ᠬᠤᠩ ᠵᠤᠤ ᠰᠢᠶᠠᠩ ᠤᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠬᠢ ᠤᠳᠠᠭᠠᠨ ᠤ ᠬᠤᠷᠠᠯ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2020-07-22
    7 ᠰᠠᠷ᠎ᠠ ᠶᠢᠨ 16 ᠤ ᠡᠳᠦᠷ᠂ ᠵᠦᠸᠧᠽᠢ ᠰᠢᠶᠠᠨ ᠤ ᠬᠤᠩ ᠵᠤᠤ ᠰᠢᠶᠠᠩ ᠤᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠢᠯᠠᠯᠲᠠ ᠲᠠᠢ ᠪᠠᠷ ᠬᠤᠷᠠᠯᠳᠤᠪᠠ᠃ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 45 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 37 ᠬᠦᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠬᠤᠷᠠᠯ ᠠᠴᠠ ︽ᠬᠤᠩ ᠵᠤᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠠ ︽ᠬᠤᠩ ᠵᠤᠤ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾ ᠢ ᠬᠢᠨᠠᠨ ᠶᠠᠷᠢᠯᠴᠠᠵᠤ  ᠪᠠᠲᠤᠯᠠᠪᠠ᠂ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠯ ᠵᠥᠪᠯᠡᠯᠭᠡ᠂ ᠰᠠᠨᠠᠭᠤᠯᠭ᠎ᠠ ᠶᠢ ᠪᠡᠶᠡᠯᠡᠭᠦᠯᠦᠭᠰᠡᠨ ᠪᠠᠶᠢᠳᠠᠯ ᠢ ᠰᠣᠨᠣᠰᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠶᠢᠨ ᠰᠢᠤ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
   ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡ ᠵᠢᠯ ᠤᠨ ᠲᠤᠷᠰᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠩ ᠤᠨ ᠨᠠᠮ ᠤᠨ  ᠬᠤᠷᠢᠶᠠᠨ ᠤ ᠵᠥᠪ ᠤᠳᠤᠷᠢᠳᠤᠯᠭ᠎ᠠ ᠳᠣᠤᠷ᠎ᠠ᠂ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠳᠡᠮᠵᠢᠯᠭᠡ ᠳᠣᠤᠷ᠎ᠠ᠂ ᠪᠦᠬᠦ ᠰᠢᠶᠠᠩ ᠢᠶᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠨᠠᠢᠳᠠᠪᠤᠷᠢᠵᠢᠭᠤᠯᠬᠤ᠂ ᠪᠥᠬᠦ ᠰᠢᠶᠠᠨ ᠤ ︽ ᠶᠡᠭᠡ ᠲᠦᠷᠭᠡᠨ ᠭᠤᠤᠯ᠂ ᠦᠵᠡᠰᠬᠦᠯᠡᠩᠲᠦ ᠰᠠᠶᠢᠬᠠᠨ ᠨᠣᠭᠤᠭᠠᠨ ᠬᠤᠩᠭᠢᠯ᠂ ᠰᠡᠯᠡᠭᠦᠴᠡᠯ ᠰᠤᠪᠢᠯᠠᠯᠲᠠ ᠶᠢᠨ ᠭᠠᠵᠠᠷ᠂ ᠰᠣᠶᠣᠯ ᠤᠨ ᠵᠦᠸᠧᠽᠢ ᠱᠠᠨ ᠠᠭᠤᠯᠠ︾ ᠭᠡᠬᠦ ᠳᠥᠷᠪᠡᠨ ᠬᠥᠭᠵᠢᠯᠲᠡ ᠶᠢᠨ ᠪᠠᠶᠢᠷᠢ ᠲᠤᠭᠲᠠᠭᠠᠯᠲᠠ ᠶᠢᠨ ᠲᠣᠭᠤᠷᠢᠨ ᠳᠤ᠂ ᠪᠣᠬᠢᠷᠲᠤᠯ ᠥᠬᠡᠶ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠳᠣᠪᠤᠶᠢᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠬᠦ ᠠᠵᠢᠯ ᠢᠶᠠᠷ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠢᠶᠠᠨ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ  ᠨᠢᠭᠲᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠪᠠᠷ ᠦᠵᠡᠰᠬᠦᠯᠡᠩᠲᠦ ᠰᠠᠶᠢᠬᠠᠨ ᠤᠯᠠᠭᠠᠨ ᠳᠠᠭᠤᠳᠠᠯᠭ᠎ᠠ ᠶᠢ ᠪᠦᠲᠦᠭᠡᠨ ᠪᠠᠶᠢᠭᠤᠯᠤᠨ᠎ᠠ᠃
   ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡ ᠵᠢᠯ ᠤᠨ ᠲᠤᠷᠰᠢ ᠪᠢᠳᠡ ︽ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ︾ ᠶᠢᠨ ᠲᠣᠭᠤᠷᠢᠨ ᠳᠤ  ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠬᠦᠴᠦᠯᠡᠨ ᠠᠬᠢᠭᠤᠯᠵᠤ᠂ ︽13 · 5︾ ᠶᠢᠨ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠰᠢᠶᠠᠩ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠠᠮᠢ ᠠᠬᠤᠶ ᠶᠢᠨ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠶ ᠤᠶᠢᠯᠡᠳᠤᠯᠭᠡᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ  ᠬᠦᠮᠦᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠰᠢᠶᠠᠩ ᠤᠨ ᠶᠡᠷᠦᠩᠬᠡᠶᠢᠯᠡᠭᠰᠡᠨ  ᠪᠤᠲᠠᠲᠦ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠵᠢᠴᠢ ᠠᠷᠠᠳ ᠣᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠤᠯᠠᠮ ᠨᠢᠭᠡ ᠠᠯᠬᠤᠮ ᠳᠡᠭᠡᠭᠰᠢᠯᠡᠪᠡ᠃
   ᠬᠤᠷᠠᠯ ᠠᠴᠠ ᠴᠢᠬᠤᠯᠠᠴᠢᠯᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠰᠢᠶᠠᠩ ᠳᠠᠶᠠᠭᠠᠷ ᠥᠷᠢᠰᠥᠯᠳᠦᠭᠡᠨ ᠢ ᠢᠳᠡᠪᠬᠢᠲᠡᠢ ᠠᠷᠭᠠᠴᠠᠵᠤ᠂ ᠬᠥᠯᠥᠰᠥ ᠪᠠᠷ ᠢᠶᠠᠨ ᠣᠯᠵᠠ ᠶᠢ ᠤᠰᠤᠯᠠ᠂ ᠦᠢᠯᠡ ᠪᠠᠷ ᠢᠶᠠᠨ ᠪᠡᠷᠬᠡ ᠶᠢ ᠳᠠᠪᠠᠨ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠳᠤᠮᠳᠠ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠪᠡ᠂ ᠡᠳᠡᠭᠡᠷ ᠠᠮᠵᠢᠯᠲᠠ ᠶᠢ ᠣᠯᠤᠭᠰᠠᠨ ᠨᠢ ᠪᠦᠬᠦ ᠰᠢᠶᠠᠩ ᠤᠨ ᠨᠢᠭᠡ ᠰᠡᠳᠬᠢᠯ ᠨᠢᠭᠡ ᠵᠣᠷᠢᠭ ᠢᠶᠠᠷ ᠪᠦᠯᠬᠦᠮᠳᠡᠨ ᠨᠢᠭᠡᠳᠴᠦ᠂ ᠲᠡᠮᠡᠴᠡᠭᠰᠡᠨ ᠤ ᠠᠴᠢ ᠲᠤᠰᠠ ᠪᠣᠯᠤᠨ᠎ᠠ᠃    ᠬᠤᠷᠠᠯ ᠠᠴᠠ᠂ ᠬᠥᠭᠵᠢᠯᠲᠡ ᠶᠢᠨ ᠳᠤᠮᠳᠠ ᠪᠠᠰᠠ ᠬᠡᠰᠡᠭ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠨ᠎ᠠ᠃ ᠵᠢᠱᠢᠶᠡᠯᠡᠪᠡᠯ ᠠᠵᠤ  ᠤᠶᠢᠯᠡᠰ ᠤᠨ ᠬᠥᠭᠵᠢᠯᠲᠡ ᠶᠢᠨ ᠰᠡᠯᠭᠦᠬᠦ ᠬᠦᠴᠦᠨ ᠬᠦᠷᠦᠯᠴᠡᠬᠦ ᠦᠭᠡᠢ ᠪᠠᠶᠢᠨ᠎ᠠ︔ ᠠᠮᠢ ᠠᠬᠤᠶ ᠶᠢᠨ ᠳᠠᠪᠠᠭᠤᠯᠢᠭ ᠢᠶᠠᠨ ᠪᠠᠳᠠᠷᠠᠭᠤᠯᠬᠤ ᠨᠢ ᠪᠠᠰᠠ ᠢᠯᠡᠷᠬᠡᠶ ᠪᠢᠰᠢ ᠪᠠᠶᠢᠵᠤ᠂ ᠬᠥᠬᠡᠮᠳᠦᠭ ᠨᠣᠭᠤᠭᠠᠨ ᠠᠭᠤᠯᠠ ᠤᠰᠤ ᠠᠯᠲᠠᠨ ᠠᠭᠤᠯᠠ ᠮᠥᠩᠭᠦᠨ ᠠᠭᠤᠯᠠ ᠪᠤᠯᠵᠤ ᠬᠤᠪᠢᠷᠠᠬᠤ ᠠᠷᠭ᠎ᠠ ᠵᠠᠮ ᠲᠡᠶᠢᠮᠦ ᠤᠯᠠᠨ ᠪᠢᠰᠢ ᠪᠠᠶᠢᠨ᠎ᠠ︔ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠲᠤᠲᠠᠭᠳᠠᠯ ᠣᠷᠣᠰᠢᠵᠤ᠂ ᠶᠠᠳᠠᠭᠤ ᠠᠴᠠ  ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠰᠠ ᠪᠠᠬᠢᠵᠢᠭᠦᠯᠦᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠠᠰᠠ ᠤᠯᠠᠮ ᠨᠢᠭᠡ ᠠᠯᠬᠤᠮ  ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ︔ ᠴᠥᠭᠡᠨ ᠲᠣᠭᠠᠨ ᠤ ᠺᠠᠳ᠋ᠷᠴᠤᠳ ᠤᠨ ᠰᠢᠨ᠎ᠡ ᠶᠢ ᠡᠭᠦᠳᠬᠦ ᠤᠬᠠᠮᠰᠠᠷ ᠪᠠ  ᠤᠶᠢᠯᠡᠴᠢᠯᠡᠬᠦ ᠤᠬᠠᠮᠰᠠᠷ ᠨᠢ ᠪᠠᠰᠠ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠪᠦᠷᠢᠮᠦᠰᠦᠨ ᠵᠣᠬᠢᠴᠠᠵᠤ ᠴᠢᠳᠠᠭᠠᠳᠤᠶ ᠪᠠᠶᠢᠬᠤ ᠵᠡᠷᠭᠡ ᠪᠣᠯᠤᠨ᠎ᠠ᠃ ᠡᠭᠦᠨ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠯᠲᠠᠭᠠᠨ ᠢ ᠨᠢ ᠭᠦᠨᠵᠡᠭᠡᠶ ᠵᠠᠳᠠᠯᠵᠤ᠂  ᠪᠦᠲᠦᠮᠵᠢᠲᠠᠢ ᠠᠷᠭ᠎ᠠ ᠬᠡᠮᠵᠢᠶ᠎ᠡ ᠠᠪᠴᠤ᠂  ᠦᠨᠡᠨᠬᠦ ᠰᠢᠢᠳᠪᠦᠷᠢᠯᠡᠬᠦ ᠬᠡᠷᠡᠭᠲᠡᠶ᠃    ᠬᠤᠷᠠᠯ ᠠᠴᠠ ᠴᠢᠬᠤᠯᠠᠴᠢᠯᠠᠭᠰᠠᠨ ᠨᠢ᠂ 2020 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠵᠢᠯ ᠮᠥᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠃ ᠬᠤᠩ ᠵᠤᠤ ᠰᠢᠶᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠩ ᠤᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠴᠢᠨᠠᠷ ᠰᠠᠶᠢᠲᠠᠶ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠬᠥᠳᠡᠭᠡ  ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ  ᠢ ᠠᠳᠬᠤᠵᠤ᠂ ᠰᠢᠨ᠎ᠡ ᠠᠵᠢᠯᠯᠠᠭ᠎ᠠ᠂ ᠰᠢᠨ᠎ᠡ ᠵᠢᠳᠬᠦᠯ ᠴᠢᠷᠮᠠᠶᠢᠯᠭ᠎ᠠ ᠪᠠᠷ ᠦᠵᠡᠰᠬᠦᠯᠡᠩᠲᠦ ᠰᠠᠶᠢᠬᠠᠨ ᠤᠯᠠᠭᠠᠨ ᠳᠠᠭᠤᠳᠠᠯᠭ᠎ᠠ ᠶᠢᠨ ᠰᠢᠨ᠎ᠡ ᠬᠥᠭᠵᠢᠯᠲᠡ ᠶᠢ ᠲᠠᠶᠢᠴᠢᠯᠠᠨ᠎ᠠ᠃             ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2