ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠤᠶᠢᠯᠡᠳᠤᠯ ᠠᠭᠠᠵᠢᠮ ᠢᠶᠠᠷ ᠢᠯᠡᠷᠡᠵᠦ᠂ ᠨᠢᠭᠡᠨᠲᠡ ᠶᠠᠳᠠᠭᠤ ᠶᠢ | ᠲᠡᠳᠬᠦᠬᠦ ᠪᠣᠭᠤᠮᠲᠠ ᠰᠢᠪᠲᠤᠯᠬᠤ ᠴᠢᠬᠤᠯᠠ ᠠᠷᠭ᠎ᠠ ᠵᠠᠮ ᠤᠨ ᠨᠢᠭᠡ ᠪᠣᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠲᠦ ᠬᠡᠮᠵᠢᠶᠡᠨ ᠤ ᠴᠢᠬᠤᠯᠠᠴᠢᠯᠠᠯ ᠢ ᠣᠯᠵᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠵᠤ ᠨᠢᠭᠡᠳᠦᠭᠡᠷ ᠬᠤᠶᠠᠳᠤᠭᠠᠷ ᠭᠤᠷᠪᠠᠳᠤᠭᠠᠷ | ᠠᠵᠤ ᠤᠶᠢᠯᠡᠰ ᠤᠨ ᠠᠭᠤᠰᠤᠯᠴᠠᠯ ᠢ ᠠᠬᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠦᠭᠡᠷᠡᠴᠢᠯᠡᠯᠲᠡ ᠶᠢ ᠠᠬᠢᠭᠤᠯᠬᠤ᠂ ᠤᠯᠠᠮᠵᠢᠯᠠᠯᠲᠤ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ | ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ | ᠥᠪᠥᠷ ᠮᠣᠩᠭᠤᠯ ᠤᠨ ᠵᠦᠸᠧᠽᠢ ᠰᠢᠶᠠᠨ 2018 ᠣᠨ ᠠᠴᠠ ᠤᠯᠤᠰ ᠶᠢᠨ ᠡᠯᠧᠺᠲᠷᠣᠨ ᠬᠤᠳᠠᠯᠳᠤᠭᠠᠨ ᠤ | ᠶᠠᠪᠤᠳᠠᠯ ᠢ ᠬᠦᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠢ | ᠬᠦᠯᠢᠶᠡᠨ ᠠᠪᠴᠤ ᠪᠦᠲᠦᠭᠡᠨ ᠪᠠᠶᠢᠭᠤᠯᠬᠤ ᠡᠬᠢᠯᠡᠯᠲᠡ ᠪᠣᠯᠵᠤ᠂ ᠵᠦᠸᠧᠽᠢ ᠰᠢᠶᠠᠨ ᠤ ᠡᠯᠧᠺᠲᠷᠣᠨ | ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠡᠲᠡᠭᠡᠳ ᠤᠨ ᠣᠨᠴᠠᠯᠢᠭ ᠢ ᠦᠨᠳᠤᠰᠦᠯᠡᠵᠦ᠂ ᠡᠯᠧᠺᠲᠷᠣᠨ | ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠶᠢ ᠵᠦᠸᠧᠽᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠶᠡᠷᠦᠩᠬᠡᠶ ᠪᠠᠶᠢᠷᠢᠯᠠᠭᠤᠯᠤᠯᠲᠠ ᠪᠠ ᠠᠵᠢᠯ ᠤᠨ ᠰᠢᠰᠲ᠋ᠧᠮᠵᠢ ᠳᠤ ᠣᠷᠣᠭᠤᠯᠵᠤ᠂ ᠵᠦᠸᠧᠽᠢ ᠰᠢᠶᠠᠨ ᠤ | ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠲᠤᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠠᠴᠠ ᠡᠭᠦᠰᠴᠦ | ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠶᠢᠨ ᠲᠣᠭᠤᠷᠢᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠪᠠᠶᠢᠭᠤᠯᠤᠯᠲᠠ ᠶᠢ ᠭᠦᠨᠵᠡᠭᠡᠶ | ᠬᠡᠷᠡᠭᠵᠢᠭᠦᠯᠵᠦ᠂ ᠥᠪᠡᠷᠮᠢᠴᠡ ᠣᠨᠴᠠᠯᠢᠭ ᠲᠠᠢ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ︽ᠲᠠᠪᠤᠨ | ᠬᠡᠮᠵᠢᠯᠳᠦ ᠵᠠᠭᠪᠤᠷ︾ ᠢ ᠪᠦᠷᠢᠯᠳᠦᠭᠦᠯᠪᠡ᠃ | ᠨᠢᠭᠡᠳᠦᠭᠡᠷ ᠬᠡᠮᠵᠢᠯᠲᠡ ᠨᠢ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠵᠢᠯᠣᠭᠤᠳᠤᠯᠭ᠎ᠠ ᠪᠣᠯᠭᠠᠵᠤ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠶᠠᠳᠠᠭᠤ ᠠᠴᠠ ᠪᠣᠯᠵᠤ ᠲᠤᠬᠠᠶ ᠶᠢᠨ ᠭᠠᠵᠠᠷ ᠤᠨ ᠪᠠᠶᠢᠳᠠᠯ ᠳᠤᠨᠢ | ᠲᠣᠬᠢᠷᠠᠭᠤᠯᠤᠨ ᠡᠯᠧᠺᠲᠷᠣᠨ ᠬᠤᠳᠠᠯᠳᠤᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢᠨ | ᠳᠦᠷᠢᠮ ᠢ ᠲᠣᠭᠲᠠᠭᠠᠵᠤ᠂ ᠦᠵᠡᠯ ᠰᠠᠨᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠠᠵᠢᠯᠯᠠᠭ᠎ᠠ ᠪᠠᠷ | ᠶᠠᠳᠠᠭᠤ ᠠᠴᠠ ᠠᠩᠭᠢᠵᠢᠷᠠᠭᠤᠯᠬᠤ ᠶᠢ ᠬᠠᠮᠲᠤ ᠳᠤᠨᠢ ᠠᠳᠬᠤᠬᠤ ᠶᠢ ᠪᠠᠲᠤᠯᠠᠨ᠎ᠠ᠃ ᠡᠯᠧᠺᠲᠷᠣᠨ ᠬᠤᠳᠠᠯᠳᠤᠭᠠᠨ ᠤ | ᠶᠠᠳᠠᠭᠤ ᠠᠴᠠ ᠠᠩᠭᠢᠵᠢᠷᠠᠭᠤᠯᠬᠤ ᠨᠠᠷᠢᠯᠢᠭ ᠣᠨᠣᠴᠠᠲᠠᠶ ᠲᠥᠰᠦᠯ ᠢ ᠲᠣᠭᠲᠠᠭᠠᠬᠤ ᠪᠤᠯᠤᠨ᠎ᠠ᠃ | ᠬᠤᠶᠠᠳᠤᠭᠠᠷ ᠬᠡᠮᠵᠢᠯᠲᠡ ᠨᠢ ᠶᠠᠳᠠᠭᠤ ᠬᠦᠴᠢᠷᠳᠡᠯᠲᠡᠶ ᠲᠤᠭ᠎ᠠ ᠪᠠᠷᠢᠮᠲᠠ ᠪᠠᠷ ᠲᠦᠰᠢᠭ ᠪᠣᠯᠭᠠᠵᠤ᠂ ᠠᠵᠢᠯ | ᠡᠷᠬᠢᠯᠡᠬᠦ ᠡᠯᠧᠺᠲᠷᠣᠨ ᠬᠤᠳᠠᠯᠳᠤᠭᠠᠨ ᠤ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠶᠠᠳᠠᠭᠤ ᠬᠦᠴᠢᠷᠳᠡᠯᠲᠡᠶ | ᠡᠷᠦᠬᠡ ᠶᠢᠨ ᠠᠵᠤ ᠦᠢᠯᠡᠰ ᠤᠨ ᠮᠡᠳᠡᠭᠡ ᠵᠠᠩᠭᠢ᠂ ᠶᠠᠳᠠᠭᠤ ᠶᠢ ᠲᠡᠳᠬᠦᠬᠦ ᠮᠡᠳᠡᠭᠡ ᠵᠠᠩᠭᠢ ᠶᠢ ᠨᠢᠭᠲᠠ ᠮᠥᠷᠳᠡᠵᠦ᠂ | ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯ ᠳᠤᠮᠳᠠ ᠬᠠᠪᠰᠤᠷᠤᠨ ᠳᠡᠳᠬᠦᠬᠦ ᠠᠭᠤᠯᠭ᠎ᠠ ᠳᠤ ᠴᠠᠭ | ᠲᠤᠬᠠᠶ ᠳᠤᠨᠢ ᠲᠣᠬᠢᠷᠠᠭᠤᠯᠤᠯᠲᠠ ᠬᠢᠬᠦ ᠶᠢ ᠦᠨᠡᠨᠬᠦ ᠪᠠᠲᠤᠯᠠᠵᠤ᠂ ᠲᠤᠪᠤᠶᠢᠮ᠎ᠠ ᠬᠦᠴᠢᠷᠳᠡᠯ ᠲᠠᠢ ᠠᠰᠠᠭᠤᠳᠠᠯ ᠢ | ᠵᠣᠬᠢᠴᠠᠭᠤᠯᠤᠨ᠎ᠠ᠃ | ᠭᠤᠷᠪᠠᠳᠤᠭᠠᠷ ᠬᠡᠮᠵᠢᠯᠲᠡ ᠨᠢ ᠨᠡᠷᠡᠲᠦ ᠲᠡᠮᠳᠡᠭᠲᠦ ᠪᠠᠷ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠤ᠂ | ᠵᠦᠸᠧᠽᠢ ᠰᠢᠶᠠᠨ ᠤ ︽ᠵᠦᠸᠧᠽᠢ ᠠᠮᠲᠠᠲᠦ︾ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠣᠯᠠᠨ | ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠪᠠᠶᠢᠭᠤᠯᠵᠤ᠂ ︽ᠭᠤᠤᠯ ᠨᠠᠷᠠᠲᠤ ᠲᠡᠮᠳᠡᠭᠲᠦ + ᠬᠤᠪᠢᠶᠠᠷᠢ ᠨᠠᠷᠠᠲᠤ | ᠲᠥᠷᠥᠯ ᠲᠡᠮᠳᠡᠭᠲᠦ︾ ᠶᠢᠨ ᠰᠢᠶᠠᠨ ᠤ ᠬᠡᠪᠴᠢᠶᠡᠨ ᠤ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ | ᠰᠢᠰᠲ᠋ᠧᠮᠵᠢ ᠶᠢ ᠪᠠᠶᠢᠭᠤᠯᠵᠤ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠵᠠᠭᠪᠤᠷ ᠲᠤ ᠰᠢᠨ᠎ᠡ ᠶᠢ | ᠡᠭᠦᠳᠴᠦ᠂ ᠲᠣᠰ ᠭᠠᠵᠠᠷ ᠣᠷᠣᠨ ᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠵᠢᠴᠢ ᠬᠡᠷᠡᠭᠯᠡᠭᠡᠨ ᠤ | ᠬᠡᠯᠪᠡᠷᠢ ᠶᠢᠨ ᠴᠢᠳᠠᠪᠤᠷᠢᠲᠠᠨ ᠢ ᠦᠷᠭᠦᠯᠵᠢᠯᠡᠨ ᠪᠤᠶᠢᠵᠢᠭᠤᠯᠤᠨ᠎ᠠ᠃ | ᠳᠥᠷᠪᠡᠳᠦᠭᠡᠷ ᠬᠡᠮᠵᠢᠯᠲᠡ ᠳᠤ ᠦᠢᠯᠡᠴᠢᠯᠡᠭᠡ ᠪᠠᠷ ᠶᠠᠳᠠᠭᠤ ᠶᠢ ᠲᠡᠳᠬᠦᠬᠦ ᠠᠮᠢ ᠠᠬᠤᠶ ᠶᠢ ᠪᠠᠶᠢᠭᠤᠯᠵᠤ᠂ | ᠴᠢᠳᠠᠪᠤᠷᠢᠲᠠᠨ ᠤ ᠪᠣᠯᠪᠠᠰᠤᠷᠠᠭᠤᠯᠤᠯ + ᠦᠷᠭᠦᠯᠵᠢᠯᠡᠨ ᠮᠥᠷᠳᠡᠨ ᠨᠡᠪᠴᠢᠭᠦᠯᠬᠦ᠂ ᠲᠠᠷᠢᠶᠠᠯᠠᠩ ᠤᠨ | ᠪᠦᠲᠦᠭᠡᠭᠳᠡᠭᠦᠨ ᠤ ᠬᠠᠩᠭᠠᠯᠭ᠎ᠠ ᠶᠢᠨ ᠬᠡᠯᠬᠢᠶ᠎ᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠤᠶᠢᠯᠡᠴᠢᠯᠡᠭᠡᠨ ᠤ | ᠥᠷᠲᠡᠭᠡ + ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ᠂ ᠲᠠᠷᠢᠶᠠᠴᠢᠳ ᠲᠤ ᠠᠰᠢᠭ | ᠬᠦᠷᠲᠡᠭᠡᠬᠦ ᠮᠥᠩᠭᠦᠨ ᠭᠦᠢᠯᠭᠡᠭᠡᠨ ᠤ ᠤᠶᠢᠯᠡᠴᠢᠯᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ | ᠶᠢᠨ ᠤᠶᠢᠯᠡᠴᠢᠯᠡᠭᠡ ᠵᠡᠷᠭᠡ ᠣᠯᠠᠨ ᠣᠷᠣᠨ ᠢ ᠨᠢᠭᠡ ᠴᠣᠭᠴᠠᠵᠢᠭᠤᠯᠤᠭᠰᠠᠨ ᠤᠶᠢᠯᠡᠴᠢᠯᠡᠭᠡᠨ ᠤ ᠬᠡᠯᠬᠢᠶ᠎ᠡ ᠶᠢ | ᠪᠠᠶᠢᠭᠤᠯᠵᠤ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠮᠢ ᠠᠬᠤᠶ ᠶᠢᠨ ᠬᠦᠷᠢᠶ᠎ᠡ ᠶᠢ ᠪᠣᠶ ᠪᠣᠯᠭᠠᠨ᠎ᠠ | ᠃ | ᠲᠠᠪᠤᠳᠤᠭᠠᠷ ᠬᠡᠮᠵᠢᠯᠲᠡ ᠨᠢ ᠲᠥᠪᠯᠡᠷᠡᠭᠦᠯᠦᠨ ᠴᠤᠭᠯᠠᠷᠠᠵᠤ ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ ᠣᠯᠠᠨ | ᠲᠠᠯ᠎ᠠ ᠶᠢᠨ ᠡᠬᠢ ᠪᠠᠶᠠᠯᠢᠭ ᠢ ᠬᠤᠷᠠᠮᠳᠤᠭᠤᠯᠬᠤ ᠪᠠᠷ ᠳᠠᠮᠵᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ | ᠲᠣᠰᠬᠤᠨ ᠤ ᠳᠣᠲᠣᠭᠠᠳᠤ ᠭᠠᠳᠠᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ | ᠰᠢᠯᠢᠳᠡᠭᠵᠢᠭᠦᠯᠦᠨ᠎ᠡ᠃ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠬᠦ ᠲᠥᠷᠥ ᠶᠢᠨ | ᠪᠣᠳᠣᠯᠭ᠎ᠠ᠂ ᠵᠤᠬᠢᠴᠠᠭᠤᠯᠤᠨ ᠵᠢᠯᠣᠭᠤᠳᠬᠤ᠂ ᠠᠵᠢᠯ ᠢ ᠠᠬᠢᠭᠤᠯᠬᠤ᠂ ᠪᠠᠶᠢᠴᠠᠭᠠᠵᠤ ᠬᠢᠨᠠᠨ ᠰᠢᠯᠭᠠᠬᠤ ᠵᠡᠷᠭᠡ | ᠪᠠᠷᠢᠮᠵᠢᠶ᠎ᠠ ᠶᠢᠨ ᠲᠦᠰᠦᠯ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠤᠨ ᠶᠡᠷᠦᠩᠬᠡᠶ ᠠᠩᠭᠢ ᠪᠠᠷ ᠵᠢᠯᠣᠭᠤᠳᠤᠯᠭ᠎ᠠ ᠪᠣᠯᠭᠠᠵᠤ᠂ ᠰᠢᠶᠠᠨ ᠤ ᠡᠯᠧᠺᠲᠷᠣᠨ | ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢᠶᠠᠷ ᠭᠤᠤᠯ | ᠪᠣᠯᠭᠠᠵᠤ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠨᠢ ᠣᠶᠤᠨ ᠤ ᠬᠥᠮᠥᠷᠭᠡ ᠪᠣᠯᠤᠨ᠎ᠠ᠃ ᠰᠢᠶᠠᠨ ᠤ ᠨᠠᠮ ᠤᠨ | ᠬᠤᠷᠢᠶ᠎ᠠ᠂ ᠰᠢᠶᠠᠨ ᠤ ᠵᠠᠰᠠᠭ ᠤᠨ ᠣᠷᠳᠣᠨ᠂ ᠡᠯᠧᠺᠲᠷᠣᠨ ᠬᠤᠳᠠᠯᠳᠤᠭᠠᠨ ᠤ ᠲᠥᠪ᠂ ᠰᠢᠶᠠᠩ ᠪᠠᠯᠭᠠᠰᠦ ᠶᠢᠨ | ᠵᠠᠰᠠᠭ ᠤᠨ ᠣᠷᠳᠣᠨ᠂ ᠶᠠᠳᠠᠭᠤ ᠶᠢ ᠲᠡᠳᠬᠦᠬᠦ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠣᠯᠠᠨ ᠱᠠᠲᠤ | ᠬᠤᠯᠪᠣᠭᠠᠯᠠᠨ ᠬᠥᠳᠡᠯᠦᠯᠴᠡᠵᠦ᠂ ᠬᠠᠮᠵᠢᠯᠴᠠᠨ ᠠᠬᠢᠭᠤᠯᠤᠭᠰᠠᠨ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ | ᠲᠡᠳᠬᠦᠬᠦ ᠠᠵᠢᠯ ᠤᠨ ᠲᠣᠭᠲᠠᠴᠠ ᠪᠣᠢ ᠪᠤᠯᠭᠠᠨ᠎ᠠ᠃ | ᠬᠤᠶᠠᠷ ᠵᠢᠯ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠪᠠᠷ ᠳᠡᠮᠵᠢᠨ᠂ ᠵᠦᠸᠧᠽᠢ ᠰᠢᠶᠠᠨ ᠤ | ᠡᠯᠧᠺᠲᠷᠣᠨ ᠬᠤᠳᠠᠯᠳᠤᠭᠠᠨ ᠤ ᠶᠠᠳᠠᠭᠤ ᠶᠢ ᠲᠡᠳᠬᠦᠬᠦ ᠠᠵᠢᠯ ᠨᠢ ᠰᠠᠭᠤᠷᠢ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠠᠬᠢᠭᠤᠯᠬᠤ᠂ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠳᠤ ᠬᠦᠴᠦᠨ | ᠨᠡᠮᠡᠷᠢᠯᠡᠬᠦ᠂ ᠲᠠᠷᠢᠶᠠᠯᠠᠩ ᠤᠨ ᠣᠨᠴᠠ ᠭᠠᠷᠤᠯᠲᠠ ᠶᠢᠨ ᠳᠡᠭᠡᠭᠰᠢ ᠠᠶᠠᠯᠠᠬᠤ ᠶᠢ ᠠᠬᠢᠭᠤᠯᠬᠤ᠂ ᠰᠦᠯᠵᠢᠶᠡᠨ ᠤ | ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠳᠠᠪᠠᠭᠤᠯᠢᠭ ᠠᠵᠤ ᠤᠶᠢᠯᠡᠰ ᠤᠨ ᠬᠥᠭᠵᠢᠯᠲᠡ ᠶᠢ ᠳᠠᠶᠢᠴᠢᠯᠠᠬᠤ ᠵᠡᠷᠭᠡ | ᠲᠠᠯ᠎ᠠ ᠪᠠᠷ ᠴᠥᠮ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠨᠡᠩ ᠪᠦᠷᠢᠨ ᠲᠡᠭᠦᠯᠳᠡᠷ ᠪᠣᠯᠭᠠᠪᠠ᠃ ︽ᠨᠠᠮ ᠤᠨ | ᠪᠠᠶᠢᠭᠤᠯᠤᠯᠲᠠ + ᠡᠯᠧᠺᠲᠷᠣᠨ ᠬᠤᠳᠠᠯᠳᠤᠭ᠎ᠠ︾ ᠶᠢ ᠭᠦᠨᠵᠡᠭᠡᠶ ᠰᠦᠪᠡᠭᠴᠢᠯᠡᠵᠦ᠂ ᠡᠯ᠎ᠡ ᠲᠠᠯ᠎ᠠ ᠶᠢᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠦᠯᠵᠢᠶᠡᠨ ᠤ ᠬᠤᠳᠠᠯᠳᠤᠭᠠᠨ ᠤ ᠨᠠᠮ ᠤᠨ ᠬᠤᠷᠢᠶ᠎ᠠ ᠪᠠᠶᠢᠭᠤᠯᠵᠤ᠂ ᠠᠵᠤ | ᠠᠬᠤᠶᠢᠯᠠᠯ ᠢᠶᠠᠷ ᠴᠡᠭ ᠪᠣᠯᠭᠠᠵᠤ᠂ ᠡᠯᠧᠺᠲᠷᠣᠨ ᠬᠤᠳᠠᠯᠳᠤᠭᠠᠨ ᠤ ᠨᠡᠶᠢᠭᠡᠮᠯᠢᠭ ᠢᠶᠠᠷ ᠱᠤᠭᠤᠮ ᠪᠣᠯᠭᠠᠵᠤ᠂ | ᠰᠦᠯᠵᠢᠶᠡᠨ ᠬᠤᠳᠠᠯᠳᠤᠭᠠᠨ ᠤ ᠲᠦᠪᠯᠡᠷᠡᠯ ᠢᠶᠠᠷ ᠬᠡᠪᠴᠢᠶ᠎ᠡ ᠪᠣᠯᠭᠠᠭᠰᠠᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠪᠦᠬᠦ ᠲᠠᠯ᠎ᠠ ᠪᠠᠷ ᠪᠠᠶᠢᠭᠤᠯᠵᠤ᠂ ᠪᠣᠯᠪᠠᠰᠤᠷᠠᠭᠤᠯᠤᠯ ᠥᠷᠨᠢᠭᠦᠯᠬᠦ᠂ ᠰᠣᠯᠢᠯᠴᠠᠭ᠎ᠠ ᠬᠢᠵᠦ | ᠰᠤᠳᠤᠯᠤᠨ ᠶᠠᠷᠢᠯᠴᠠᠬᠤ᠂ ᠨᠠᠮ ᠤᠨ ᠭᠡᠰᠢᠭᠦᠳ ᠢᠶᠠᠷ ᠳᠠᠶᠢᠴᠢᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠳᠡᠳᠬᠦᠬᠦ ᠠᠵᠢᠯ ᠢ ᠢᠳᠡᠪᠬᠢᠲᠡᠶ ᠪᠠᠷ ᠠᠬᠢᠭᠤᠯᠤᠨ᠎ᠠ᠃ | ᠢᠯᠭᠠᠨ ᠲᠠᠨᠢᠵᠤ ᠬᠠᠪᠰᠤᠷᠤᠨ ᠲᠡᠳᠬᠦᠬᠦ ᠶᠢ ᠨᠠᠩ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠣᠯᠭᠠᠨ᠎ᠠ᠃ | ᠵᠦᠸᠧᠽᠢ ᠰᠢᠶᠠᠨ ᠤ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠲᠥᠪ ᠶᠠᠳᠠᠭᠤ ᠬᠦᠴᠢᠷᠳᠡᠯᠲᠡᠶ ᠡᠷᠦᠬᠡ ᠶᠢᠨ | ᠪᠣᠳᠠᠲᠠᠶ ᠪᠠᠶᠢᠳᠠᠯ ᠪᠣᠯᠤᠨ ᠶᠠᠳᠠᠭᠤ ᠬᠦᠴᠢᠷᠳᠡᠯᠲᠡᠶ ᠣᠨᠴᠠᠯᠢᠭ ᠲᠠᠢ ᠤᠶᠠᠯᠳᠤᠭᠤᠯᠤᠨ ᠱᠠᠲᠤ ᠬᠤᠪᠢᠶᠠᠨ | ᠲᠦᠯᠦᠪᠵᠢᠭᠦᠯᠭᠡ ᠬᠢᠵᠦ᠂ ᠨᠢᠭᠡ ᠪᠦᠯᠦᠭ ᠬᠥᠮᠦᠰ ᠠᠵᠤ ᠠᠬᠤᠶᠢᠯᠠᠯ ᠤᠨ ᠬᠠᠩᠭᠠᠯᠭ᠎ᠠ ᠶᠢᠨ ᠠᠵᠤ ᠦᠢᠯᠡᠰ ᠤᠨ | ᠬᠡᠯᠬᠢᠶ᠎ᠡ ᠳᠤ ᠲᠦᠰᠢᠭᠯᠡᠨ ᠠᠵᠢᠯ ᠣᠯᠭᠤᠯᠲᠠ ᠶᠢᠨ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠵᠦ᠂ ᠪᠠᠰᠠ ᠨᠢᠭᠡ ᠪᠦᠯᠦᠭ | ᠭᠠᠵᠠᠷ ᠰᠢᠷᠣᠶ᠂ ᠬᠤᠷᠰᠢᠬᠤ ᠬᠡᠯᠪᠡᠷᠢ ᠪᠠᠷ ᠡᠯᠧᠺᠲᠷᠣᠨ ᠬᠤᠳᠠᠯᠳᠤᠭᠠᠨ ᠤ ᠤᠶᠢᠯᠡᠰ ᠪᠣᠰᠬᠠᠬᠤ ᠲᠤ ᠣᠷᠣᠯᠴᠠᠬᠤ ᠶᠢ | ᠵᠣᠷᠢᠭᠵᠢᠭᠤᠯᠵᠤ᠂ ᠪᠤᠰᠤᠳ ᠨᠠᠰᠤᠵᠢᠭᠰᠠᠨ ᠣᠨᠴᠠ ᠬᠦᠴᠢᠷᠳᠡᠯᠲᠡᠶ ᠡᠷᠦᠬᠡ᠂ ᠵᠡᠮᠳᠡᠭᠴᠦᠳ ᠤᠨ ᠣᠨᠴᠠ | ᠬᠦᠴᠢᠷᠳᠡᠯᠲᠡᠶ ᠡᠷᠦᠬᠡ᠂ ᠰᠤᠷᠤᠯᠴᠠᠯᠭ᠎ᠠ ᠳᠤ ᠰᠠᠭᠠᠳ ᠲᠠᠢ ᠣᠨᠴᠠ ᠬᠦᠴᠢᠷᠳᠡᠯᠲᠡᠶ ᠡᠷᠦᠬᠡ ᠵᠡᠷᠭᠡ ᠨᠢ ︽ᠨᠢᠭᠡ | ᠥᠷᠲᠡᠭᠡ ᠮᠠᠶ᠋ᠢᠭ ᠤᠨ ᠨᠠᠶᠢᠳᠠᠨ ᠬᠠᠮᠢᠶᠠᠷᠠᠭᠤᠯᠬᠤ︾ ᠤᠶᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠪᠠᠷ | ᠳᠠᠮᠵᠢᠭᠤᠯᠤᠨ᠂ ᠡᠯᠧᠺᠲᠷᠣᠨ ᠬᠤᠳᠠᠯᠳᠤᠭ᠎ᠠ ᠪᠠᠷ ᠨᠡᠪᠴᠢᠭᠦᠯᠦᠨ ᠬᠥᠮᠦᠵᠢᠭᠦᠯᠦᠭᠰᠡᠨ ᠰᠢᠯᠢᠳᠡᠭ ᠵᠠᠯᠠᠭᠤᠴᠤᠳ ᠢ | ᠣᠷᠣᠯᠠᠨ ᠡᠵᠡᠩᠨᠡᠬᠦ ᠭᠤᠣᠯ ᠴᠣᠭᠴᠠ ᠪᠣᠯᠭᠠᠨ᠎ᠠ᠃ | ᠲᠠᠷᠢᠶᠠᠯᠠᠩ ᠤᠨ ᠣᠨᠴᠠ ᠮᠡᠷᠭᠡᠵᠢᠯ ᠠᠴᠠ ᠭᠠᠷᠴᠤ ᠢᠷᠡᠬᠦ ᠨᠡᠷᠡᠲᠦ ᠲᠥᠷᠥᠯ ᠲᠡᠮᠳᠡᠭᠲᠦ ᠶᠢ ᠪᠡᠶᠡᠯᠡᠭᠦᠯᠦᠨ᠎ᠡ᠃ ︽ | ᠵᠦᠸᠧᠽᠢ ᠠᠮᠲᠠᠲᠦ︾ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠣᠯᠠᠨ ᠨᠡᠶᠢᠲᠡ ᠶᠢᠨ ᠨᠡᠷᠡᠲᠦ | ᠲᠥᠷᠥᠯ ᠲᠡᠮᠳᠡᠭᠲᠦ ᠶᠢᠨ ᠰᠢᠰᠲ᠋ᠧᠮ ᠢ ᠡᠭᠦᠳᠦᠨ ᠪᠠᠶᠢᠭᠤᠯᠵᠤ᠂ ᠪᠥᠬᠦ ᠰᠢᠶᠠᠨ ᠤ ᠴᠢᠨᠠᠷ ᠰᠠᠶᠢᠲᠠᠶ ᠡᠯᠧᠺᠲᠷᠣᠨ | ᠬᠤᠳᠠᠯᠳᠤᠭᠠᠨ ᠤ ᠠᠵᠤ ᠤᠶᠢᠯᠡᠰ ᠤᠨ ᠤᠶᠢᠯᠡᠳᠬᠦᠨ ᠢ ᠬᠠᠮᠲᠤ ᠪᠠᠷ ᠡᠭᠦᠳᠴᠦ ︽ᠵᠦᠸᠧᠽᠢ ᠠᠮᠲᠠᠲᠦ︾ ᠭᠡᠬᠦ | ᠡᠨᠡᠬᠦ ᠨᠠᠷᠠᠲᠤ ᠲᠡᠮᠳᠡᠭᠲᠦ ᠶᠢᠨ ᠨᠡᠷ᠎ᠡ ᠶᠢᠨ ᠬᠠᠭᠤᠳᠠᠰᠤ ᠶᠢ ᠬᠠᠮᠲᠤ ᠪᠠᠷ ᠬᠡᠷᠡᠭᠯᠡᠵᠦ᠂ ᠴᠢᠨᠠᠷ ᠰᠠᠶᠢᠲᠠᠶ | ᠲᠠᠷᠢᠶᠠᠯᠠᠩ ᠤᠨ ᠣᠨᠴᠠ ᠭᠠᠷᠤᠯᠲᠠ ᠲᠣᠰᠬᠤᠨ ᠠᠴᠠ ᠭᠠᠷᠴᠤ᠂ ᠪᠥᠬᠦ ᠤᠯᠤᠰ ᠲᠤ ᠭᠠᠷᠬᠤ ᠶᠢ ᠬᠦᠴᠦ ᠪᠠᠨ | ᠬᠠᠮᠲᠤᠳᠬᠠᠨ ᠠᠬᠢᠭᠤᠯᠪᠠ᠃ ᠣᠳᠣ ᠪᠣᠯᠲᠠᠯ᠎ᠠ᠂ ᠵᠦᠸᠧᠽᠢ ᠠᠮᠲᠠᠲᠦ ᠡᠯᠧᠺᠲᠷᠣᠨ ᠬᠤᠳᠠᠯᠳᠤᠭᠠᠨ ᠤ ᠶᠠᠳᠠᠭᠤ ᠶᠢ | ᠲᠡᠳᠬᠦᠬᠦ ᠣᠯᠠᠨ ᠨᠡᠶᠢᠲᠡ ᠶᠢᠨ ᠨᠡᠷᠡᠲᠦ ᠲᠡᠮᠳᠡᠭ ᠪᠦᠬᠦ ᠰᠢᠶᠠᠨ ᠤ 8 ᠲᠣᠮᠣ ᠲᠥᠷᠥᠯ ᠤᠨ 73 ᠵᠢᠵᠢᠭ | ᠤᠶᠢᠯᠡᠳᠬᠦᠨ ᠢ ᠬᠠᠮᠤᠷᠴᠤ᠂ 35 ᠰᠢᠶᠠᠨ ᠤ ᠳᠣᠲᠣᠷᠠᠬᠢ ᠠᠵᠤ ᠠᠬᠤᠶᠢᠯᠠᠯ ᠢ ᠬᠠᠪᠰᠤᠷᠤᠨ ᠲᠠᠪᠴᠠᠩ ᠳᠡᠭᠡᠷ᠎ᠡ | ᠤᠶᠢᠯᠡᠳᠬᠦᠨ ᠪᠣᠷᠣᠯᠠᠭᠤᠯᠵᠠᠶ᠃ ᠰᠦᠯᠵᠢᠶᠡᠨ ᠳᠡᠭᠡᠷᠡᠬᠢ ᠪᠣᠷᠣᠯᠠᠭᠤᠯᠤᠯᠲᠠ ᠶᠢᠨ ᠲᠤᠭ᠎ᠠ ᠨᠡᠶᠢᠲᠡ 1366 ᠲᠦᠮᠡᠨ | ᠲᠥᠭᠦᠷᠢᠭ ᠢ ᠪᠡᠶᠡᠯᠡᠭᠦᠯᠪᠡ᠃ | ᠤᠶᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠨᠡᠩ ᠲᠡᠭᠦᠯᠳᠡᠷᠵᠢᠭᠦᠯᠦᠨ᠎ᠡ᠃ ᠨᠡᠶᠢᠲᠡ ᠶᠢᠨ ᠬᠥᠨᠥᠭᠡᠯ | ᠦᠭᠡᠢ᠂ ᠪᠣᠬᠢᠷᠲᠤᠯ ᠦᠭᠡᠢ᠂ ᠣᠷᠭᠠᠨᠢᠭ ᠪᠠ ᠭᠠᠵᠠᠷ ᠵᠦᠢ ᠶᠢᠨ ᠪᠡᠯᠭᠡ ᠳᠡᠮᠳᠡᠭ ᠤᠨ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠦᠨ᠎ᠡ︔ ᠲᠣᠰ | ᠭᠠᠵᠠᠷ ᠤᠨ 7 ᠲᠥᠷᠥᠯ ᠤᠨ 10 ᠵᠦᠢᠯ ᠤᠨ ᠣᠨᠴᠠᠯᠢᠭᠲᠤ ᠤᠶᠢᠯᠡᠳᠬᠦᠨ ᠢ ᠰᠣᠩᠭᠤᠵᠤ ᠶᠠᠰᠤ ᠴᠢᠨᠠᠷ ᠤᠨ ᠠᠮᠤᠷ | ᠲᠦᠪᠰᠢᠨ ᠤ ᠮᠥᠷᠳᠡᠨ ᠤᠬᠤᠴᠢᠯᠠᠬᠤ ᠶᠢ ᠥᠷᠨᠢᠭᠦᠯᠵᠦ᠂ ᠨᠡᠶᠢᠲᠡ 20 ᠲᠦᠮᠡᠨ ᠡᠬᠢ ᠰᠤᠷᠪᠤᠯᠵᠢ ᠶᠢ ᠨᠢ | ᠮᠥᠷᠳᠡᠬᠦ ᠬᠤᠶᠠᠷ ᠬᠡᠮᠵᠢᠯᠳᠦ ᠺᠣᠳ᠋ ᠤᠨ ᠱᠣᠰᠢᠭ᠎ᠠ ᠶᠢ ᠲᠠᠯᠪᠢᠪᠠ︔ ᠡᠯᠧᠺᠲᠷᠣᠨ ᠬᠤᠳᠠᠯᠳᠤᠭᠠᠨ ᠤ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠪ ᠪᠠ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠲᠥᠪ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠵᠤ᠂ 1000 ᠭᠠᠷᠤᠶ ᠡᠯᠧᠺᠲᠷᠣᠨ ᠬᠤᠳᠠᠯᠳᠤᠭᠠᠨ ᠤ | ᠴᠢᠳᠠᠪᠤᠷᠢᠲᠠᠨ ᠢ ᠲᠡᠳᠡᠨ ᠠᠪᠴᠢᠷᠠᠵᠤ᠂ ᠡᠯᠧᠺᠲᠷᠣᠨ ᠬᠤᠳᠠᠯᠳᠤᠭᠠᠨ ᠤ ᠲᠥᠪ 38 ᠠᠵᠤ ᠠᠬᠤᠶᠢᠯᠠᠯ ᠢ ᠲᠡᠳᠡᠨ | ᠠᠪᠴᠢᠷᠠᠵᠠᠶ᠃ 2019 ᠣᠨ ᠳᠤ ᠪᠥᠬᠦ ᠰᠢᠶᠠᠨ ᠤ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ 3.5 | ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 99% ᠨᠡᠮᠡᠭᠳᠡᠪᠡ᠃ | ᠳᠠᠪᠠᠭᠤᠯᠢᠭ ᠠᠵᠤ ᠦᠢᠯᠡᠰ ᠤᠨ ᠰᠦᠯᠵᠢᠶᠡᠨ ᠳᠡᠭᠡᠷᠡᠬᠢ ᠪᠦᠰᠡᠯᠡᠯᠲᠡ ᠶᠢ ᠲᠦᠷᠭᠡᠨ ᠰᠢᠪᠲᠤᠯᠬᠤ ᠶᠢ | ᠠᠬᠢᠭᠤᠯᠤᠨ᠎ᠠ᠃ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠪᠠ ᠠᠵᠤ ᠦᠢᠯᠡᠰ ᠢ ᠬᠤᠯᠪᠣᠯᠳᠤᠭᠤᠯᠤᠨ | ᠬᠥᠭᠵᠢᠭᠦᠯᠬᠦ ᠲᠤᠭᠲᠠᠴᠠ ᠶᠢ ᠪᠠᠶᠢᠭᠤᠯᠵᠤ᠂ ᠵᠦᠸᠧᠽᠢ ᠰᠢᠶᠠᠨ ᠤ ᠤᠲᠤᠮᠠᠯ ᠳᠠᠬᠢᠶ᠎ᠠ ᠶᠢᠨ ᠠᠵᠤ ᠤᠶᠢᠯᠡᠰ ᠤᠨ | ᠪᠣᠷᠣᠯᠠᠭᠤᠯᠭ᠎ᠠ ᠶᠢᠨ ᠪᠠᠶᠢᠳᠠᠯ ᠢ ᠨᠡᠭᠡᠭᠡᠬᠦ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠤ᠂ ᠠᠵᠤ ᠠᠬᠤᠶᠢᠯᠠᠯ ᠳᠤ | ᠡᠯᠧᠺᠲᠷᠣᠨ ᠬᠤᠳᠠᠯᠳᠤᠭᠠᠨ ᠤ ᠨᠡᠪᠴᠢᠭᠦᠯᠦᠯᠲᠡ᠂ ᠡᠯᠧᠺᠲᠷᠣᠨ ᠬᠤᠳᠠᠯᠳᠤᠭᠠᠨ ᠤ ᠪᠣᠯᠪᠠᠰᠤᠷᠠᠭᠤᠯᠤᠯ᠂ ᠠᠳᠠᠯ | ᠤᠶᠢᠯᠡᠰ ᠪᠣᠰᠬᠠᠬᠤ ᠵᠢᠯᠣᠭᠤᠳᠤᠯᠭ᠎ᠠ᠂ ᠴᠢᠳᠠᠪᠦᠷᠢᠲᠠᠨ ᠢ ᠵᠣᠯᠭᠠᠭᠤᠯᠬᠤ᠂ ᠭᠠᠶᠢᠯᠢ ᠶᠢᠨ ᠬᠠᠤᠯᠢ ᠶᠢᠨ ᠯᠠᠪᠯᠠᠯᠭ᠎ᠠ | ᠥᠭᠬᠦ᠂ ᠡᠵᠡᠩᠨᠡᠨ ᠪᠣᠷᠣᠯᠠᠭᠤᠯᠬᠤ ᠶᠢ ᠳᠡᠯᠭᠡᠷᠡᠭᠦᠯᠬᠦ᠂ ᠲᠦᠷᠭᠡᠨ ᠬᠦᠷᠭᠡᠬᠦ ᠶᠢ ᠳᠡᠭᠡᠭᠰᠢ ᠳᠣᠷᠣᠭᠰᠢ ᠶᠠᠪᠤᠭᠤᠯᠬᠤ᠂ | ᠪᠠᠷᠠᠭ᠎ᠠ ᠶᠢ ᠬᠥᠮᠥᠷᠭᠡᠯᠡᠨ ᠬᠠᠳᠠᠭᠠᠯᠠᠬᠤ᠂ ᠮᠥᠩᠭᠦᠨ ᠭᠦᠢᠯᠭᠡᠭᠡᠨ ᠢ ᠵᠣᠯᠭᠠᠭᠤᠯᠬᠤ᠂ ᠲᠥᠷᠥ ᠶᠢᠨ ᠪᠣᠳᠣᠯᠭ᠎ᠠ ᠶᠢ | ᠮᠡᠳᠡᠭᠦᠯᠬᠦ ᠮᠡᠳᠡᠭᠡ ᠵᠠᠩᠭᠢ ᠵᠡᠷᠭᠡ ᠤᠶᠢᠯᠡᠴᠢᠯᠡᠭᠡ ᠬᠠᠩᠭᠠᠵᠤ ᠲᠡᠭᠦᠨ ᠢ ᠬᠠᠪᠰᠤᠷᠴᠤ ᠢᠨᠲ᠋ᠧᠷ ᠰᠦᠯᠵᠢᠶ᠎ᠡ ᠳᠡᠭᠡᠷ᠎ᠡ | ᠲᠦᠷᠭᠡᠨ ᠪᠦᠰᠡᠯᠡᠯᠲᠡ ᠶᠢ ᠰᠢᠪᠲᠤᠯᠵᠠᠢ᠃ | ᠡᠯᠧᠺᠲᠷᠣᠨ ᠬᠤᠳᠠᠯᠳᠤᠭᠠᠨ ᠤ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ ᠴᠢᠬᠤᠯᠠ ᠤᠶᠢᠯᠡᠳᠤᠯ ᠦᠵᠡᠭᠦᠯᠦᠨ᠎ᠡ᠃ | ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠵᠦᠸᠧᠽᠢ ᠰᠢᠶᠠᠨ ᠤ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠣᠯᠠᠨ ᠨᠡᠶᠢᠲᠡ ᠶᠢᠨ ᠤᠶᠢᠯᠡᠴᠢᠯᠡᠭᠡᠨ ᠤ ᠲᠥᠪ ᠠᠴᠠ ᠬᠥᠳᠡᠭᠡ ᠲᠣᠰᠬᠤᠨ ᠤ ᠰᠢᠨ᠎ᠡ ᠮᠠᠶ᠋ᠢᠭ ᠤᠨ | ᠬᠥᠮᠦᠨ ᠯᠢᠦ ᠺᠠᠶ ᠶᠢᠨ ᠪᠦᠯᠬᠦᠮ ᠲᠠᠢ ᠬᠠᠮᠲᠤᠷᠠᠨ ᠨᠢᠭᠡ ᠬᠤᠲᠠ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠢ | ᠪᠠᠶᠢᠭᠤᠯᠵᠤ᠂ ᠬᠢᠵᠢᠭ ᠤᠨ ᠪᠠᠶᠢᠳᠠᠯ ᠢ ᠡᠰᠡᠷᠭᠦᠴᠡᠵᠦ᠂ ᠭᠡᠷ ᠲᠡᠭᠡᠨ ᠰᠦᠯᠵᠢᠶᠡᠨ ᠠᠴᠠ ᠬᠤᠳᠠᠯᠳᠤᠨ ᠠᠪᠬᠤ᠂ ᠨᠢᠭᠡ | ᠬᠤᠲᠠ ᠳᠤ ᠲᠣᠬᠢᠷᠠᠭᠤᠯᠤᠨ ᠬᠦᠷᠭᠡᠬᠦ ᠠᠵᠢᠯ ᠥᠷᠨᠢᠭᠦᠯᠵᠡᠶ᠃ ᠪᠢᠳᠡ ᠠᠵᠢᠯᠯᠠᠭ᠎ᠠ ᠠᠪᠴᠤ ᠪᠠᠶᠢᠨ᠎ᠠ ᠵᠡᠷᠭᠡ ᠰᠢᠷᠢᠰ | ᠠᠵᠢᠯᠯᠠᠭ᠎ᠠ᠂ ᠨᠢᠭᠡᠳᠦᠭᠡᠷ ᠤᠯᠠᠷᠢᠯ ᠳᠤ ︽ᠭᠠᠷᠮᠠᠭᠠᠶ ᠪᠡᠯᠡ ᠪᠠᠷ ᠲᠦᠷᠭᠡᠨ ᠬᠤᠳᠠᠯᠳᠤᠨ ᠠᠪᠬᠤ︾ ᠪᠠᠷ | ᠳᠠᠮᠵᠢᠭᠤᠯᠤᠨ ᠬᠤᠲᠠ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠳᠤ ᠨᠡᠶᠢᠲᠡ 1392 ᠬᠠᠭᠤᠳᠠᠰᠤ | ᠪᠣᠷᠣᠯᠠᠭᠤᠯᠵᠤ᠂ ᠪᠣᠷᠣᠯᠠᠭᠤᠯᠤᠯᠲᠠ ᠶᠢᠨ ᠬᠡᠮᠵᠢᠶ᠎ᠡ ᠨᠢ 87920 ᠲᠥᠭᠦᠷᠢᠭ ᠪᠣᠯᠵᠠᠶ᠃ | | ᠨᠠᠶᠢᠷᠠᠭᠤᠯᠤᠨ ᠤᠷᠴᠢᠭᠤᠯᠤᠭᠴᠢ ᠪᠠᠶᠠᠨᠪᠠᠲᠦ |