ᠵᠦᠸᠧᠽᠢ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠤᠷᠠᠯ  ᠬᠤᠷᠠᠯᠳᠣᠪᠠ
ᠨᠡᠶᠢᠲᠡᠯᠡᠭᠰᠡᠨ ᠴᠠᠭ᠄
2020-07-22
    7 ᠰᠠᠷ᠎ᠠ ᠶᠢᠨ 16 ᠤ ᠡᠳᠦᠷ᠂ ᠵᠦᠸᠧᠽᠢ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠪᠡᠯᠡᠳᠬᠡᠯ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠨᠠᠷ ᠰᠠᠶᠢᠲᠠᠶ ᠰᠠᠶᠢᠲᠤᠷ ᠬᠢᠬᠦ ᠶᠢ ᠪᠠᠲᠤᠯᠠᠨ᠎ᠠ᠃
   ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠶ ᠠᠩᠭᠢ ᠶᠢᠨ ᠪᠦᠬᠦ ᠪᠦᠷᠢᠯᠳᠦᠬᠦᠨ᠂ ᠬᠤᠯᠪᠣᠭᠳᠠᠯ ᠪᠦᠬᠦᠢ ᠰᠢᠶᠠᠨ ᠤ ᠱᠠᠲᠤᠨ ᠤ ᠤᠳᠤᠷᠢᠳᠬᠤ ᠨᠥᠬᠦᠳ᠂ ᠡᠯ᠎ᠡ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠶᠠᠳᠠᠭᠤ ᠶᠢ ᠲᠡᠳᠬᠦᠬᠦ ᠠᠵᠢᠯ ᠤᠨ ᠦᠷᠲᠡᠭᠡᠨ ᠤ ᠳᠠᠷᠤᠭ᠎ᠠ᠂ ᠰᠢᠶᠠᠨ ᠤ ᠰᠢᠭᠤᠳ ᠬᠠᠷᠢᠶ᠎ᠠ ᠵᠢᠴᠢ ᠰᠢᠶᠠᠨ ᠳᠤ ᠰᠠᠭᠤᠭ᠎ᠠ ᠡᠯ᠎ᠡ ᠨᠢᠭᠡᠴᠢ ᠶᠢᠨ ᠭᠤᠣᠯ  ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠵᠢᠶᠠᠨ ᠵᠢᠶᠦ᠋ᠨ ᠪᠣᠯᠤᠨ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠫᠠᠩ ᠸᠠᠨ ᠬᠤᠶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ᠂ ᠲᠥᠷᠥ ᠶᠢᠨ ᠪᠣᠳᠣᠯᠭ᠎ᠠ᠂ ᠠᠷᠤ ᠲᠠᠯ᠎ᠠ ᠶᠢᠨ ᠤᠶᠢᠯᠡᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠶᠢᠨ ᠪᠡᠯᠡᠳᠬᠡᠯ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠸᠠᠩ ᠰᠢᠶᠣᠤ ᠵᠢᠶᠦ᠋ᠨ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠬᠢᠷᠠᠭᠤᠯᠤᠭᠰᠠᠨ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠂ ᠨᠠᠮ ᠤᠨ ᠲᠥᠪ ᠬᠤᠷᠢᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ ᠎ᠠ ᠪᠠᠷ ᠪᠡᠶᠡᠯᠡᠭᠦᠯᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠪᠣᠯᠤᠨ᠎ᠠ᠃ ᠡᠨᠡ ᠤᠳᠠᠭᠠᠨ ᠤ ᠨᠡᠶᠢᠳᠡᠮ ᠪᠠᠶᠢᠴᠠᠭᠠᠯᠲᠠ ᠨᠢ ᠡᠩ ᠤᠨ ᠵᠤᠷᠰᠢᠯ ᠤᠨ ᠪᠠᠶᠢᠴᠠᠭᠠᠯᠲᠠ ᠪᠠ ᠡᠯ᠎ᠡ ᠲᠥᠷᠥᠯ ᠤᠨ ᠪᠠᠶᠢᠴᠠᠭᠠᠯᠲᠠ ᠦᠨᠡᠯᠡᠯᠲᠡ ᠰᠢᠯᠭᠠᠨ ᠠᠪᠬᠤ ᠲᠠᠢ ᠠᠳᠠᠯᠢ ᠦᠭᠡᠶ᠃ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠨᠢᠭᠡ ᠤᠳᠠᠭᠠᠨ ᠤ ᠪᠦᠬᠦ ᠲᠠᠯ᠎ᠠ ᠶᠢᠨ ᠪᠠᠶᠢᠴᠠᠭᠠᠯᠲᠠ ᠪᠠ ᠡᠴᠦᠰ ᠤᠨ ᠶᠡᠭᠡ ᠰᠢᠯᠭᠠᠯᠲᠠ ᠪᠣᠯᠤᠨ᠎ᠠ᠂ ᠪᠥᠬᠦ ᠰᠢᠶᠠᠨ ᠢᠶᠠᠷ ᠢᠶᠠᠨ ᠤᠯᠤᠰ ᠲᠥᠷᠥ  ᠤᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠭᠲᠤᠨ ᠪᠠᠶᠢᠯᠳᠤᠬᠤ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠲᠥᠰᠦᠯ ᠲᠠᠢ ᠨᠢᠭᠲᠠ ᠤᠶᠠᠯᠳᠤᠭᠤᠯᠤᠨ᠂ ᠵᠠᠩᠭᠢᠯᠠᠭ᠎ᠠ ᠶᠢᠨ ᠭᠤᠭᠴᠤᠭ᠎ᠠ ᠶᠢ  ᠡᠵᠡᠮᠳᠡᠵᠦ᠂ ᠨᠡᠶᠢᠳᠡᠮ ᠪᠠᠶᠢᠴᠠᠭᠠᠯᠲᠠ ᠶᠢᠨ ᠡᠯ᠎ᠡ  ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠪᠦᠬᠦ ᠲᠠᠯ᠎ᠠ ᠪᠠᠷ ᠰᠠᠶᠢᠲᠤᠷ ᠬᠢᠨ᠎ᠡ᠃
   ᠸᠠᠩ ᠰᠢᠶᠣᠤ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠭᠡᠨ ᠬᠥᠳᠡᠯᠦᠯᠴᠡᠵᠦ᠂ ᠣᠶᠤᠨ ᠴᠢᠳᠠᠯ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠳᠡᠭᠡᠷ᠎ᠡ ᠲᠥᠪᠯᠡᠷᠡᠭᠦᠯᠵᠦ᠂ ᠬᠠᠮᠤᠭ ᠰᠡᠭᠦᠯᠴᠢ ᠶᠢᠨ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠪᠠ ᠰᠢᠪᠲᠤᠯᠤᠯᠲᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠰᠬᠤᠨ ᠡᠷᠦᠬᠡ ᠳᠠᠷᠠᠭᠠᠯᠠᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠦᠨᠳᠦᠰᠦᠨ ᠪᠠᠶᠢᠳᠠᠯ᠂ ︽ᠬᠤᠶᠠᠷ ᠲᠤ ᠵᠣᠪᠠᠭ᠋ᠤ ᠦᠭᠡᠶ ᠭᠤᠷᠪᠠ ᠶᠢ ᠪᠠᠲᠤᠯᠠᠬᠤ︾ ᠶᠢ ᠨᠠᠶᠢᠳᠠᠪᠤᠷᠢᠵᠢᠭᠤᠯᠬᠤ᠂ ᠭᠤᠤᠯ ᠣᠷᠣᠯᠭ᠎ᠠ ᠶᠢᠨ ᠢᠷᠡᠯᠲᠡ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠡᠮᠬᠢᠯᠡᠨ ᠳᠢᠭᠯᠡᠵᠦ᠂  ᠵᠦᠢᠯ ᠵᠤᠷᠪᠤᠰ ᠳᠠᠷᠠᠭᠠᠯᠠᠨ ︽ᠰᠢᠭᠰᠢᠬᠦ︾ ᠪᠣᠯᠤᠨ᠎ᠠ᠃ ᠢᠯᠡᠷᠡᠭᠦᠯᠦᠭᠰᠡᠨ ᠠᠰᠠᠭᠤᠳᠠᠯ ᠪᠠ ᠪᠠᠭᠤᠷᠠᠶ ᠭᠤᠭᠴᠤᠭ᠎ᠠ ᠶᠢ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠵᠤ᠂  ᠶᠠᠳᠠᠭᠤ ᠠᠴᠠ ᠠᠩᠭᠢᠵᠢᠷᠠᠭᠤᠯᠬᠤ ᠴᠢᠨᠠᠷ ᠰᠠᠶᠢᠲᠠᠶ ᠰᠢᠪᠲᠤᠯᠤᠯᠲᠠ ᠶᠢᠨ ᠦᠷ᠎ᠡ ᠪᠦᠲᠦᠮᠵᠢ ᠪᠠᠷ ᠨᠡᠶᠢᠳᠡᠮ ᠪᠠᠶᠢᠴᠠᠭᠠᠯᠲᠠ ᠶᠢ ᠤᠭᠲᠤᠨ᠎ᠠ᠃ ᠡᠯ᠎ᠡ ᠱᠠᠲᠤᠨ ᠤ ᠺᠠᠳ᠋ᠷᠴᠤᠳ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠰᠢᠶᠠᠩ ᠪᠠᠯᠭᠠᠰᠤ᠂ ᠠᠵᠢᠯ ᠲᠥᠷᠥᠯ ᠤᠨ ᠰᠠᠯᠠᠭ᠎ᠠ ᠮᠥᠴᠢᠷ᠂ ᠳᠠᠭᠠᠭᠠᠨ ᠲᠡᠳᠬᠦᠬᠦ ᠨᠢᠭᠡᠴᠡ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠲᠣᠰᠬᠤᠨ ᠤ ᠬᠤᠶᠠᠷ ᠵᠥᠪᠯᠡᠯ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠡᠯ᠎ᠡ ᠵᠦᠢᠯ ᠤᠨ ᠪᠡᠯᠡᠳᠬᠡᠯ ᠠᠵᠢᠯ ᠢ ᠭᠦᠨᠵᠡᠭᠡᠶ ᠬᠢᠵᠦ᠂ ᠨᠠᠷᠢᠯᠢᠭ ᠬᠢᠵᠦ᠂ ᠪᠣᠳᠠᠲᠠᠶ ᠬᠢᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃
    ᠤᠶᠢᠷ᠎ᠠ ᠶᠢᠨ ᠬᠡᠳᠦᠨ ᠵᠦᠢᠯ ᠤᠨ ᠭᠤᠣᠯᠳᠠᠯᠭ᠎ᠠ ᠲᠠᠢ ᠠᠵᠢᠯ ᠤᠨ ᠲᠤᠬᠠᠶ ᠸᠠᠩ ᠰᠢᠶᠣᠤ ᠵᠢᠶᠦ᠋ᠨ ᠱᠠᠭᠠᠷᠳᠠᠭᠰᠠᠨ ᠨᠢ᠂ ᠣᠳᠣᠬᠠᠨ ᠳᠤ ᠦᠶᠡᠷᠯᠡᠬᠦ ᠬᠤᠭᠤᠴᠠᠭ᠎ᠠ ᠲᠠᠢ ᠪᠣᠯᠬᠤᠷ ᠬᠠᠮᠢᠶ᠎ᠠ ᠪᠦᠬᠦᠢ ᠰᠠᠯᠠᠭ᠎ᠠ ᠮᠥᠴᠢᠷ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠴᠢᠬᠤᠯᠠ ᠣᠷᠣᠨ ᠪᠠᠶᠢᠷᠢ ᠴᠢᠬᠤᠯᠠ ᠭᠠᠵᠠᠷ ᠣᠷᠣᠨ ᠳᠤ ᠠᠮᠤᠷ ᠲᠦᠪᠰᠢᠨ ᠤ ᠪᠠᠶᠢᠴᠠᠭᠠᠯᠲᠠ ᠶᠢ ᠰᠠᠶᠢᠲᠤᠷ ᠬᠢᠵᠦ᠂ ᠢᠯᠠᠩᠭᠤᠶ᠎ᠠ ᠡᠯ᠎ᠡ ᠶᠡᠭᠡ ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠡᠩ ᠭᠤᠤᠯᠳᠠᠯᠭ᠎ᠠ ᠲᠠᠢ ᠠᠩᠬᠠᠷᠬᠤ ᠬᠡᠷᠡᠭᠲᠡᠶ᠃ ︽ᠵᠣᠷᠯᠣᠩ ᠤᠨ ᠬᠤᠪᠢᠰᠬᠠᠯ︾ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠲᠠᠷᠢᠶᠠᠴᠢᠨ ᠲᠦᠮᠡᠨ ᠤ ᠬᠦᠰᠡᠯ ᠰᠠᠨᠠᠭ᠎ᠠ ᠶᠢ  ᠭᠦᠢᠴᠡᠳ ᠬᠦᠨᠳᠦᠳᠬᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠦᠨᠡᠨ ᠢ ᠪᠠᠷᠢᠮᠲᠠᠯᠠᠨ ᠲᠦᠯᠬᠢᠨ ᠠᠬᠢᠭᠤᠯᠵᠤ᠂ ᠲᠣᠭᠲᠠᠭᠰᠠᠨ ᠬᠠᠷᠠᠯᠲᠠ ᠡᠭᠦᠷᠭᠡ ᠪᠠᠨ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠭᠦᠷᠭᠡ ᠱᠠᠭᠠᠷᠳᠠᠯᠭ᠎ᠠ ᠶᠢ ᠴᠢᠩᠭ᠎ᠠ ᠬᠠᠷᠢᠴᠠᠭᠤᠯᠵᠤ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠡᠨᠡ ᠬᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠨᠡ ᠬᠦ ᠲᠡᠦᠬᠡ ᠶᠢᠨ ᠦᠯᠡᠳᠡᠭᠳᠡᠯ ᠠᠰᠠᠭᠤᠳᠠᠯ ᠢ ᠪᠦᠬᠦ ᠲᠠᠯ᠎ᠠ ᠪᠠᠷ ᠲᠦᠢᠯᠪᠤᠷᠢᠲᠠᠶ ᠰᠢᠢᠳᠪᠦᠷᠢᠯᠡᠬᠦ ᠬᠡᠷᠡᠭᠲᠡᠶ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠶᠡᠬᠡᠪᠡᠷ ᠡᠪᠳᠡᠬᠦ ᠦᠢᠯᠡ ᠠᠵᠢᠯᠯᠠᠭ᠎ᠠ ᠶᠢ ᠴᠢᠩᠭ᠎ᠠ ᠰᠢᠳᠬᠡᠬᠦ ᠬᠡᠷᠡᠭᠲᠡᠶ᠃ ᠣᠯᠠᠨ ᠠᠷᠭ᠎ᠠ ᠬᠡᠮᠵᠢᠶ᠎ᠡ ᠠᠪᠴᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠦᠷᠭᠡᠨ᠂ ᠲᠣᠭᠲᠠᠭᠤᠨ᠂ ᠬᠠᠤᠯᠢ ᠲᠣᠭᠲᠠᠭᠠᠯ ᠶᠣᠰᠣᠭᠠᠷ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ  ᠰᠢᠢᠳᠪᠦᠷᠢᠯᠡᠵᠦ᠂ ᠨᠡᠶᠢᠭᠡᠮ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠶ ᠪᠣᠯᠭᠠᠨ᠎ᠠ᠃  ᠠᠶᠤᠯᠭᠦᠢ ᠤᠶᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠷᠢᠮᠵᠢᠶ᠎ᠠ ᠶᠢ ᠳᠡᠭᠡᠭᠰᠢᠯᠡᠭᠦᠯᠦᠨ᠂ ᠴᠢᠩᠭ᠎ᠠ ᠱᠠᠭᠠᠷᠳᠠᠵᠤ᠂ ᠠᠶᠤᠯ ᠦᠭᠡᠶ ᠤᠶᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠺᠠᠳ᠋ᠷ ᠠᠵᠢᠯᠲᠠᠨ ᠠᠵᠢᠯᠴᠢᠨ ᠤ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠬᠠᠤᠯᠢ ᠰᠠᠬᠢᠯᠭ᠎ᠠ ᠶᠢᠨ ᠤᠬᠠᠮᠰᠠᠷ  ᠢ ᠴᠢᠩᠭᠠᠳᠬᠠᠵᠤ᠂ ᠬᠠᠤᠯᠢ ᠶᠢ ᠬᠦᠨᠳᠦᠳᠬᠡᠵᠦ ᠰᠠᠬᠢᠯᠭ᠎ᠠ ᠪᠠᠲᠤ ᠶᠢ ᠵᠥᠷᠢᠴᠡᠬᠦ ᠪᠠ ᠳᠦᠷᠢᠮ ᠲᠣᠭᠲᠠᠭᠠᠯ ᠢ  ᠵᠢᠷᠤᠮᠯᠠᠬᠤ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃         ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ    
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2