2020 ᠣᠨ ᠤ ᠳᠡᠭᠡᠷ᠎ᠡ ᠬᠠᠭᠠᠰ ᠵᠢᠯ ᠳᠤ᠂ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠤᠨ ᠱᠠᠭᠠᠷᠳᠠᠯᠭ᠎ᠠ ᠶᠣᠰᠣᠭᠠᠷ᠂ ᠬᠢᠵᠢᠭ ᠢ ᠰᠡᠷᠭᠡᠶᠢᠯᠡᠨ ᠬᠢᠵᠠᠭᠠᠷᠯᠠᠬᠤ | ᠠᠵᠢᠯ ᠪᠣᠯᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠤᠶᠢᠯᠡᠳᠪᠦᠷᠢᠯᠡᠯ ᠢ ᠨᠢᠭᠡᠳᠦᠯᠲᠡᠶ | ᠲᠥᠯᠥᠪᠯᠡᠨ ᠠᠬᠢᠭᠤᠯᠵᠠᠶ᠃ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ | ᠠᠮᠤ ᠪᠤᠳᠠᠭᠠᠨ ᠤ ᠣᠷᠣᠯᠭ᠎ᠠ ᠶᠢ ᠲᠣᠭᠲᠠᠪᠤᠷᠢᠵᠢᠭᠤᠯᠤᠨ ᠨᠡᠮᠡᠭᠳᠡᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠨ᠂ | ᠤᠶᠢᠯᠡᠳᠪᠦᠷᠢᠯᠡᠯ ᠤᠨ ᠲᠥᠯᠥᠪᠯᠡᠭᠡ ᠶᠢ ᠵᠦᠶ ᠵᠣᠬᠢᠰᠲᠠᠶ ᠲᠣᠬᠢᠷᠠᠭᠤᠯᠵᠤ᠂ ᠲᠥᠮᠥᠰᠥ᠂ ᠬᠦᠢᠳᠡᠨ ᠰᠡᠷᠢᠭᠦᠨ | ᠢᠳᠡᠰᠢᠨ ᠨᠣᠭᠤᠭ᠎ᠠ᠂ ᠨᠣᠬᠠᠶ ᠶᠢᠨ ᠬᠤᠰᠢᠭᠤ ᠲᠠᠷᠢᠬᠤ ᠲᠠᠯᠠᠪᠠᠢ ᠶᠢ 22 ᠲᠦᠮᠡᠨ ᠮᠦ᠂ 5 ᠲᠦᠮᠡᠨ ᠮᠦ ᠪᠠ 12 | ᠲᠦᠮᠡᠨ ᠮᠦ ᠲᠣᠭᠲᠠᠭᠤᠨ ᠢᠶᠠᠷ ᠨᠠᠶᠢᠳᠠᠪᠤᠷᠢᠵᠢᠭᠤᠯᠤᠨ᠎ᠠ᠃ | ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤ ᠲᠠᠷᠢᠮᠠᠯ ᠤᠨ | ᠬᠡᠷᠡᠭᠴᠡᠭᠡ ᠶᠣᠰᠣᠭᠠᠷ᠂ ᠰᠢᠶᠠᠨ ᠳᠤ ᠰᠠᠭᠤᠭ᠎ᠠ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠣᠬᠢᠴᠠᠭᠤᠯᠵᠤ᠂ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠪᠠᠭ᠎ᠠ ᠲᠣᠭᠠᠨ ᠤ | ᠵᠢᠭᠡᠯᠡᠯᠭᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ | ᠤᠷᠤᠭᠰᠢᠲᠠᠶ ᠠᠬᠢᠭᠤᠯᠪᠠ᠃ ᠥᠨᠳᠡᠭᠡᠨ ᠲᠠᠬᠢᠶ᠎ᠠ᠂ ᠭᠠᠭ᠋ᠠᠶ ᠵᠡᠷᠭᠡ ᠠᠵᠤ ᠤᠶᠢᠯᠡᠰ ᠤᠨ ᠳᠠᠪᠠᠭᠤᠯᠢᠭ ᠦᠷᠭᠦᠯᠵᠢᠯᠡᠨ | ᠪᠠᠬᠢᠵᠢᠵᠦ᠂ ᠵᠢᠯ ᠤᠨ ᠳᠣᠲᠣᠷ᠎ᠠ ᠲᠡᠵᠢᠭᠡᠨ ᠦᠷᠡᠵᠢᠭᠦᠯᠬᠦ ᠬᠡᠪᠴᠢᠶ᠎ᠡ ᠶᠢ 340 ᠲᠦᠮᠡ ᠪᠠ 6 ᠲᠦᠮᠡ ᠬᠦᠷᠭᠡᠬᠦ ᠪᠠᠷ | ᠲᠥᠯᠥᠪᠯᠡᠵᠦ ᠪᠠᠶᠢᠨ᠎ᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |