ᠥᠪᠥᠷ ᠮᠣᠩᠭᠤᠯ ᠤᠨ ᠵᠥᠩ ᠰᠢ ᠠᠭᠤᠷᠬᠠᠶ ᠶᠢᠨ ᠤᠶᠢᠯᠡᠰ ᠤᠨ 500 ᠲᠦᠮᠡᠨ ᠲᠣᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠵᠦᠸᠧᠽᠢ ᠰᠢᠶᠠᠨ ᠳᠤ ᠵᠢᠩᠬᠢᠨᠢ ᠪᠠᠷ ᠠᠰᠢᠭᠯᠠᠯᠲᠠ ᠳᠤ ᠣᠷᠣᠪᠠ︕
ᠨᠡᠶᠢᠲᠡᠯᠡᠭᠰᠡᠨ ᠴᠠᠭ᠄
2020-07-29
    7 ᠳ᠋ᠤᠭᠠᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠵᠥᠩ ᠰᠢ ᠠᠭᠤᠷᠬᠠᠶ ᠶᠢᠨ ᠤᠶᠢᠯᠡᠰ ᠤᠨ ᠣᠨ ᠤ ᠬᠦᠳᠡᠷ ᠰᠤᠩᠭᠤᠬᠤ ᠬᠡᠮᠵᠢᠶᠡᠨ ᠤ 500 ᠲᠦᠮᠡᠨ ᠲᠣᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠵᠦᠸᠧᠽᠢ ᠰᠢᠶᠠᠨ ᠤ ᠳ᠋ᠠ ᠢᠦᠶ ᠱᠤ᠋ ᠰᠢᠶᠠᠩ ᠤᠨ ᠥᠪᠥᠷ ᠮᠣᠩᠭᠤᠯ ᠤᠨ ᠵᠥᠩ ᠰᠢ ᠠᠭᠤᠷᠬᠠᠶ ᠶᠢᠨ  ᠤᠶᠢᠯᠡᠰ ᠤᠨ ᠠᠭᠤᠷᠬᠠᠶ ᠶᠢᠨ ᠣᠷᠣᠨ ᠳᠤ ᠵᠢᠩᠬᠢᠨᠢ ᠪᠠᠷ ᠠᠰᠢᠭᠯᠠᠯᠲᠠ ᠳᠤ ᠣᠷᠣᠪᠠ᠃    ᠳᠡᠳ᠋ ᠬᠤᠲᠠ ᠶᠢᠨ ᠳᠠᠷᠤᠭ᠎ᠠ ᠶᠦᠨ ᠫᠧᠩ ᠭᠠᠩ᠂ ᠵᠧᠵᠢᠶᠠᠩ ᠤᠨ ᠭᠦᠸᠧ ᠴᠧᠩ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠡᠦ ᠴᠧᠩ᠂ ᠭᠦᠸᠧ ᠴᠧᠩ ᠠᠭᠤᠷᠬᠠᠶ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠡᠦ ᠵᠢᠶᠠᠨ ᠶᠤᠸᠠᠨ᠂ ᠥᠪᠥᠷ ᠮᠣᠩᠭᠤᠯ ᠤᠨ ᠵᠥᠩ ᠰᠢ ᠠᠭᠤᠷᠬᠠᠶ ᠶᠢᠨ  ᠤᠶᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠠᠨ ᠫᠸᠢ ᠸᠧᠶ ᠨᠡᠷ ᠠᠰᠢᠭᠯᠠᠯᠲᠠ ᠳᠤ ᠣᠷᠣᠬᠤ ᠶᠣᠰᠣᠯᠠᠯ ᠳᠤ ᠣᠷᠣᠯᠴᠠᠪᠠ᠃
   ᠶᠦᠨ ᠫᠧᠩ ᠪᠠᠶᠠᠷ ᠤᠨ ᠦᠭᠡ ᠬᠡᠯᠡᠬᠦ ᠳᠡᠭᠡᠨ᠂ ᠤᠯᠠᠭᠠᠨᠴᠠᠪ ᠤᠨ ᠮᠤᠯᠢᠪᠳᠧᠨ ᠤ ᠠᠭᠤᠷᠬᠠᠶ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠡᠭᠡ᠂ ᠴᠢᠨᠠᠷ ᠳᠡᠰ  ᠦᠨᠳᠦᠷ᠂ ᠨᠡᠭᠡᠭᠡᠨ ᠠᠰᠢᠭᠯᠠᠬᠤ ᠠᠯᠤᠰ ᠢᠷᠡᠭᠡᠳᠦᠶ ᠲᠠᠢ ᠶᠤᠮ᠃ ᠵᠦᠩ ᠰᠢ ᠠᠭᠤᠷᠬᠠᠶ ᠶᠢᠨ ᠤᠶᠢᠯᠡᠰ ᠪᠣᠯ ᠤᠯᠠᠭᠠᠨᠴᠠᠪ ᠳᠤ ᠨᠤᠲᠤᠭᠰᠢᠭᠰᠠᠨ ᠮᠤᠯᠢᠪᠳᠧᠨ ᠤ ᠠᠭᠤᠷᠬᠠᠶ ᠶᠢ ᠮᠠᠯᠲᠠᠨ ᠰᠣᠩᠭᠤᠬᠤ ᠵᠢᠴᠢ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠠᠵᠤ ᠠᠬᠤᠶᠢᠯᠠᠯ ᠪᠣᠯᠤᠨ᠎ᠠ᠃ ᠲᠤᠰ ᠡᠭᠡᠯᠵᠢ ᠶᠢᠨ ᠳᠠᠬᠢᠨ ᠵᠣᠬᠢᠶᠠᠨ ᠪᠠᠶᠢᠭᠤᠯᠬᠤ ᠳᠤ ᠪᠠᠰᠠ ᠪᠣᠳᠠᠲᠤ ᠬᠦᠴᠦᠨ ᠢᠶᠠᠷ ᠴᠢᠩᠭ᠎ᠠ᠂ ᠲᠡᠷᠢᠭᠦᠨ ᠤ ᠮᠡᠷᠭᠡᠵᠢᠯ ᠲᠠᠢ ᠵᠧᠵᠢᠶᠠᠩ ᠤᠨ ᠭᠦᠸᠧ ᠴᠧᠩ ᠪᠦᠯᠦᠭᠯᠡᠯ ᠢ ᠣᠷᠣᠭᠤᠯᠵᠠᠶ᠃ ᠵᠥᠩ ᠰᠢ ᠠᠭᠤᠷᠬᠠᠶ ᠶᠢᠨ  ᠤᠶᠢᠯᠡᠰ ᠡᠨᠡ ᠬᠦ ᠮᠣᠯᠢᠪᠳᠧᠨ ᠤ ᠠᠵᠢᠯ ᠲᠥᠷᠥᠯ ᠤᠨ ᠭᠡᠷᠡᠯᠲᠦ ᠰᠤᠪᠤᠳ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠬᠤ ᠨᠢ ᠯᠠᠪᠲᠠᠶ ᠶᠤᠮ᠃ ᠣᠳᠣ ᠠᠰᠢᠭᠯᠠᠯᠲᠠ ᠳᠤ ᠤᠷᠤᠭᠰᠠᠨ 500 ᠲᠦᠮᠡᠨ ᠲᠣᠨ ᠮᠠᠯᠲᠠᠨ ᠰᠣᠩᠭᠤᠬᠤ ᠲᠥᠷᠥᠯ ᠵᠦᠢᠯ ᠪᠣᠯ ᠤᠤᠯ ᠤᠨ 300 ᠲᠦᠮᠡᠨ ᠲᠣᠨ ᠤᠶᠢᠯᠡᠳᠪᠦᠷᠢᠯᠡᠯ ᠤᠨ ᠬᠡᠪᠴᠢᠶ᠎ᠡ ᠳᠡᠭᠡᠷ᠎ᠡ ᠶᠠᠪᠤᠭᠳᠠᠭᠰᠠᠨ ᠳᠠᠯᠳᠠ ᠬᠦᠴᠦᠨ ᠢ ᠠᠭᠤᠳᠠᠯᠤᠨ ᠡᠨᠧᠷᠭᠢ ᠶᠢ ᠥᠷᠭᠡᠳᠬᠡᠬᠦ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠪᠣᠯᠤᠨ᠎ᠠ᠃ ᠶᠡᠷᠦᠩᠬᠡᠶ ᠪᠡᠯᠡ ᠣᠷᠣᠭᠤᠯᠤᠯᠲᠠ ᠨᠢ 11 ᠳ᠋ᠦᠩᠰᠢᠭᠤᠷ ᠲᠥᠭᠦᠷᠢᠭ ᠪᠠᠶᠢᠵᠤ᠂ ᠦᠢᠯᠡᠳᠪᠦᠷᠢᠯᠡᠯ ᠳᠤ  ᠠᠦ᠋ᠲ᠋ᠣᠴᠢᠯᠠᠭᠰᠠᠨ ᠡᠵᠡᠮᠰᠢᠯ ᠢ ᠬᠡᠷᠡᠭᠯᠡᠵᠦ᠂ ᠰᠢᠢᠳᠪᠦᠷᠢᠯᠡᠬᠦ ᠴᠢᠳᠠᠪᠤᠷᠢ᠂ ᠭᠠᠷ ᠤᠷᠠᠯᠠᠯ ᠲᠣᠨᠣᠭᠯᠠᠯ᠂ ᠠᠦ᠋ᠲ᠋ᠣᠴᠢᠯᠠᠭᠰᠠᠨ ᠬᠡᠮᠵᠢᠶ᠎ᠡ ᠨᠢ ᠪᠦᠷ ᠠᠵᠢᠯ ᠲᠦᠷᠦᠯ ᠤᠨ ᠲᠡᠷᠢᠭᠦᠨ ᠤ ᠬᠢᠷᠢ ᠲᠦᠪᠰᠢᠨ ᠪᠠᠶᠢᠵᠤ᠂ ᠵᠢᠱᠢᠯᠲᠡ ᠪᠠᠷ ᠵᠢᠯ ᠤᠨ ᠡᠵᠡᠩᠨᠡᠯᠲᠡ ᠶᠢᠨ ᠣᠷᠣᠯᠭ᠎ᠠ ᠨᠢ 10  ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠤᠨ᠎ᠠ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠨᠢ ᠮᠠᠨ ᠤ ᠬᠤᠲᠠ ᠶᠢᠨ ᠠᠵᠤ ᠦᠢᠯᠡᠰ ᠤᠨ ᠪᠦᠲᠦᠴᠡ ᠶᠢ  ᠰᠢᠯᠢᠳᠡᠭᠵᠢᠭᠦᠯᠬᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠪᠥᠭᠡᠳ ᠠᠯᠤᠰ ᠬᠡᠳᠦ ᠶᠢᠨ ᠨᠥᠯᠥᠭᠡ ᠦᠵᠡᠭᠦᠯᠬᠦ ᠨᠢ ᠯᠠᠪᠲᠠᠶ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠠᠵᠤ ᠠᠬᠤᠶᠢᠯᠠᠯ ᠳᠤ ᠬᠠᠮᠤᠭ ᠤᠨ ᠰᠢᠯᠢᠳᠡᠭ᠂ ᠬᠠᠮᠤᠭ ᠤᠨ ᠳᠥᠭᠦᠮ ᠳᠥᠲᠡ  ᠤᠶᠢᠯᠡᠴᠢᠯᠡᠭᠡ ᠬᠠᠩᠭᠠᠵᠤ ᠂ ᠠᠵᠤ  ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠃
   ᠥᠪᠥᠷ ᠮᠣᠩᠭᠤᠯ ᠤᠨ ᠵᠦᠩ ᠰᠢ ᠠᠭᠤᠷᠬᠠᠶ ᠶᠢᠨ  ᠤᠶᠢᠯᠡᠰ ᠤᠨ ᠬᠢᠵᠠᠭᠠᠷᠲᠤ ᠺᠣᠮᠫᠠᠨᠢ ᠪᠣᠯ ᠮᠤᠯᠢᠪᠳᠧᠨ ᠤ ᠠᠭᠤᠷᠬᠠᠶ ᠶᠢᠨ ᠠᠭᠤᠷᠬᠠᠶ ᠶᠢᠨ ᠠᠵᠤ ᠠᠬᠤᠶᠢᠯᠠᠯ ᠪᠣᠯᠤᠨ᠎ᠠ᠃ ᠺᠣᠮᠫᠠᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠲᠤᠰᠬᠠᠶ ᠡᠵᠡᠮᠰᠢᠯᠲᠦ ᠮᠡᠷᠭᠡᠵᠢᠯ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠰᠢᠨ᠎ᠡ ᠮᠡᠷᠭᠡᠵᠢᠯ᠂ ᠰᠢᠨ᠎ᠡ ᠤᠷᠠᠨ ᠮᠡᠷᠭᠡᠰᠢᠯ᠂ ᠰᠢᠨ᠎ᠡ ᠲᠣᠨᠤᠭ ᠲᠥᠬᠦᠭᠡᠷᠦᠮᠵᠢ ᠶᠢ ᠢᠳᠡᠪᠬᠢᠲᠡᠶ ᠠᠰᠢᠭᠯᠠᠵᠤ᠂ ᠠᠵᠤ ᠦᠢᠯᠡᠰ ᠤᠨ ᠳᠡᠰ ᠳᠡᠪᠰᠢᠬᠦ᠂ ᠪᠦᠲᠦᠴᠡ ᠶᠢ ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠴᠤ᠂ ᠮᠡᠳᠡᠭᠡ ᠵᠠᠩᠭᠢᠵᠢᠯᠲᠠ᠂ ᠤᠶᠤᠨᠴᠢᠯᠠᠯᠲᠠ᠂ ᠳ᠋ᠠᠶᠢᠲ᠋ᠠᠴᠢᠯᠠᠭᠰᠠᠨ ᠪᠣᠬᠢᠷᠲᠤᠯ ᠦᠭᠡᠶ ᠠᠭᠤᠷᠬᠠᠶ ᠶᠢᠨ ᠦᠢᠯᠡᠰ ᠢ ᠬᠦᠭᠵᠢᠭᠦᠯᠵᠦ᠂ ᠣᠷᠴᠢᠯ ᠠᠵᠤ ᠠᠬᠤᠶ ᠶᠢᠨ ᠬᠥᠭᠵᠢᠯᠲᠡ ᠶᠢ ᠪᠡᠶᠡᠯᠡᠭᠦᠯᠦᠨ᠎ᠡ᠃ ᠣᠳᠣᠬᠠᠨ ᠳᠤ ᠺᠣᠮᠫᠠᠨᠢ ᠶᠢᠨ ᠬᠠᠶᠢᠨ ᠲᠣᠳᠣᠯᠠᠭᠰᠠᠨ ᠡᠬᠢ ᠪᠠᠶᠠᠯᠢᠭ ᠤᠨ ᠬᠠᠳᠠᠭᠠᠯᠠᠭᠳᠠᠴᠠ 3.18 ᠳ᠋ᠦᠩᠰᠢᠭᠤᠷ ᠲᠣᠨ ᠠᠯᠤᠰ ᠬᠡᠳᠦ ᠶᠢᠨ ᠬᠠᠳᠠᠭᠠᠯᠠᠭᠳᠠᠴᠠ ᠵᠢᠱᠢᠯᠲᠡ ᠪᠠᠷ 50 ᠲᠦᠮᠡᠨ ᠲᠣᠨ ᠠᠴᠠ ᠳᠡᠭᠡᠭᠰᠢ ᠪᠠᠶᠢᠵᠤ᠂  ᠤᠶᠢᠯᠡᠴᠢᠯᠡᠬᠦ ᠤᠨ ᠵᠢᠯ ᠨᠢ 60 ᠵᠢᠯ ᠢ ᠳᠠᠪᠠᠭ᠋ᠤ ᠪᠣᠯᠤᠨ᠎ᠠ᠃
   ᠭᠠᠨ ᠫᠸᠢ ᠸᠧᠶ ᠶᠢᠨ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠵᠥᠩ ᠰᠢ ᠠᠭᠤᠷᠬᠠᠶ ᠶᠢᠨ ᠤᠶᠢᠯᠡᠰ ᠤᠨ ᠬᠢᠨ ᠵᠢᠯ ᠤᠨ 500 ᠲᠦᠮᠡᠨ ᠲᠣᠨ ᠬᠦᠳᠡᠷ ᠰᠢᠯᠢᠬᠦ ᠴᠢᠳᠠᠪᠦᠷᠢ ᠪᠠᠷ  ᠤᠶᠢᠯᠡᠳᠪᠦᠷᠢᠯᠡᠵᠦ᠂  ᠤᠶᠢᠯᠡᠳᠪᠦᠷᠢᠯᠡᠯ ᠢ ᠠᠦ᠋ᠲ᠋ᠣᠴᠢᠯᠠᠭᠰᠠᠨ ᠡᠵᠡᠮᠰᠢᠯ ᠢ ᠬᠡᠷᠡᠭᠯᠡᠵᠡᠶ᠃ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ᠂ ᠲᠥᠪᠯᠡᠷᠡᠭᠦᠯᠦᠨ ᠡᠵᠡᠮᠰᠢᠬᠦ ᠪᠠ ᠤᠷᠠᠨ ᠳᠠᠷᠬ᠎ᠠ ᠶᠢᠨ ᠶᠠᠪᠤᠴᠠ᠂ ᠤᠷᠠᠨ ᠳᠠᠷᠬ᠎ᠠ ᠶᠢᠨ ᠪᠣᠯᠵᠣᠯᠲᠤ ᠲᠤᠭ᠎ᠠ ᠶᠢ ᠠᠦ᠋ᠲ᠋ᠣ᠋ ᠲᠣᠬᠢᠷᠠᠭᠤᠯᠬᠤ ᠪᠠ ᠣᠶᠤᠨ ᠴᠢᠳᠠᠪᠤᠷᠢ ᠶᠢ ᠰᠢᠯᠢᠳᠡᠭᠵᠢᠭᠦᠯᠬᠦ ᠶᠢ ᠪᠡᠶᠡᠯᠡᠭᠦᠯᠵᠦ᠂  ᠰᠢᠢᠳᠪᠦᠷᠢᠯᠡᠬᠦ ᠴᠢᠳᠠᠪᠤᠷᠢ᠂ ᠤᠷᠠᠨ ᠳᠠᠷᠬ᠎ᠠ ᠲᠣᠨᠣᠭᠯᠠᠯ᠂ ᠠᠦ᠋ᠲ᠋ᠣᠴᠢᠯᠠᠭᠰᠠᠨ ᠬᠡᠮᠵᠢᠶ᠎ᠡ ᠨᠢ ᠴᠥᠮ ᠠᠵᠢᠯ  ᠲᠦᠷᠦᠯ ᠤᠨ ᠲᠡᠷᠢᠭᠦᠨ ᠤ ᠬᠢᠷᠢ ᠬᠡᠮᠵᠢᠶ᠎ᠡ ᠪᠣᠯᠤᠨ᠎ᠠ᠃ ᠠᠭᠤᠷᠬᠠᠶ  ᠤᠶᠢᠯᠡᠳᠪᠦᠷᠢᠯᠡᠭᠰᠡᠨ ᠤ ᠳᠠᠷᠠᠭ᠎ᠠ᠂ ᠵᠢᠱᠢᠯᠲᠡ ᠪᠠᠷ ᠵᠢᠯ ᠪᠦᠷᠢ ᠴᠢᠨᠠᠷ ᠰᠠᠶᠢᠲᠠᠶ ᠮᠣᠯᠢᠪᠳᠧᠨ ᠨᠠᠷᠢᠯᠢᠭ ᠠᠭᠤᠷᠬᠠᠶ ᠶᠢ 11500 ᠲᠣᠨ  ᠤᠶᠢᠯᠡᠳᠪᠦᠷᠢᠯᠡᠵᠦ᠂ ᠵᠢᠯ ᠤᠨ ᠡᠵᠡᠩᠨᠡᠯᠲᠡ ᠶᠢᠨ ᠣᠷᠣᠯᠭ᠎ᠠ ᠨᠢ ᠪᠠᠷᠤᠭ 10 ᠳ᠋ᠦᠩᠰᠢᠭᠤᠷ ᠲᠥᠭᠦᠷᠢᠭ ᠲᠤ ᠬᠦᠷᠴᠦ᠂ ᠴᠡᠪᠡᠷ ᠠᠰᠢᠭ ᠬᠤᠨᠵᠢᠪᠣᠷᠢ 2.8 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠭᠰᠢ ᠲᠤᠰᠢᠶᠠᠬᠤ ᠭᠠᠶᠢᠯᠢ ᠶᠢᠨ ᠮᠥᠩᠭᠦ 2.5 ᠳ᠋ᠦᠩᠰᠢᠭᠤᠷ ᠲᠥᠭᠦᠷᠢᠭ ᠲᠤ ᠬᠦᠷᠴᠦ᠂ 1000 ᠰᠢᠬᠠᠮ ᠬᠥᠮᠦᠨ ᠳᠤ ᠠᠵᠢᠯ ᠣᠯᠭᠤᠵᠤ ᠪᠣᠯᠤᠨ᠎ᠠ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠳᠠᠶᠢᠴᠢᠯᠠᠵᠤ᠂ ᠲᠤᠬᠠᠶ ᠶᠢᠨ ᠭᠠᠵᠠᠷ ᠲᠤ ᠨᠡᠩ ᠶᠡᠭᠡ ᠨᠡᠶᠢᠭᠡᠮ ᠤᠨ ᠦᠷ᠎ᠡ ᠠᠰᠢᠭ ᠢ ᠡᠭᠦᠳᠬᠦ  ᠪᠤᠯᠤᠨ᠎ᠠ᠃                ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2