ᠬᠤᠣᠷ ᠴᠠᠭᠠᠵᠠᠯᠠᠵᠤ ᠬᠤᠣᠷ ᠢ ᠠᠷᠢᠯᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠰᠢᠶᠠᠨ ᠤ ᠬᠤᠣᠷ ᠲᠠᠷᠢᠬᠤ ᠶᠢ | ᠴᠠᠭᠠᠵᠠᠯᠠᠵᠤ ᠬᠤᠤᠷ ᠠᠷᠢᠯᠭᠠᠬᠤ ᠠᠵᠢᠯ ᠢ ᠭᠦᠨᠵᠡᠭᠡᠶ ᠥᠷᠨᠢᠭᠦᠯᠵᠦ᠂ ᠮᠠᠨ ᠤ ᠰᠢᠶᠠᠨ ᠤ ᠣᠯᠠᠨ ᠵᠢᠯ ᠤᠨ ᠲᠤᠷᠰᠢ | ᠬᠤᠤᠷᠲᠤ ᠡᠳ᠋ ᠤᠨ ᠤᠤᠯ ᠤᠷᠭᠤᠮᠠᠯ ᠤᠨ ᠤᠨᠠᠯᠲᠠ ᠦᠭᠡᠶ ᠦᠷ᠎ᠡ ᠪᠦᠲᠦᠭᠡᠯ ᠢ ᠪᠠᠲᠤᠳᠬᠠᠵᠠᠶ᠃ ᠬᠤᠣᠷᠲᠤ | ᠡᠳ᠋ ᠤᠨ ᠪᠦᠳᠦᠭᠦᠯᠢᠭ ᠤᠷᠭᠤᠮᠠᠯ ᠬᠠᠤᠯᠢ ᠪᠤᠰᠤ ᠪᠠᠷ ᠲᠠᠷᠢᠭᠰᠠᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢ ᠡᠬᠢ ᠡᠭᠦᠰᠦᠯ ᠠᠴᠠ ᠨᠢ ᠬᠤᠷᠢᠭᠯᠠᠨ ᠵᠣᠭᠰᠣᠭᠠᠵᠤ᠂ ᠬᠤᠤᠷ ᠴᠠᠭᠠᠵᠠᠯᠠᠬᠤ ᠶᠡᠭᠡ ᠠᠩᠭᠢ ᠯᠢ ᠬᠤᠸᠠ | ᠪᠠᠯᠭᠠᠰᠤᠨ ᠤ ᠵᠠᠰᠠᠭ ᠤᠨ ᠣᠷᠳᠣᠨ ᠤ ᠠᠵᠢᠯᠲᠠᠨ᠂ ᠲᠣᠮᠢᠯᠠᠭᠰᠠᠨ ᠰᠠᠯᠪᠦᠷᠢ ᠶᠢᠨ ᠠᠷᠠᠳ ᠤᠨ ᠴᠠᠭᠳᠠᠭ᠎ᠠ ᠲᠠᠢ | ᠬᠠᠮᠲᠤᠷᠠᠨ ᠳ᠋ᠠ ᠱᠢ ᠽᠢ᠂ ᠰᠢᠶᠤᠤ ᠲᠤ ᠴᠧᠩ ᠵᠡᠷᠭᠡ ᠵᠠᠰᠠᠭ ᠵᠠᠬᠢᠷᠭᠠᠨ ᠤ ᠲᠣᠰᠬᠤᠨ ᠳᠤ ᠬᠦᠷᠴᠦ᠂ ︽ᠬᠤᠷᠴᠠ | ᠰᠡᠯᠡᠮ᠎ᠡ — 20︾ ᠶᠢᠨ ᠦᠷ᠎ᠡ ᠶᠢ ᠴᠠᠭᠠᠵᠠᠯᠠᠵᠤ ᠬᠤᠤᠷ ᠠᠷᠢᠯᠭᠠᠬᠤ ᠲᠤᠰᠬᠠᠶ ᠠᠵᠢᠯᠯᠠᠭ᠎ᠠ ᠥᠷᠨᠢᠭᠦᠯᠪᠡ᠃ | | ᠠᠵᠢᠯᠯᠠᠭ᠎ᠠ ᠶᠢᠨ ᠬᠤᠭᠤᠴᠠᠭᠠᠨ ᠳᠤ᠂ ᠬᠤᠤᠷᠲᠤ ᠡᠳ᠋ ᠴᠠᠭᠠᠵᠠᠯᠠᠬᠤ ᠶᠡᠭᠡ ᠠᠩᠭᠢ ᠨᠢ ︽ᠬᠤᠷᠴᠠ ᠰᠡᠯᠡᠮ᠎ᠡ | — 20︾ ᠶᠢᠨ ᠦᠷ᠎ᠡ ᠰᠠᠴᠤᠬᠤ ᠶᠢ ᠴᠠᠭᠠᠵᠠᠯᠠᠬᠤ ᠲᠤᠰᠬᠠᠶ ᠠᠵᠢᠯᠯᠠᠭ᠎ᠠ ᠶᠢᠨ ᠵᠣᠷᠢᠭ ᠰᠠᠨᠠᠭ᠎ᠠ ᠶᠢ ᠯᠢ ᠬᠤᠸᠠ | ᠪᠠᠯᠭᠠᠰᠤ ᠵᠢᠴᠢ ᠦᠨᠳᠦᠰᠦᠨ ᠱᠠᠲᠤᠨ ᠤ ᠰᠠᠭᠤᠭ᠎ᠠ ᠭᠠᠵᠠᠷ ᠤᠨ ᠠᠩᠭᠢ ᠳᠤ ᠤᠯᠠᠮᠵᠢᠯᠠᠵᠤ᠂ ᠬᠤᠤᠷ ᠴᠠᠭᠠᠵᠠᠯᠠᠬᠤ | ᠤᠬᠠᠭᠤᠯᠭ᠎ᠠ ᠶᠢᠨ ᠵᠠᠷᠯᠠᠯ᠂ ᠮᠠᠲ᠋ᠧᠷᠢᠶᠠᠯ ᠵᠡᠷᠭᠡ ᠶᠢ ᠦᠨᠳᠦᠰᠦᠨ ᠱᠠᠲᠤᠨ ᠳᠤ ᠬᠦᠷᠭᠡᠵᠦ᠂ ᠬᠤᠣᠷᠠᠲᠤ ᠡᠳ᠋ ᠢ | ᠴᠠᠭᠠᠵᠠᠯᠠᠬᠤ ᠠᠵᠢᠯ ᠢ ︽ᠬᠥᠮᠦᠨ ᠪᠣᠯᠭᠠᠨ ᠳᠤ ᠤᠬᠠᠭᠤᠯᠬᠤ ᠬᠡᠷᠡᠭᠲᠡᠶ᠂ ᠨᠢᠭᠡ ᠢᠮᠠᠬᠤ ᠶᠢᠨ ᠲᠡᠳᠦᠶ ᠭᠠᠵᠠᠷ | ᠰᠢᠷᠣᠶ ᠶᠢ ᠴᠤ ᠣᠷᠬᠢᠭᠳᠠᠭᠤᠯᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠬᠤ ᠳᠤ ᠡᠷᠦᠬᠡ ᠪᠦᠷᠢ ᠶᠢ | ᠣᠷᠬᠢᠭᠳᠠᠭᠤᠯᠬᠤ ᠦᠭᠡᠢ᠂ ᠬᠡᠷᠡᠭ ᠪᠣᠯᠭᠠᠨ ᠢ ᠣᠷᠬᠢᠭᠳᠠᠭᠤᠯᠬᠤ ᠦᠭᠡᠢ ᠪᠠᠶᠢᠬᠤ︾ ᠵᠠᠷᠴᠢᠮ ᠶᠢ ᠮᠥᠷᠳᠡᠨ | ᠪᠠᠶᠢᠴᠠᠭᠠᠵᠤ᠂ ᠦᠷ᠎ᠡ ᠶᠢ ᠴᠠᠭᠠᠵᠠᠯᠠᠵᠤ ᠬᠤᠣᠷ ᠠᠷᠢᠯᠭᠠᠬᠤ ᠠᠵᠢᠯ ᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ | ᠬᠤᠤᠷ ᠲᠠᠲᠠᠬᠤ ᠪᠠ ᠫᠠᠨᠽᠠᠯᠠᠭᠴᠢᠳ ᠤᠨ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ | ᠢ ᠭᠦᠢᠴᠡᠳ ᠳᠠᠶᠢᠴᠢᠯᠠᠬᠤ ᠬᠡᠷᠡᠭᠲᠡᠶ᠃ | | | ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠢᠭᠡ ᠪᠦᠯᠦᠭ ᠬᠥᠮᠦᠰ ᠲᠠᠷᠢᠶᠠᠨ ᠭᠠᠵᠠᠷ᠂ | ᠪᠤᠶᠢᠳᠠ ᠪᠥᠭᠯᠡᠭᠦᠤ ᠬᠦᠷᠢᠶᠡᠨ ᠳᠤ ᠭᠦᠨᠵᠡᠭᠡᠶᠢᠷᠡᠨ᠂ ᠪᠠᠶᠢᠴᠠᠭᠠᠯᠲᠠ ᠶᠢᠨ ᠠᠵᠢᠯ ᠥᠷᠨᠢᠭᠦᠯᠵᠦ᠂ ᠢᠯᠠᠩᠭᠤᠶ᠎ᠠ | ᠬᠤᠤᠷᠲᠤ ᠡᠳ᠋ ᠤᠨ ᠤᠤᠯ ᠤᠷᠭᠤᠮᠠᠯ ᠤᠨ ᠤᠤᠯ ᠤᠨ ᠢᠵᠠᠭᠤᠷ ᠲᠤ ᠲᠠᠷᠢᠵᠤ ᠥᠩᠭᠡᠷᠡᠭᠰᠡᠨ ᠲᠠᠷᠢᠶᠠᠴᠢᠨ | ᠡᠷᠦᠬᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠡᠶ᠃ ᠬᠤᠤᠷᠲᠤ ᠡᠳ᠋ ᠤᠨ ᠠᠩᠬᠠᠨ ᠤ ᠤᠷᠭᠤᠮᠠᠯ ᠳᠠᠷᠢᠬᠤ | ᠤᠶᠢᠯᠡ ᠠᠵᠢᠯᠯᠠᠭ᠎ᠠ ᠶᠢ ᠣᠯᠵᠤ ᠮᠡᠳᠡᠭᠰᠡᠨ ᠥᠬᠡᠶ᠃ ᠡᠭᠦᠨ ᠤ ᠬᠠᠮᠲᠤ ᠦᠷ᠎ᠡ ᠰᠠᠴᠤᠵᠤ ᠬᠤᠣᠷ ᠠᠷᠢᠯᠭᠠᠬᠤ | ᠠᠵᠢᠯᠯᠠᠭ᠎ᠠ ᠶᠢᠨ ᠠᠭᠤᠯᠭ᠎ᠠ ᠶᠢ ᠲᠠᠶᠢᠯᠪᠤᠷᠢᠯᠠᠨ ᠤᠬᠠᠭᠤᠯᠵᠤ᠂ ᠠᠷᠠᠳ ᠲᠤ ᠶᠠᠭᠤ ᠶᠢ ᠬᠤᠤᠷᠲᠤ ᠡᠳ᠋ ᠤᠨ ᠤᠭ | ᠤᠷᠭᠤᠮᠠᠯ ᠭᠡᠬᠦ ᠶᠢ ᠣᠶᠢᠯᠠᠭᠠᠭᠤᠯᠵᠤ᠂ ᠠᠮᠤ ᠴᠡᠴᠡᠭ ᠪᠣᠯᠤᠨ ᠣᠯᠣᠰᠣ ᠶᠢᠨ ᠬᠤᠤᠷ ᠬᠥᠨᠥᠭᠡᠯ᠂ ᠬᠠᠤᠯᠢ ᠪᠤᠰᠤ ᠪᠠᠷ | ᠬᠤᠤᠷᠲᠤ ᠡᠳ᠋ ᠤᠨ ᠤᠭ ᠤᠷᠭᠤᠮᠠᠯ ᠢ ᠲᠠᠷᠢᠭᠰᠠᠨ ᠬᠠᠤᠯᠢ ᠴᠠᠭᠠᠵᠠ ᠶᠢᠨ ᠦᠷ᠎ᠡ ᠳ᠋ᠦᠩ ᠵᠢᠴᠢ ᠬᠤᠯᠪᠣᠭᠳᠠᠯ ᠪᠦᠬᠦᠢ | ᠬᠤᠤᠷᠲᠤ ᠡᠳ᠋ ᠤᠨ ᠮᠡᠳᠡᠯᠭᠡ ᠶᠢ ᠣᠶᠢᠯᠠᠭᠠᠭᠤᠯᠬᠤ ᠬᠡᠷᠡᠭᠲᠡᠶ᠃ ᠥᠷᠭᠡᠨ ᠣᠯᠠᠨ ᠲᠦᠮᠡᠨ ᠢ ︽ᠬᠤᠤᠷ ᠲᠠᠢ ᠪᠣᠯ | ᠲᠠᠨᠢᠵᠤ ᠮᠡᠳᠡᠬᠦ᠂ ᠬᠤᠤᠷ ᠲᠠᠢ ᠪᠣᠯ ᠰᠡᠷᠭᠡᠶᠢᠯᠡᠵᠦ ᠴᠢᠳᠠᠬᠤ᠂ ᠬᠤᠤᠷ ᠲᠠᠢ ᠪᠣᠯ ᠰᠡᠷᠭᠡᠶᠢᠯᠡᠬᠦ ᠶᠢ ᠲᠡᠪᠴᠢᠬᠦ᠂ | ᠬᠤᠤᠷ ᠲᠠᠢ ᠪᠣᠯ ᠵᠠᠪᠠᠯ ᠮᠡᠳᠡᠭᠦᠯᠬᠦ ᠶᠢ ᠪᠠᠷᠢᠮᠲᠠᠯᠠᠬᠤ︾ ᠳᠦᠷᠢᠮ ᠢ ᠬᠡᠷᠡᠭᠵᠢᠭᠦᠯᠵᠦ ᠬᠠᠷᠢᠶᠠᠲᠤ ᠣᠷᠣᠨ ᠤ ᠣᠯᠠᠨ | ᠲᠦᠮᠡᠨ ᠤ ᠬᠤᠤᠷ ᠲᠠᠢ ᠦᠷ᠎ᠡ ᠶᠢ ᠴᠠᠭᠠᠵᠠᠯᠠᠵᠤ ᠬᠤᠤᠷ ᠲᠠᠶᠢᠯᠬᠤ ᠠᠵᠢᠯ ᠳᠤ ᠣᠷᠣᠯᠴᠠᠬᠤ ᠢᠳᠡᠪᠬᠢᠵᠢᠯ᠂ | ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠰᠠ ᠦᠨᠳᠦᠰᠦᠨ ᠱᠠᠲᠤᠨ ᠤ ᠠᠵᠢᠯ ᠤᠨ | ᠠᠵᠢᠯᠲᠠᠨ ᠤ ᠬᠤᠤᠷ ᠲᠠᠨᠢᠵᠤ ᠬᠤᠤᠷ ᠢᠯᠭᠠᠬᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠬᠤᠤᠷᠲᠤ | ᠡᠳ᠋ ᠤᠨ ᠤᠤᠯ ᠤᠷᠭᠤᠮᠠᠯ ᠢ ︽ ᠲᠢᠭ ᠲᠠᠷᠢᠬᠤ᠂ ᠲᠢᠭ ᠣᠨᠠᠯᠲᠠ︾ ᠠᠵᠢᠯ ᠤᠨ ᠬᠠᠷᠠᠯᠲᠠ ᠶᠢ ᠪᠡᠶᠡᠯᠡᠭᠦᠯᠬᠦ ᠶᠢ | ᠤᠯᠠᠮ ᠨᠢᠭᠡ ᠠᠯᠬᠤᠮ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠡᠢ᠃ | | ᠣᠳᠣᠬᠠᠨ ᠳᠤ ᠵᠦᠸᠧᠽᠢ ᠰᠢᠶᠠᠨ ᠤ ᠦᠷ᠎ᠡ ᠰᠠᠴᠤᠬᠤ ᠶᠢ ᠴᠠᠭᠠᠵᠠᠯᠠᠬᠤ ᠲᠤᠰᠬᠠᠶ ᠠᠵᠢᠯᠯᠠᠭ᠎ᠠ ᠶᠠᠭ ᠡᠮᠬᠢ | ᠵᠢᠷᠤᠮ ᠲᠠᠢ ᠶᠠᠪᠤᠭᠳᠠᠵᠤ ᠪᠠᠶᠢᠨ᠎ᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |