ᠮᠠᠨ ᠤ ᠰᠢᠶᠠᠨ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠴᠢ ︽12345 ᠵᠠᠰᠠᠭ ᠤᠨ ᠣᠷᠳᠣᠨ ᠤ ᠤᠶᠢᠯᠡᠴᠢᠯᠡᠭᠡᠨ ᠤ ᠬᠠᠯᠠᠮᠰᠢᠯ ᠤᠲᠠᠰᠤ︾ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-29
    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠣᠯᠠᠨ ᠲᠦᠮᠡᠨ ᠤ ᠠᠵᠢᠯ ᠢ ᠰᠠᠶᠢᠲᠤᠷ ᠬᠢᠬᠦ᠂ ᠠᠷᠠᠳᠴᠢᠯᠠᠯ ᠤᠨ ᠠᠷᠭ᠎ᠠ ᠵᠠᠮ ᠢ ᠰᠢᠯᠤᠭᠤᠳᠬᠠᠬᠤ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ  ᠤᠶᠢᠯᠡᠴᠢᠯᠡᠬᠦ ᠵᠡᠷᠭᠡ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ ᠪᠦᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠪᠠ ︽12345 ᠵᠠᠰᠠᠭ ᠤᠨ ᠣᠷᠳᠣᠨ ᠤ ᠤᠶᠢᠯᠡᠴᠢᠯᠡᠭᠡᠨ ᠤ ᠬᠠᠯᠠᠮᠰᠢᠯ ᠤᠲᠠᠰᠤ︾ ᠶᠢᠨ ᠠᠵᠢᠯ ᠤᠨ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ 7 ᠰᠠᠷ᠎ᠠ ᠶᠢᠨ 29 ᠤ ᠡᠳᠦᠷ᠂ ᠵᠦᠸᠧᠽᠢ ᠰᠢᠶᠠᠨ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠴᠢ ︽12345 ᠵᠠᠰᠠᠭ ᠤᠨ ᠣᠷᠳᠣᠨ ᠤ ᠬᠠᠯᠠᠮᠰᠢᠯ ᠤᠲᠠᠰᠤ︾ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃    ᠪᠣᠯᠪᠠᠰᠤᠷᠠᠯ ᠤᠨ ᠠᠩᠭᠢ ᠳᠤ᠂ ᠤᠯᠠᠭᠠᠨᠴᠠᠪ ᠬᠤᠲᠠ ᠶᠢᠨ ᠨᠠᠮ ᠤᠨ ᠰᠤᠷᠭᠠᠭᠤᠯᠢ ᠶᠢᠨ ᠪᠠᠭᠰᠢ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠤᠯᠭᠠᠬᠤ ᠳᠦᠷᠢᠮ︾ ᠤᠨ ᠲᠤᠬᠠᠶ ᠭᠦᠨᠵᠡᠭᠡᠶ ᠲᠠᠶᠢᠯᠤᠮᠵᠢ ᠬᠢᠵᠦ᠂ ᠪᠥᠸᠧ ᠶᠤᠸᠠᠢ ᠺᠣᠮᠫᠠᠨᠢ ᠶᠢᠨ ᠮᠡᠷᠭᠡᠵᠢᠯᠲᠡᠨ ︽12345 ᠵᠠᠰᠠᠭ ᠤᠨ ᠣᠷᠳᠣᠨ ᠤ ᠤᠶᠢᠯᠡᠴᠢᠯᠡᠭᠡᠨ ᠤ ᠬᠠᠯᠠᠮᠰᠢᠯ ᠤᠲᠠᠰᠤ︾ ᠶᠢᠨ ᠠᠵᠢᠯᠯᠠᠭᠠᠨ ᠤ ᠵᠦᠢᠯᠡᠰ ᠲᠤ  ᠪᠤᠲᠠᠲᠠᠢ ᠲᠠᠶᠢᠯᠤᠮᠵᠢ ᠬᠢᠪᠡ᠃ ᠲᠤᠰ ᠤᠳᠠᠭᠠᠨ ᠤ ᠪᠣᠯᠪᠠᠰᠤᠷᠠᠯ ᠳᠤ᠂ ᠮᠠᠨ ᠤ ᠰᠢᠶᠠᠨ ᠤ 12345 ᠵᠠᠰᠠᠭ ᠤᠨ ᠣᠷᠳᠣᠨ ᠤ  ᠤᠶᠢᠯᠡᠴᠢᠯᠡᠭᠡᠨ ᠤ ᠬᠠᠯᠠᠮᠰᠢᠯ ᠤᠲᠠᠰᠤ ᠡᠯ᠎ᠡ ᠨᠢᠭᠡᠴᠡ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠴᠢᠬᠤᠯᠠ ᠴᠢᠨᠠᠷ ᠪᠣᠯᠤᠨ ᠬᠠᠷᠢᠭᠤᠴᠠᠯᠭᠠᠲᠤ ᠴᠢᠨᠠᠷ ᠢ ᠤᠯᠠᠮ ᠲᠣᠳᠣᠷᠬᠠᠶᠢᠯᠠᠵᠠᠶ᠃ ᠳᠠᠷᠠᠭᠠᠴᠢ ᠶᠢᠨ ᠠᠯᠬᠤᠮ ᠳᠤ ᠮᠠᠨ ᠤ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠪᠠ ︽12345  ᠵᠠᠰᠠᠭ ᠤᠨ ᠣᠷᠳᠣᠨ ᠤ ᠦᠶ᠋ᠯᠡᠴᠢᠯᠡᠭᠡᠨ ᠤ ᠬᠠᠯᠠᠮᠰᠢᠯ ᠤᠲᠠᠰᠤ︾ ᠶᠢᠨ ᠠᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠴᠡᠶ᠃    ᠪᠣᠯᠪᠠᠰᠤᠷᠠᠯ ᠤᠨ ᠬᠤᠷᠠᠯ ᠠᠴᠠ ᠵᠢᠭᠠᠵᠤ ᠭᠠᠷᠭᠠᠭᠰᠠᠨ ᠨᠢ᠂ ︽12345︾ ᠵᠠᠰᠠᠭ ᠤᠨ ᠣᠷᠳᠣᠨ ᠤ ᠤᠶᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠪᠣᠯ ︽ᠪᠠᠭᠤᠯᠭᠠᠬᠤ ᠬᠠᠮᠢᠶᠠᠷᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢᠨ ᠠᠵᠢᠯ ᠢ ᠭᠦᠨᠵᠡᠭᠡᠶ ᠲᠦᠯᠬᠢᠨ ᠠᠬᠢᠭᠤᠯᠬᠤ ᠶᠢᠨ ᠪᠣᠳᠠᠲᠤ ᠱᠠᠭᠠᠷᠳᠠᠯᠭ᠎ᠠ ᠪᠣᠯᠬᠤ ᠪᠥᠭᠡᠳ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠯᠠᠨ ᠲᠦᠮᠡᠨ ᠲᠠᠢ ᠬᠠᠷᠢᠯᠴᠠᠬᠤ  ᠴᠢᠬᠤᠯᠠ ᠲᠠᠪᠴᠠᠩ ᠪᠣᠯᠤᠨ ᠣᠯᠠᠨ ᠲᠦᠮᠡᠨ ᠳᠤ ᠤᠶᠢᠯᠡᠴᠢᠯᠡᠬᠦ ᠴᠢᠬᠤᠯᠠ ᠠᠷᠭ᠎ᠠ ᠵᠠᠮ ᠪᠣᠯᠤᠨ᠎ᠠ᠃ 12345 ᠵᠠᠰᠠᠭ ᠤᠨ ᠣᠷᠳᠣᠨ ᠤ ᠤᠶᠢᠯᠡᠴᠢᠯᠡᠭᠡᠨ ᠤ ᠬᠠᠯᠠᠮᠰᠢᠯ ᠤᠲᠠᠰᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠴᠠᠭ ᠦᠶ᠎ᠡ ᠶᠢᠨ ᠣᠯᠠᠨ ᠲᠦᠮᠡᠨ ᠤ ᠠᠵᠢᠯ ᠢ ᠰᠠᠶᠢᠲᠤᠷ ᠬᠢᠬᠦ᠂ ᠠᠷᠠᠳᠴᠢᠯᠠᠯ ᠤᠨ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠬᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ  ᠤᠶᠢᠯᠡᠴᠢᠯᠡᠬᠦ ᠲᠤᠬᠠᠶ ᠳᠤᠷᠠᠳᠤᠭᠰᠠᠨ ᠨᠢᠭᠡ  ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠮᠥᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠲᠠᠪᠴᠠᠩ ᠪᠠ ᠠᠷᠠᠳ ᠲᠦᠮᠡᠨ ᠳᠤ  ᠤᠶᠢᠯᠡᠴᠢᠯᠡᠬᠦ ᠴᠢᠬᠤᠯᠠ ᠠᠷᠭ᠎ᠠ ᠵᠠᠮ ᠪᠣᠯ ᠪᠠᠰᠠ ᠴᠤ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠤᠶᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠪᠦᠲᠦᠮᠵᠢᠲᠡᠶ ᠠᠷᠭ᠎ᠠ ᠵᠠᠮ ᠪᠣᠯᠤᠨ᠎ᠠ᠃ ᠪᠥᠬᠦ ᠰᠢᠶᠠᠨ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠦᠲᠦᠮᠵᠢᠲᠡᠶ ᠬᠢᠨᠠᠯᠲᠠ ᠲᠠᠯᠪᠢᠬᠤ ᠠᠷᠭ᠎ᠠ ᠪᠠᠷᠢᠯ ᠢᠶᠠᠷ ᠳᠠᠮᠵᠢᠭᠤᠯᠤᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠪᠦᠬᠦᠨ ᠢ ᠨᠠᠶᠢᠳᠠᠪᠤᠷᠢᠵᠢᠭᠤᠯᠵᠤ᠂ ᠤᠴᠢᠷ ᠪᠣᠯᠭᠠᠨ ᠳᠤ ᠬᠠᠷᠢᠭᠤ ᠲᠠᠢ ᠪᠣᠯᠭᠠᠵᠤ᠂ ᠮᠠᠨ ᠤ ᠰᠢᠶᠠᠨ ᠤ 12345 ᠵᠠᠰᠠᠭ ᠤᠨ ᠣᠷᠳᠣᠨ ᠤ  ᠤᠶᠢᠯᠡᠴᠢᠯᠡᠭᠡᠨ ᠤ ᠬᠠᠯᠠᠭᠤᠨ ᠤᠲᠠᠰᠤ ᠶᠢ ᠤᠷᠤᠭᠰᠢᠲᠠᠶ ᠨᠡᠪᠲᠡᠷᠡᠭᠦᠯᠬᠦ ᠶᠢ ᠦᠨᠡᠨ ᠬᠦ ᠪᠠᠲᠤᠯᠠᠪᠠ᠃ ᠡᠯ᠎ᠡ ᠬᠠᠯᠠᠮᠰᠢᠯ ᠤᠲᠠᠰᠤᠨ ᠤ ᠲᠠᠪᠴᠠᠩ ᠤᠨ ᠨᠢᠭᠡᠴᠡ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠵᠢᠯᠴᠠᠭ᠎ᠠ ᠪᠠᠨ ᠴᠢᠩᠭᠠᠳᠬᠠᠵᠤ᠂ ᠡᠨᠡ ᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠵᠤ᠂ ᠮᠠᠨ ᠤ ᠰᠢᠶᠠᠨ ᠤ ᠵᠠᠰᠠᠭ ᠤᠨ ᠣᠷᠳᠣᠨ ᠤ  ᠤᠶᠢᠯᠡᠴᠢᠯᠡᠭᠡᠨ ᠤ ᠬᠠᠯᠠᠮᠰᠢᠯ  ᠤᠲᠠᠰᠤᠨ ᠤ ᠲᠠᠪᠴᠠᠩ ᠤᠨ ᠪᠠᠶᠢᠭᠤᠯᠤᠯᠲᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃    ᠪᠣᠯᠪᠠᠰᠤᠷᠠᠭᠤᠯᠤᠯ ᠤᠨ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ 2020 ᠣᠨ ᠤ ᠡᠴᠦᠰ ᠠᠴᠠ ᠡᠮᠦᠨ᠎ᠡ᠂ ᠢᠯᠡ ᠪᠣᠯᠭᠠᠬᠤ  ᠵᠦᠢᠯᠡᠰ ᠨᠢ ᠰᠢᠨᠵᠢᠯᠡᠬᠦ ᠤᠬᠠᠭᠠᠨᠴᠢ ᠪᠥᠭᠡᠳ ᠪᠦᠬᠦ ᠲᠠᠯ᠎ᠠ ᠶᠢᠨ᠂ ᠠᠵᠢᠯ ᠤᠨ ᠶᠠᠪᠤᠴᠠ ᠨᠢ ᠵᠢᠷᠤᠮᠵᠢᠭ᠍ᠰᠡᠨ ᠥᠨᠳᠥᠷ ᠪᠦᠲᠦᠮᠵᠢᠲᠡᠶ᠂ ᠲᠠᠪᠴᠠᠩ ᠠᠷᠭ᠎ᠠ ᠵᠠᠮ ᠢᠶᠠᠷ ᠨᠢᠭᠡᠳᠦᠯᠲᠡᠶ ᠪᠥᠭᠡᠳ ᠡᠯᠪᠡᠭ ᠪᠠᠶᠠᠯᠢᠭ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠪᠠ ᠵᠢᠷᠤᠮᠵᠢᠯ ᠢ ᠲᠣᠭᠲᠠᠭᠠᠬᠤ ᠬᠡᠷᠡᠭᠲᠡᠶ ᠃ ᠪᠣᠳᠠᠲᠠᠶ ᠪᠠᠷ ᠲᠤᠰ ᠨᠢᠭᠡᠴᠡ ᠶᠢᠨ ᠢᠶᠠᠨ ᠮᠡᠳᠡᠭᠡ ᠵᠠᠩᠭᠢ ᠶᠢᠨ ᠬᠠᠮᠢᠶᠠᠷᠤᠯᠲᠠ᠂ ᠮᠡᠳᠡᠭᠡ ᠵᠠᠩᠭᠢ ᠨᠡᠶᠢᠳᠡᠯᠡᠬᠦ᠂ ᠲᠠᠶᠢᠯᠤᠮᠵᠢ ᠬᠢᠵᠦ ᠬᠠᠷᠢᠭᠤ ᠥᠭᠬᠦ᠂ ᠭᠤᠶᠤᠴᠢᠯᠠᠯ ᠢᠶᠠᠷ ᠢᠯᠡ ᠪᠣᠯᠭᠠᠬᠤ᠂ ᠨᠡᠶᠢᠲᠡ ᠣᠯᠠᠨ ᠢᠶᠠᠷ ᠢᠶᠠᠨ ᠣᠷᠣᠯᠴᠠᠬᠤ ᠂ ᠬᠢᠨᠠᠯᠲᠠ ᠲᠠᠯᠪᠢᠵᠤ ᠬᠢᠨᠠᠨ ᠰᠢᠯᠭᠠᠬᠤ ᠵᠡᠷᠭᠡ ᠲᠠᠯ᠎ᠠ ᠶᠢᠨ ᠳᠦᠷᠢᠮ ᠤᠨ ᠵᠢᠷᠤᠮᠵᠢᠯ ᠢ ᠴᠢᠩᠭᠠᠳᠬᠠᠨ ᠲᠡᠭᠦᠯᠳᠡᠷᠵᠢᠭᠦᠯᠬᠦ ᠬᠡᠷᠡᠭᠲᠡᠶ᠃ 2021 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠳᠤ ᠨᠡᠶᠢᠭᠡᠮ ᠨᠡᠶᠢᠲᠡ ᠳᠤ ᠢᠯᠡ ᠪᠣᠯᠭᠠᠨ᠎ᠠ᠃ ᠬᠤᠶᠠᠷ ᠲᠤ ᠵᠠᠰᠠᠭ ᠤᠨ ᠣᠷᠳᠣᠨ ᠤ ᠤᠶᠢᠯᠡᠴᠢᠯᠡᠭᠡᠨ ᠤ ᠬᠠᠯᠠᠮᠰᠢᠯ ᠤᠲᠠᠰᠤ ᠶᠢ ᠰᠢᠢᠳᠪᠦᠷᠢᠯᠡᠵᠦ ᠳᠠᠭᠤᠰᠬᠠᠬᠤ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠲᠤᠰ ᠰᠢᠶᠠᠩ ᠪᠠᠯᠭᠠᠰᠤ᠂ ᠲᠤᠰ ᠨᠢᠭᠡᠴᠢ ᠶᠢᠨ ᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠠᠳᠬᠤᠬᠤ ᠶᠢᠨ ᠬᠠᠮᠲᠤ᠂ ᠵᠠᠰᠠᠭ ᠤᠨ ᠣᠷᠳᠣᠨ ᠤ ᠬᠠᠯᠠᠭᠤᠨ ᠤᠲᠠᠰᠤ ᠨᠡᠪᠲᠡᠷᠡᠬᠦ ᠠᠵᠢᠯ ᠢ ᠪᠠᠰᠠ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠬᠠᠯᠠᠭᠤᠨ ᠤᠲᠠᠰᠤ ᠨᠡᠪᠲᠡᠷᠡᠭᠰᠡᠨ ᠤ ᠳᠠᠷᠠᠭ᠎ᠠ᠂ ᠰᠢᠢᠳᠪᠦᠷᠢᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠳᠡᠭᠡᠲᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ᠂ ᠠᠷᠠᠳ ᠣᠯᠠᠨ ᠤ ᠲᠤᠰᠬᠠᠭᠰᠠᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠨ ᠳᠠᠭᠤᠰᠬᠠᠵᠤ᠂ ᠬᠠᠯᠠᠭᠤᠨ ᠤᠲᠠᠰᠤ ᠪᠠᠷ  ᠰᠢᠢᠳᠪᠦᠷᠢᠯᠡᠬᠦ ᠠᠵᠢᠯ ᠤᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠵᠦ᠂ ᠠᠷᠠᠳᠴᠢᠯᠠᠯ ᠤᠨ ᠠᠷᠭ᠎ᠠ  ᠵᠠᠮ  ᠢ ᠰᠢᠯᠤᠭᠤᠳᠬᠠᠵᠤ᠂ ᠠᠷᠠᠳ ᠤᠨ ᠠᠮᠢᠳᠤᠷᠠᠯ ᠢ ᠪᠠᠲᠤᠯᠠᠬᠤ ᠳᠤ  ᠤᠶᠢᠯᠡᠴᠢᠯᠡᠵᠦ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠤᠨ᠎ᠠ᠃    ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠪᠣᠳᠠᠲᠠᠶ ᠲᠤᠬᠠᠶᠢᠯᠠᠭᠰᠠᠨ ᠠᠵᠢᠯ ᠤᠨ ᠠᠵᠢᠯᠲᠠᠨ ᠬᠤᠷᠠᠯ ᠳᠤ ᠣᠷᠣᠯᠴᠠᠨ᠎ᠠ᠃                     ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2