ᠵᠦᠸᠧᠽᠢ ᠰᠢᠶᠠᠨ ︽ᠵᠢᠷᠭᠤᠭ᠎ᠠ ᠶᠢ ᠪᠠᠲᠤᠯᠠᠬᠤ︾ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ  ᠬᠢᠨ᠎ᠡ
ᠨᠡᠶᠢᠲᠡᠯᠡᠭᠰᠡᠨ ᠴᠠᠭ᠄
2020-07-23
    ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠵᠦᠸᠧᠽᠢ ᠰᠢᠶᠠᠨ ᠤ ᠡᠳ᠋ ᠤᠨ ᠵᠠᠰᠠᠭ ᠤᠨ ᠠᠷᠭ᠎ᠠ ᠪᠠᠷᠢᠯ ᠢ ᠠᠰᠢᠭᠯᠠ᠂ ︽ᠵᠢᠷᠭᠤᠭ᠎ᠠ ᠶᠢ ᠪᠠᠲᠤᠯᠠᠬᠤ︾ ᠶᠢ ᠠᠳᠬᠤᠵᠤ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠶᠢ ᠠᠬᠢᠭᠤᠯᠬᠤ  ᠱᠠᠭᠠᠷᠳᠠᠯᠭ᠎ᠠ ᠶᠢᠨ ᠠᠵᠢᠯ ᠤᠨ ᠶᠡᠷᠦᠩᠬᠡᠶ ᠬᠠᠷᠠᠯᠲᠠ ᠲᠠᠢ ᠨᠢᠭᠲᠠ ᠤᠶᠠᠯᠳᠤᠭᠤᠯᠤᠨ᠂ ᠠᠭᠤᠰᠬᠢᠨ ᠦᠷᠪᠢᠰᠦᠯ ᠤᠨ ᠬᠢᠵᠢᠭ ᠤᠨ ᠰᠢᠨ᠎ᠡ ᠡᠪᠡᠳᠴᠢᠨ ᠤ ᠠᠪᠴᠢᠷᠠᠭᠰᠠᠨ ᠠᠰᠢᠭ ᠥᠬᠡᠶ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠨ᠎ᠠ᠃    ᠨᠢᠭᠡ ᠳᠤ ᠦᠵᠡᠯ ᠰᠠᠨᠠᠭᠠᠨ ᠤ ᠨᠢᠭᠡᠳᠦᠯ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠢᠯᠠᠨ ᠳᠠᠪᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠠᠬᠢ ᠪᠤᠢ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠪᠠᠶᠢᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠵᠢᠷᠭᠤᠭᠠᠨ ᠰᠠᠷ᠎ᠠ ᠶᠢᠨ ᠰᠡᠭᠦᠯᠴᠢ ᠪᠣᠯᠲᠠᠯ᠎ᠠ ᠬᠢᠵᠢᠭ ᠤᠨ ᠬᠢᠵᠢᠭ ᠢ ᠰᠡᠷᠭᠡᠶᠢᠯᠡᠬᠦ ᠡᠳ᠋ ᠤᠨ ᠵᠠᠰᠠᠭ ᠤᠨ ᠪᠡᠯᠡ ᠮᠥᠩᠭᠦ ᠶᠢ ᠨᠡᠶᠢᠲᠡ 1186.93 ᠲᠦᠮᠡᠨ ᠲᠤ ᠰᠠᠯᠭᠠᠨ ᠥᠭᠴᠦ᠂ ᠭᠤᠤᠯᠳᠠᠭᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠡᠳ᠋ ᠪᠣᠳᠠᠰ ᠪᠣᠯᠤᠨ  ᠲᠠᠷᠤᠮᠯᠠᠨ ᠤᠬᠠᠭᠤᠯᠬᠤ ᠮᠠᠲ᠋ᠧᠷᠢᠶᠠᠯ ᠢ ᠬᠤᠳᠠᠯᠳᠤᠨ ᠠᠪᠬᠤ ᠳᠤ ᠬᠡᠷᠡᠭᠯᠡᠪᠡ᠃     ᠬᠤᠶᠠᠷ ᠲᠤ ᠡᠳ᠋ ᠤᠨ ᠵᠠᠰᠠᠭ ᠤᠨ ᠢᠷᠡᠯᠳᠡ ᠶᠢ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂ ᠡᠳ᠋ ᠤᠨ ᠵᠠᠰᠠᠭ ᠤᠨ ᠤᠷᠤᠯᠭ᠎ᠠ ᠶᠢ ᠦᠨᠡᠨᠬᠦ ᠨᠡᠮᠡᠭᠳᠡᠭᠦᠯᠦᠨ᠎ᠡ᠃ ᠨᠢᠭᠡ ᠳᠤ ᠣᠷᠣᠯᠭ᠎ᠠ ᠶᠢ ᠵᠣᠬᠢᠶᠠᠨ ᠪᠠᠶᠢᠭᠤᠯᠬᠤ ᠵᠠᠷᠴᠢᠮ ᠢ ᠪᠠᠷᠢᠮᠲᠠᠯᠠᠵᠤ᠂ ᠭᠠᠶᠢᠯᠢ ᠶᠢᠨ ᠢᠷᠡᠯᠲᠡ ᠶᠢᠨ ︽ᠰᠠᠭᠤᠷᠢ ᠲᠤᠭ᠎ᠠ︾ ᠶᠢ ᠲᠣᠳᠣᠷᠬᠠᠶ ᠣᠶᠢᠯᠠᠭᠠᠵᠤ᠂ ᠭᠠᠶᠢᠯᠢ ᠲᠠᠲᠠᠪᠤᠷᠢ ᠶᠢ ᠵᠦᠶ ᠵᠣᠬᠢᠰᠲᠠᠶ ᠲᠥᠯᠥᠪᠵᠢᠭᠦᠯᠵᠦ᠂ ᠲᠥᠯᠥᠪᠯᠡᠨ ᠬᠤᠷᠢᠶᠠᠬᠤ ᠶᠣᠰᠣᠲᠠᠶ ᠶᠢ ᠨᠢ ᠪᠦᠬᠦᠨ ᠢ ᠬᠤᠷᠢᠶᠠᠵᠤ᠂ ᠳᠠᠬᠢᠨ ᠰᠢᠨ᠎ᠡ ᠪᠠᠷ ᠥᠷᠢᠲᠦᠬᠦ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ᠬᠤᠶᠠᠷ ᠲᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠣᠯ ᠬᠠᠲᠠᠭᠤ ᠡᠭᠦᠷᠭᠡ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠡᠯ᠎ᠡ  ᠵᠦᠢᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠪᠦᠬᠦ ᠲᠠᠯ᠎ᠠ ᠪᠠᠷ ᠣᠨᠣᠪᠴᠢᠲᠠᠶ ᠨᠠᠶᠢᠳᠠᠪᠤᠷᠢᠵᠢᠭᠤᠯᠵᠠᠶ᠃ ᠡᠭᠦᠨ ᠤ ᠬᠠᠮᠲᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢᠨ ᠮᠠᠨ ᠤ ᠰᠢᠶᠠᠨ ᠤ ᠭᠠᠶᠢᠯᠢ ᠲᠠᠲᠠᠪᠤᠷᠢ ᠳᠤ ᠦᠵᠡᠭᠦᠯᠬᠦ ᠨᠥᠯᠥᠭᠡ ᠶᠢ ᠵᠠᠳᠠᠯᠬᠤ ᠠᠵᠢᠯ ᠢ ᠰᠠᠶᠢᠲᠤᠷ ᠬᠢᠨ᠎ᠠ᠃     ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢ ᠪᠠᠲᠤᠯᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ︽ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠦᠪ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠥᠰᠦᠪ ᠨᠠᠶᠢᠷᠠᠭᠤᠯᠤᠨ ᠵᠣᠬᠢᠶᠠᠬᠤ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ 2020 ᠣᠨ ᠳᠤ ᠰᠢᠶᠠᠨ ᠤ ᠱᠠᠲᠤᠨ ᠤ ᠡᠩ ᠤᠨ ᠴᠢᠨᠠᠷᠲᠠᠶ ᠵᠠᠷᠤᠯᠭ᠎ᠠ ᠶᠢ ᠲᠦᠷᠦᠭᠦᠤ ᠵᠢᠯ ᠤᠨ ᠬᠢ ᠠᠴᠠ 5% ᠪᠠᠷ ᠪᠠᠭᠠᠰᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ 10.59% ᠪᠠᠷ ᠪᠠᠭᠠᠰᠬᠠᠭᠰᠠᠨ ᠪᠠᠶᠢᠨ᠎ᠠ᠃ ︽ᠬᠠᠳᠠᠭᠠᠯᠠᠭᠳᠠᠴᠠ ᠶᠢ ᠰᠢᠯᠢᠳᠡᠭᠵᠢᠭᠦᠯᠬᠦ᠂ ᠡᠩ ᠤᠨ ᠬᠢ ᠶᠢ ᠬᠢᠵᠠᠭᠠᠷᠯᠠᠬᠤ᠂ ᠪᠦᠲᠦᠴᠡ ᠶᠢ ᠲᠣᠬᠢᠷᠠᠭᠤᠯᠬᠤ︾ ᠣᠯᠠᠨ ᠲᠠᠯ᠎ᠠ ᠪᠠᠷ ᠬᠦᠴᠦᠯᠡᠬᠦ ᠪᠠᠷ ᠳᠠᠮᠵᠢᠭᠤᠯᠤᠨ᠂ ᠦᠨᠳᠦᠰᠦᠨ ᠠᠷᠠᠳ ᠤᠨ ᠠᠮᠢᠳᠤᠷᠠᠯ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠪᠠᠲᠤᠯᠠᠵᠤ᠂ ᠵᠢᠷᠭᠤᠭᠠᠨ ᠰᠠᠷ᠎ᠠ ᠶᠢᠨ ᠡᠴᠦᠰ ᠪᠣᠯᠲᠠᠯ᠎ᠠ᠂ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠤᠨ ᠠᠰᠠᠷᠠᠨ ᠲᠡᠵᠢᠭᠡᠬᠦ᠂ ᠵᠡᠮᠳᠡᠭᠴᠦᠳ ᠤᠨ ᠨᠥᠬᠦᠪᠥᠷᠢ᠂ ᠠᠵᠢᠯ ᠣᠯᠭᠤᠯᠲᠠ ᠶᠢᠨ ᠨᠥᠬᠦᠪᠥᠷᠢ ᠵᠡᠷᠭᠡ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠡᠯᠡ ᠮᠥᠩᠭᠦ ᠶᠢ 24808 ᠲᠦᠮᠡᠨ ᠲᠥᠭᠦᠷᠢᠭ ᠲᠣᠬᠢᠷᠠᠭᠤᠯᠵᠤ᠂ ᠴᠠᠯᠢᠩ ᠤᠨ ᠵᠠᠷᠤᠯᠭ᠎ᠠ ᠶᠢ 23119 ᠲᠦᠮᠡᠨ ᠲᠥᠭᠦᠷᠢᠭ ᠲᠣᠬᠢᠷᠠᠭᠤᠯᠵᠤ᠂ ᠠᠵᠢᠯᠯᠠᠭᠠᠨ ᠢ ᠪᠠᠲᠤᠯᠠᠬᠤ ᠵᠠᠷᠤᠯᠭ᠎ᠠ ᠶᠢ 5231 ᠲᠦᠮᠡᠨ ᠲᠥᠭᠦᠷᠢᠭ ᠲᠣᠬᠢᠷᠠᠭᠤᠯᠤᠨ᠎ᠠ᠃ 2020 ᠣᠨ ᠤ ᠡᠬᠢ ᠪᠠᠷ ᠲᠥᠰᠦᠪ ᠢ 2329 ᠲᠦᠮᠡᠨ ᠲᠥᠭᠦᠷᠢᠭ ᠲᠣᠬᠢᠷᠠᠭᠤᠯᠵᠤ᠂ ᠭᠤᠤᠯᠳᠠᠭᠤ ᠲᠣᠰᠬᠤᠨ ᠤ ᠬᠤᠶᠠᠷ ᠵᠦᠪᠯᠡᠯ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠰᠠᠯᠪᠤᠷᠢ ᠪᠢᠴᠢᠭ  ᠤᠨ ᠡᠷᠬᠢᠯᠡᠭᠴᠢ ᠶᠢᠨ ᠴᠠᠯᠢᠩ ᠵᠢᠴᠢ ᠲᠣᠰᠬᠤᠨ ᠤ ᠱᠠᠲᠤᠨ ᠤ ᠠᠵᠢᠯᠯᠠᠭᠠᠨ ᠤ ᠵᠠᠷᠤᠳᠠᠯ ᠵᠡᠷᠭᠡ ᠳᠤ ᠬᠡᠷᠡᠭᠯᠡᠨ᠎ᠡ᠃                         ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2