ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠰᠢᠯᠭᠠᠨ ᠬᠤᠷᠢᠶᠠᠵᠤ ᠵᠢᠯᠤᠭᠤᠳᠬᠤ ᠳᠤᠭᠤᠶᠢᠯᠠᠩ ᠮᠠᠨ ᠤ ᠰᠢᠶᠠᠨ ᠳᠤ ᠭᠦᠨᠵᠡᠭᠡᠶᠢᠷᠡᠨ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠢᠮᠳᠠᠭᠤᠯᠤᠨ ᠵᠢᠯᠣᠭᠤᠳᠤᠨ᠎ᠠ
ᠨᠡᠶᠢᠲᠡᠯᠡᠭᠰᠡᠨ ᠴᠠᠭ᠄
2020-07-29
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ︽ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢ ᠰᠢᠯᠭᠠᠨ ᠠᠪᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 7 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠡᠵᠡᠩᠨᠡᠯᠲᠡ ᠶᠢᠨ ᠤᠶᠢᠯᠡᠴᠢᠯᠡᠭᠡᠨ ᠤ ᠲᠥᠪ ᠤᠨ ᠬᠤᠶᠠᠳᠤᠭᠠᠷ ᠠᠵᠢᠯ ᠤᠨ ᠰᠢᠯᠭᠠᠨ ᠬᠤᠷᠢᠶᠠᠵᠤ ᠵᠢᠯᠤᠭᠤᠳᠬᠤ ᠳᠤᠭᠤᠶᠢᠯᠠᠩ ᠤᠨ ᠳᠠᠷᠤᠭ᠎ᠠ ᠰᠦᠨ ᠶᠠᠨ ᠮᠢᠩ ᠪᠦᠯᠬᠦᠮ ᠳᠠᠭᠠᠭᠤᠯᠤᠨ 6 ᠬᠥᠮᠦᠨ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠲᠥᠪ ᠲᠤ ᠭᠦᠨᠵᠡᠭᠡᠶᠢᠷᠡᠨ ᠰᠢᠯᠭᠠᠨ ᠬᠤᠷᠢᠶᠠᠵᠤ ᠵᠢᠭᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠤᠯᠪᠣᠭᠳᠠᠯ ᠪᠦᠬᠦᠢ ᠬᠥᠮᠦᠰ ᠪᠠᠷ᠎ᠠ ᠪᠣᠯᠪᠠ᠃    ᠰᠢᠯᠭᠠᠨ ᠬᠤᠷᠢᠶᠠᠵᠤ ᠵᠢᠯᠣᠭᠤᠳᠬᠤ ᠳᠤᠭᠤᠶᠢᠯᠠᠩ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ  ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠮᠵᠢ ᠪᠠᠶᠢᠭᠤᠯᠬᠤ᠂ ᠤᠳᠤᠷᠢᠳᠬᠤ ᠪᠠᠭ ᠲᠣᠬᠢᠷᠠᠭᠤᠯᠬᠤ᠂ ᠠᠵᠢᠯᠲᠠᠨ ᠤ ᠣᠷᠣᠨ ᠲᠤᠭ᠎ᠠ᠂ ᠲᠥᠬᠦᠭᠡᠷᠦᠮᠵᠢ ᠶᠢ ᠰᠢᠨᠡᠳᠬᠡᠬᠦ᠂ ᠲᠤᠰᠬᠠᠶ ᠵᠠᠷᠤᠳᠠᠯ ᠢ ᠬᠡᠷᠡᠭᠯᠡᠬᠦ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠰᠠᠯᠠᠭ᠎ᠠ ᠮᠥᠴᠢᠷ ᠤᠨ ᠲᠣᠬᠢᠷᠠᠭᠤᠯᠤᠯᠲᠠ᠂ ᠠᠵᠢᠯᠯᠠᠭᠠᠨ ᠤ ᠶᠠᠪᠤᠴᠠ᠂ ᠵᠠᠭᠤᠴᠢᠯᠠᠭᠤᠷ ᠤᠨ ᠠᠭᠤᠰᠤᠯᠴᠠᠯ᠂ ᠨᠠᠷᠢᠨ ᠲᠣᠳᠣᠷᠬᠠᠶ ᠣᠶᠢᠯᠠᠭᠠᠵᠤ᠂ ᠶᠠᠭ ᠱᠠᠯᠠᠪᠳᠠᠨ ᠪᠠᠶᠢᠭᠤᠯᠵᠤ ᠪᠠᠶᠢᠭ᠎ᠠ ᠲᠣᠬᠢᠷᠠᠭᠤᠯᠤᠯᠲᠠ ᠵᠢᠯᠣᠭᠤᠳᠬᠤ ᠲᠥᠪ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃  ᠤᠶᠢᠯᠡᠳᠬᠦ ᠬᠡᠯᠲᠡᠰ᠂ ᠰᠢᠨ᠎ᠡ ᠵᠠᠭᠤᠴᠢᠯᠠᠭᠤᠷ ᠤᠨ ᠬᠡᠯᠲᠡᠰ ᠲᠤᠬᠠᠶ ᠶᠢᠨ ᠲᠠᠯᠠᠪᠠᠶ ᠳᠤ ᠠᠵᠢᠯᠲᠠᠨ ᠢ ᠬᠠᠮ ᠵᠠᠭᠤᠴᠢᠯᠠᠭᠤᠷ ᠤᠨ ᠲᠥᠪ ᠪᠠᠶᠢᠭᠤᠯᠤᠭᠳᠠᠭᠰᠠᠨ ᠠᠴᠠ ᠨᠠᠰᠢ᠂ ᠵᠠᠭᠤᠴᠢᠯᠠᠭᠤᠷ ᠤᠨ ᠠᠭᠤᠰᠤᠯᠴᠠᠯ᠂ ᠰᠢᠯᠵᠢᠯᠲᠡ ᠶᠢ ᠲᠡᠷᠢᠭᠦᠨ ᠳᠤ ᠲᠠᠯᠪᠢᠵᠤ᠂ ︽ᠵᠠᠭᠤᠴᠢᠯᠠᠭᠤᠷ +︾ ᠨᠠᠮ ᠤᠨ ᠶᠠᠪᠤᠳᠠᠯ᠂ ᠵᠠᠰᠠᠭ ᠤᠨ ᠶᠠᠪᠤᠳᠠᠯ᠂ ᠠᠷᠠᠳ ᠲᠤ ᠲᠥᠬᠦᠮ ᠦᠵᠡᠭᠦᠯᠬᠦ ᠤᠶᠢᠯᠡᠴᠢᠯᠡᠭᠡᠨ ᠤ ᠲᠠᠯ᠎ᠠ ᠪᠠᠷ ᠤᠶᠢᠯᠡᠳᠴᠦ ᠨᠡᠶᠢᠳᠡᠯᠡᠭᠰᠡᠨ ᠵᠠᠭᠤᠴᠢᠯᠠᠭᠤᠷ ᠤᠨ  ᠤᠶᠢᠯᠡᠳᠬᠦᠨ ᠪᠠᠶᠢᠨ᠎ᠠ᠃ ᠰᠢᠯᠭᠠᠨ ᠬᠤᠷᠢᠶᠠᠵᠤ ᠵᠢᠯᠣᠭᠤᠳᠬᠤ ᠳᠤᠭᠤᠶᠢᠯᠠᠩ ᠤᠨ ᠠᠵᠢᠯᠲᠠᠨ ᠪᠠᠰᠠ ᠬᠤᠰᠢᠭᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠳᠣᠯᠣᠭᠠᠨ ᠬᠡᠪᠯᠡᠯ ᠤᠨ ᠰᠢᠯᠭᠠᠨ ᠠᠪᠬᠤ ᠠᠭᠤᠯᠭ᠎ᠠ ᠶᠢ ᠨᠢᠭᠡᠳ ᠨᠢᠭᠡ ᠪᠠᠷ ᠪᠠᠶᠢᠴᠠᠭᠠᠵᠤ ᠬᠠᠷᠭᠤᠭᠤᠯᠤᠭᠠᠳ ᠬᠦᠷᠦᠯᠴᠡᠬᠦ ᠦᠭᠡᠶ ᠲᠠᠯ᠎ᠠ ᠪᠠ ᠣᠷᠬᠢᠭᠳᠠᠭᠤᠯᠤᠯ ᠢ ᠵᠢᠭᠠᠵᠤ  ᠭᠠᠷᠭᠠᠪᠠ᠃ ᠡᠭᠦᠨ ᠤ ᠬᠠᠮᠲᠤ ᠰᠢᠯᠭᠠᠨ ᠠᠪᠴᠤ ᠴᠡᠭᠴᠡᠯᠡᠨ ᠰᠠᠶᠢᠵᠢᠷᠠᠭᠤᠯᠬᠤ ᠲᠣᠳᠣᠷᠬᠠᠶ ᠬᠠᠭᠤᠳᠠᠰᠤ ᠶᠢ ᠳᠣᠷᠣᠭᠰᠢ ᠪᠠᠭᠤᠯᠭᠠᠵᠤ᠂ ᠲᠠᠪᠤᠨ ᠲᠠᠯ᠎ᠠ ᠶᠢᠨ ᠴᠡᠭᠴᠡᠯᠡᠨ ᠰᠠᠶᠢᠵᠢᠷᠠᠭᠤᠯᠬᠤ ᠰᠠᠨᠠᠯ ᠢ ᠳᠤᠷᠠᠳᠤᠨ᠂ 8 ᠰᠠᠷ᠎ᠠ ᠶᠢᠨ 25 ᠤ ᠡᠳᠦᠷ ᠠᠴᠠ  ᠡᠮᠦᠨ᠎ᠡ ᠡᠷᠬᠡᠪᠰᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃    ᠰᠢᠯᠭᠠᠨ ᠬᠤᠷᠢᠶᠠᠬᠤ ᠶᠢᠨ ᠵᠢᠯᠣᠭᠤᠳᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠵᠦᠸᠧᠽᠢ ᠰᠢᠶᠠᠨ ᠤ ᠬᠠᠮ ᠵᠠᠭᠤᠴᠢᠯᠠᠭᠤᠷ ᠤᠨ ᠲᠥᠪ ᠨᠢ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠢᠯᠠᠩᠭᠤᠶ᠎ᠠ ᠬᠠᠮ ᠵᠠᠭᠤᠴᠢᠯᠠᠭᠤᠷ ᠤᠨ ᠲᠥᠪ ᠤᠨ ᠴᠢᠬᠤᠯᠠ ᠮᠡᠷᠭᠡᠵᠢᠯ ᠤᠨ ᠲᠠᠪᠴᠠᠩ ᠵᠢᠯᠣᠭᠤᠳᠤᠨ ᠲᠤᠬᠢᠷᠠᠭᠤᠯᠬᠤ ᠲᠥᠪ᠂ ᠡᠷᠬᠡᠪᠰᠢ 9 ᠰᠠᠷ᠎ᠠ ᠳᠤ ᠵᠢᠩᠬᠢᠨᠢ ᠪᠠᠷ ᠰᠢᠯᠭᠠᠨ ᠠᠪᠬᠤ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠬᠡᠷᠡᠭᠲᠡᠶ᠃ ᠲᠣᠭᠲᠠᠭᠠᠭᠰᠠᠨ ᠡᠮᠬᠢᠯᠡᠨ ᠨᠡᠶᠢᠯᠡᠭᠦᠯᠬᠦ ᠲᠥᠷᠥᠯ ᠵᠦᠢᠯ ᠢ ᠴᠡᠭᠴᠡᠯᠡᠪᠡᠰᠦ ᠵᠣᠬᠢᠬᠤ ᠶᠢ ᠨᠢ ᠪᠦᠬᠦᠨ ᠢ ᠴᠡᠭᠴᠡᠯᠡᠵᠦ᠂ ᠠᠭᠤᠰᠤᠯᠴᠠᠭᠤᠯᠪᠠᠰᠤ ᠵᠣᠬᠢᠬᠤ ᠶᠢ ᠨᠢ ᠪᠦᠬᠦᠨ ᠢ ᠠᠭᠤᠰᠤᠯᠴᠠᠭᠤᠯᠵᠤ᠂ ︽ᠵᠠᠭᠤᠴᠢᠯᠠᠭᠤᠷ +︾ ᠠᠭᠤᠯᠭ᠎ᠠ ᠶᠢ ᠮᠥᠨ ᠬᠦ ᠪᠠᠶᠠᠯᠢᠭᠵᠢᠭᠤᠯᠵᠤ᠂ ᠲᠤᠰᠬᠠᠶ ᠵᠠᠷᠤᠳᠠᠯ ᠤᠨ ᠦᠯᠡᠳᠡᠪᠦᠷᠢ ᠲᠤᠭ᠎ᠠ ᠶᠢ ᠲᠦᠷᠭᠡᠬᠡᠨ ᠬᠡᠷᠡᠭᠯᠡᠵᠦ᠂ ᠡᠭᠦᠨ ᠤ ᠬᠠᠮᠲᠤ ᠰᠢᠯᠭᠠᠨ ᠠᠪᠬᠤ ᠶᠠᠪᠤᠴᠠ ᠳᠤ ᠬᠡᠷᠡᠭᠰᠡᠬᠦ ᠦᠰᠦᠭ ᠪᠢᠴᠢᠭ ᠤᠨ ᠮᠠᠲ᠋ᠧᠷᠢᠶᠠᠯ ᠢ ᠳᠠᠷᠦ᠋ᠢᠬᠠᠨ ᠨᠥᠬᠦᠪᠥᠷᠢᠯᠡᠨ ᠲᠡᠭᠦᠯᠳᠡᠷᠵᠢᠭᠦᠯᠬᠦ ᠬᠡᠷᠡᠭᠲᠡᠶ᠃    ᠰᠢᠯᠭᠠᠨ ᠬᠤᠷᠢᠶᠠᠵᠤ ᠵᠢᠯᠣᠭᠤᠳᠬᠤ ᠳᠤᠭᠤᠶᠢᠯᠠᠩ ᠴᠢᠬᠤᠯᠠᠴᠢᠯᠠᠭᠰᠠᠨ ᠨᠢ᠂ 2020 ᠤᠨ ᠪᠣᠯ ᠪᠦᠬᠦ ᠤᠯᠤᠰ ᠠᠴᠠ ᠬᠤᠰᠢᠭᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢ ᠰᠢᠯᠭᠠᠨ ᠠᠪᠬᠤ ᠵᠢᠯ ᠪᠣᠯᠤᠨ᠎ᠠ᠂ ᠶᠡᠷᠦᠩᠬᠡᠶ ᠱᠦᠵᠢ ᠰᠢ ᠶᠢᠨ ᠫᠢᠩ 2013 ᠣᠨ ᠠᠴᠠ ᠨᠠᠰᠢ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠳᠤ ᠣᠯᠠᠨ ᠤᠳᠠᠭ᠎ᠠ ᠴᠢᠬᠤᠯᠠ ᠶᠠᠷᠢᠶ᠎ᠠ ᠪᠠ ᠵᠢᠭᠠᠪᠤᠷᠢ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠴᠦ ᠡᠨᠡᠬᠦ ᠠᠵᠢᠯ ᠢ  ᠳᠡᠭᠡᠲᠦ  ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠬᠤᠰᠢᠭᠤ ᠰᠢᠶᠠᠨ ᠡᠷᠬᠡᠪᠰᠢ ︽ᠳᠥᠷᠪᠡᠨ ᠤᠬᠠᠮᠰᠠᠷ︾ ᠢ ᠪᠠᠲᠤ ᠪᠠᠬᠢ ᠪᠣᠢ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ︽ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠶᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠶᠢ ᠲᠦᠷᠭᠡᠳᠬᠡᠨ  ᠠᠬᠢᠭᠤᠯᠵᠤ ᠰᠢᠯᠭᠠᠨ ᠠᠪᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃                 ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2