭᠠᠨ ᠠᠪᠬᠤ ᠵᠢᠯ ᠪᠣᠯᠤᠨ᠎ᠠ᠂ ᠴᠠᠭ ᠪᠠᠴᠢᠮ᠂ ᠡᠭᠦᠷᠭᠡ ᠬᠦᠨᠳᠦ᠂ ᠨᠠᠮ ᠤᠨ | ᠭᠡᠰᠢᠭᠦᠨ ᠺᠠᠳ᠋ᠷᠴᠤᠳ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠴᠠᠭ ᠢᠮᠠᠭᠲᠠ ᠨᠠᠮ ᠤᠨ | ᠭᠡᠰᠢᠭᠦᠨ ᠤ ᠡᠭᠦᠷᠭᠡ ᠬᠠᠷᠢᠭᠤᠴᠠᠯᠭ᠎ᠠ ᠶᠢ ᠰᠡᠳᠬᠢᠯ ᠳᠡᠭᠡᠨ ᠪᠣᠳᠣᠵᠤ᠂ ᠤᠴᠢᠷ ᠪᠣᠯᠭᠠᠨ ᠲᠤ ᠠᠵᠢᠯ ᠤᠨ ᠶᠡᠭᠡ | ᠲᠠᠯ᠎ᠠ ᠪᠠᠷ ᠭᠤᠣᠯᠳᠠᠯᠭ᠎ᠠ ᠪᠣᠯᠭᠠᠵᠤ᠂ ᠪᠠᠴᠢᠮ ᠬᠦᠴᠢᠷ ᠠᠶᠤᠯᠲᠠᠶ ᠬᠦᠨᠳᠦ ᠡᠭᠦᠷᠭᠡ ᠳᠤ ᠢᠳᠡᠪᠬᠢᠲᠡᠢ ᠣᠷᠣᠯᠴᠠᠵᠤ᠂ | ᠭᠤᠤᠯ ᠪᠠᠷᠢᠮᠵᠢᠶᠠᠵᠢᠭᠰᠠᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠷᠤᠮᠵᠢᠭᠰᠠᠨ ᠬᠠᠮᠢᠶᠠᠷᠤᠯᠲᠠ᠂ | ᠤᠬᠠᠭᠠᠨᠴᠢᠯᠠᠭᠰᠠᠨ ᠡᠵᠡᠩᠨᠡᠯᠲᠡ ᠶᠢ ᠪᠡᠶᠡᠯᠡᠭᠦᠯᠵᠦ᠂ ᠰᠢᠯᠭᠠᠨ ᠠᠪᠬᠤ ᠪᠠᠷᠢᠮᠵᠢᠶ᠎ᠠ ᠳᠤ ᠡᠷᠲᠡᠬᠡᠨ ᠬᠦᠷᠬᠦ ᠶᠢᠨ | ᠲᠥᠯᠥᠭᠡ ᠥᠪᠡᠷ ᠤᠨ ᠬᠦᠴᠦ ᠪᠠᠨ ᠡᠷᠭᠦᠬᠦ ᠬᠡᠷᠡᠭᠲᠡᠶ᠃ | ᠠᠵᠢᠯᠯᠠᠭ᠎ᠠ ᠶᠢᠨ ᠡᠴᠦᠰ ᠲᠤ᠂ ᠨᠠᠮ ᠤᠨ ᠭᠡᠰᠢᠭᠦᠳ ᠲᠣᠰ ᠰᠠᠷ᠎ᠠ ᠶᠢᠨ ᠨᠠᠮ ᠤᠨ ᠰᠦᠢᠳᠬᠡᠯ ᠲᠤᠰᠢᠶᠠᠵᠠᠶ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |