ᠨᠢᠭᠡ᠂ ᠬᠡᠷᠡᠭᠵᠢᠭᠦᠯᠬᠦ ᠲᠥᠰᠦᠯ ᠢ ᠨᠡᠶᠢᠲᠡᠯᠡᠭᠰᠡᠨ ᠠᠬᠤᠶ ᠪᠠᠶᠢᠳᠠᠯ | ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠶᠢ ᠤᠯᠠᠮ ᠨᠢᠭᠡ | ᠠᠯᠬᠤᠮ ᠴᠢᠩᠭᠠᠳᠬᠠᠵᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ | ᠠᠯᠪᠠᠨ ᠲᠠᠷᠬᠠᠭᠰᠠᠨ︹2017 ︺ 72 ᠳ᠋ᠤᠭᠠᠷ ᠲᠣᠭᠠᠲᠤ︶᠂ ︽ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ ᠠᠯᠪᠠᠨ ᠵᠢᠷᠤᠮ ᠤᠨ ᠰᠤᠷᠭᠠᠨ | ᠬᠥᠮᠦᠵᠢᠯ ᠢ ᠪᠠᠬᠢᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠲᠤᠬᠠᠶ ᠥᠪᠥᠷ ᠮᠣᠩᠭᠤᠯ ᠤᠨ ᠰᠤᠷᠭᠠᠨ | ᠬᠥᠮᠦᠵᠢᠯ ᠤᠨ ᠲᠢᠩᠬᠢᠮ ᠤᠨ ᠮᠡᠳᠡᠭᠳᠡᠯ︾ ︵ᠥᠪᠥᠷ ᠰᠤᠷᠭᠠᠨ ᠬᠥᠮᠦᠵᠢᠯ ᠤᠨ ᠰᠠᠭᠤᠷᠢ ᠦᠰᠦᠭ ︹2017 ︺ | 68 ᠳ᠋ᠤᠭᠠᠷ ᠲᠣᠭᠠᠲᠤ︶ ᠪᠣᠯᠤᠨ ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ | ᠪᠠᠲᠤᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠰᠤᠷᠭᠠᠨ | ᠬᠥᠮᠦᠵᠢᠯ ᠤᠨ ᠲᠢᠩᠬᠢᠮ ᠤᠨ ᠮᠡᠳᠡᠭᠳᠡᠯ︾ ︵ ᠤᠯᠠᠭᠠᠨ ᠦᠰᠦᠭ ︹2017 ︺ 24 ᠳ᠋ᠦᠭᠡᠷ ᠲᠣᠭᠠᠲᠤ︶ ᠤᠨ | ᠵᠣᠷᠢᠭ ᠰᠠᠨᠠᠭ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠤᠭᠴᠢᠳ ᠤᠨ ᠰᠤᠷᠤᠯᠭ᠎ᠠ | ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠰᠢᠶᠠᠨ ᠤ ᠬᠡᠪᠴᠢᠶᠡᠨ ᠤ | ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠵᠤ ᠪᠠᠶᠢᠭᠰᠠᠨ ᠠᠴᠠ ᠨᠢ | ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠬᠦ ᠶᠢ ᠠᠬᠢᠭᠤᠯᠵᠤ᠂ ᠰᠤᠷᠤᠭᠴᠢᠳ ᠤᠨ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠮᠠᠨ ᠤ ᠰᠢᠶᠡᠨ ᠤ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠬᠤᠶᠠᠷ᠂ ᠬᠡᠷᠡᠭᠵᠢᠭᠦᠯᠬᠦ ᠲᠥᠰᠦᠯ ᠤᠨ ᠶᠡᠷᠦᠩᠬᠡᠶ ᠬᠠᠷᠠᠯᠲᠠ | ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠣᠯᠬᠤ ᠶᠢ ᠠᠬᠢᠭᠤᠯᠵᠤ᠂ ᠠᠷᠠᠳ ᠣᠯᠠᠨ ᠤ ᠦᠨᠳᠦᠰᠦᠨ ᠠᠰᠢᠭ ᠲᠤᠰᠠ ᠶᠢ ᠪᠠᠲᠤᠯᠠᠬᠤ ᠶᠢᠨ ᠲᠥᠯᠥᠭᠡ᠂ | ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠨᠢᠭᠡᠪᠦᠷᠢ ᠶᠢᠨ ᠪᠦᠷᠢᠨ ᠪᠦᠲᠦᠨ᠂ ᠲᠥᠪ ᠭᠤᠤᠯᠴᠢ᠂ | ᠶᠠᠰᠤ ᠴᠢᠨᠠᠷ ᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠶᠢ ᠬᠠᠤᠯᠢ ᠶᠣᠰᠣᠭᠠᠷ ᠪᠠᠲᠤᠯᠠᠵᠤ᠂ | ᠳᠠᠩᠰᠠᠯᠠᠨ ᠺᠠᠷᠲᠠᠯᠠᠭᠰᠠᠨ ᠶᠠᠳᠠᠭᠤ ᠬᠦᠴᠢᠷᠳᠡᠯᠲᠠᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠣᠷᠣᠭᠴᠢ ︵ | ᠳᠠᠩᠰᠠᠯᠠᠨ ᠺᠠᠷᠲᠠᠯᠠᠭᠰᠠᠨ ᠪᠤᠰᠤ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠵᠡᠮᠳᠡᠭ ᠰᠤᠷᠤᠭᠴᠢ᠂ ᠬᠥᠳᠡᠭᠡ | ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠰᠤᠷᠤᠭᠴᠢ᠂ ᠬᠥᠳᠡᠭᠡ | ᠲᠣᠰᠬᠤᠨ ᠤ ᠣᠨᠴᠠ ᠬᠦᠴᠢᠷᠳᠡᠯᠲᠡᠶ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠰᠣᠷᠣᠭᠴᠢ ᠪᠠᠭᠲᠠᠨ᠎ᠠ︶ ᠪᠠᠷ | ᠭᠤᠤᠯᠳᠠᠯᠭ᠎ᠠ ᠪᠣᠯᠭᠠᠨ᠎ᠠ᠃ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠤᠬᠡᠳ ᠢ ᠪᠦᠬᠦᠨ ᠢ ᠰᠤᠷᠭᠠᠭᠤᠯᠢ ᠳᠤ | ᠣᠷᠣᠭᠤᠯᠬᠤ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠰᠤᠷᠭᠠᠨ ᠬᠥᠮᠦᠵᠢᠯ ᠬᠦᠷᠲᠡᠬᠦ ᠬᠢᠷᠢ | ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ 2020 ᠤᠨ ᠪᠣᠯᠬᠤ ᠳᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠵᠦ᠂ ᠮᠠᠨ ᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ | ᠣᠷᠣᠬᠤ ᠨᠣᠷᠮ᠎ᠠ ᠶᠢᠨ 100% ᠳᠤ ᠬᠦᠷᠭᠡᠬᠦ ᠶᠢ ᠦᠨᠡᠨᠬᠦ ᠪᠠᠲᠤᠯᠠᠵᠤ᠂ ᠭᠡᠷ ᠪᠦᠯᠢ ᠶᠢᠨ ᠠᠵᠤ ᠠᠬᠤᠶ ᠶᠢᠨ | ᠬᠦᠴᠢᠷᠳᠡᠯ ᠠᠴᠠ ᠪᠣᠯᠵᠤ ᠰᠤᠷᠤᠯᠭ᠎ᠠ ᠪᠠᠨ ᠠᠯᠳᠠᠭᠰᠠᠨ ᠰᠤᠷᠤᠯᠭ᠎ᠠ ᠪᠠᠨ ᠳᠣᠷᠭᠤᠨ ᠵᠣᠭᠰᠣᠬᠤ ᠦᠵᠡᠭᠳᠡᠯ ᠪᠠᠶᠢᠬᠤ | ᠦᠭᠡᠶ ᠪᠤᠯᠭᠠᠨ᠎ᠠ᠃ | ᠭᠤᠷᠪᠠ᠂ ᠬᠡᠷᠡᠭᠵᠢᠭᠦᠯᠬᠦ ᠲᠥᠰᠦᠯ ᠤᠨ ᠠᠵᠢᠯ ᠤᠨ ᠱᠠᠭᠠᠷᠳᠠᠯᠭ᠎ᠠ | ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ᠃ ᠡᠯ᠎ᠡ | ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠵᠢᠴᠢ ᠡᠯ᠎ᠡ ᠳᠤᠮᠳᠠᠳᠤ ᠪᠠᠭ᠎ᠠ ᠰᠤᠷᠭᠠᠭᠤᠯᠢ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ | ᠵᠦᠶ᠋ᠯ ᠳᠡᠭᠡᠨ ᠣᠷᠣᠭᠤᠯᠵᠤ᠂ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠵᠢᠯ ᠤᠨ | ᠤᠳᠤᠷᠢᠳᠬᠤ ᠳᠤᠭᠤᠶᠢᠯᠠᠩ ᠪᠠᠶᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ | ᠪᠠᠲᠤᠯᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ | ᠰᠤᠷᠤᠭᠴᠢᠳ ᠤᠨ ᠰᠤᠷᠤᠯᠭ᠎ᠠ ᠪᠠᠨ ᠳᠣᠷᠭᠤᠨ ᠵᠤᠭᠰᠤᠵᠤ ᠪᠠᠶᠢᠭ᠎ᠠ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ | ᠣᠶᠢᠯᠠᠭᠠᠵᠤ᠂ ᠭᠠᠵᠠᠷ ᠣᠷᠣᠨ᠂ ᠭᠡᠷ ᠪᠦᠯᠢ᠂ ᠬᠥᠮᠦᠨ ᠤ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠵᠢᠭᠰᠠᠭᠠᠨ ᠪᠠᠶᠢᠴᠠᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠬᠤᠭᠤᠰᠣᠨ ᠴᠡᠭ | ᠪᠣᠯᠤᠨ ᠠᠵᠢᠯ ᠤᠨ ᠪᠠᠯᠠᠶ ᠴᠡᠭ ᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠡᠪᠲᠡᠷᠡᠯᠴᠡᠭᠡ ᠵᠣᠬᠢᠴᠠᠭᠤᠯᠭ᠎ᠠ ᠪᠠᠨ | ᠴᠢᠩᠭᠠᠳᠬᠠᠵᠤ ᠪᠣᠳᠠᠲᠠᠶ ᠠᠵᠢᠯ ᠤᠨ ᠲᠥᠰᠦᠯ ᠲᠣᠭᠲᠠᠭᠠᠵᠤ᠂ ᠬᠠᠷᠠᠯᠲᠠᠲᠤ ᠬᠠᠷᠢᠭᠤᠴᠠᠯᠭ᠎ᠠ ᠶᠢ ᠵᠠᠳᠠᠯᠤᠨ | ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠶᠢ ᠪᠣᠳᠠᠲᠠᠶᠢᠵᠢᠭᠤᠯᠵᠤ᠂ ᠠᠷᠭ᠎ᠠ | ᠬᠡᠮᠵᠢᠶ᠎ᠡ ᠶᠢ ᠪᠣᠳᠠᠲᠠᠶᠢᠵᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ | ᠪᠠᠲᠤᠯᠠᠬᠤ ᠠᠵᠢᠯ ᠢ ᠭᠦᠨᠵᠡᠭᠡᠢ ᠨᠠᠷᠢᠯᠢᠭ ᠪᠣᠳᠠᠲᠠᠶ ᠬᠢᠬᠦ ᠬᠡᠷᠡᠭᠲᠡᠶ᠃ | ︵ᠬᠤᠶᠠᠷ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠬᠤ | ᠬᠡᠷᠡᠭᠲᠡᠶ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠶᠢ ᠬᠢᠨᠠᠨ | ᠵᠢᠯᠣᠭᠤᠳᠬᠤ ᠲᠤᠭᠲᠠᠴᠠ ᠪᠠ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠵᠠᠰᠠᠭ ᠤᠨ ᠣᠷᠳᠣᠨ ᠤ ᠬᠠᠷᠠᠯᠲᠠᠲᠤ | ᠬᠠᠮᠢᠶᠠᠷᠤᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠵᠤ᠂ ᠡᠯ᠎ᠡ | ᠱᠠᠲᠤ ᠡᠯ᠎ᠡ ᠰᠠᠯᠠᠭ᠎ᠠ ᠮᠥᠴᠢᠷ ᠤᠨ ᠭᠤᠤᠯ ᠣᠳᠣᠷᠢᠳᠣᠯᠭ᠎ᠠ ᠶᠢ ᠰᠢᠯᠭᠠᠨ ᠬᠢᠨᠠᠬᠤ ᠴᠢᠬᠤᠯᠠ ᠭᠦᠢᠴᠡᠳᠬᠡᠯ ᠲᠤᠭ᠎ᠠ | ᠪᠣᠯᠭᠠᠬᠤ ᠬᠡᠷᠡᠭᠲᠡᠶ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ | ᠲᠤᠰᠬᠠᠶ ᠬᠢᠨᠠᠨ ᠵᠢᠯᠣᠭᠤᠳᠬᠤ ᠠᠵᠢᠯ ᠥᠷᠨᠢᠭᠦᠯᠵᠦ᠂ ᠤᠳᠤᠷᠢᠳᠤᠯᠭ᠎ᠠ ᠴᠢᠬᠤᠯᠠᠴᠢᠯᠠᠬᠤ ᠦᠭᠡᠶ᠂ ᠬᠠᠷᠢᠭᠤᠴᠠᠯᠭ᠎ᠠ | ᠲᠣᠳᠣᠷᠬᠠᠶ ᠦᠭᠡᠶ᠂ ᠠᠷᠭ᠎ᠠ ᠬᠡᠮᠵᠢᠶ᠎ᠡ ᠨᠠᠶᠢᠳᠠᠪᠦᠷᠢᠵᠢᠭᠤᠯᠬᠤ ᠦᠭᠡᠶ᠂ ᠬᠠᠷᠢᠯᠴᠠᠨ ᠲᠦᠯᠬᠢᠯᠴᠡᠵᠦ᠂ ᠰᠤᠷᠤᠯᠭ᠎ᠠ ᠪᠠᠨ | ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠪᠣᠯᠤᠨ ᠲᠤᠭ᠎ᠠ ᠪᠠᠷᠢᠮᠲᠠ ᠶᠢᠨ | ᠮᠠᠲ᠋ᠧᠷᠢᠶᠠᠯ ᠢ ᠳᠡᠭᠡᠭᠰᠢ ᠮᠡᠳᠡᠭᠦᠯᠬᠦ ᠳᠤᠮᠳᠠ ᠪᠤᠲᠠᠲᠦ ᠬᠡᠷᠡᠭ ᠢ ᠨᠢᠭᠤᠨ ᠳᠠᠯᠳᠠᠯᠠᠵᠤ᠂ ᠬᠤᠳᠠᠯ ᠬᠡᠯᠡᠵᠦ | ᠬᠠᠭᠤᠷᠮᠠᠭᠯᠠᠨ ᠵᠣᠬᠢᠶᠠᠵᠤ᠂ ᠳᠠᠩᠰᠠ ᠡᠪᠬᠡᠮᠡᠯ ᠤᠨ ᠲᠤᠭ᠎ᠠ ᠪᠠᠷᠢᠮᠲᠠ ᠨᠢ ᠪᠣᠳᠠᠲᠤ ᠪᠠᠶᠢᠳᠠᠯ ᠲᠠᠢ ᠨᠡᠶᠢᠴᠡᠬᠦ ᠦᠭᠡᠶ | ᠪᠠᠶᠢᠪᠠᠯ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠡᠬᠢᠯᠡᠭᠦᠯᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠨ ᠪᠣᠯᠵᠣᠨ ᠶᠠᠷᠢᠯᠴᠠᠬᠤ ᠳᠦᠷᠢᠮ᠂ ᠨᠡᠪᠲᠡᠷᠡᠭᠦᠯᠬᠦ ᠳᠦᠷᠢᠮ ᠪᠠ | ᠱᠠᠩᠨᠠᠬᠤ ᠳᠦᠷᠢᠮ ᠢ ᠪᠠᠶᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ | ᠪᠠᠲᠤᠯᠠᠬᠤ ᠬᠢᠨᠠᠨ ᠵᠢᠯᠣᠭᠤᠳᠴᠤ ᠪᠠᠶᠢᠴᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ᠂ ᠬᠤᠭᠤᠴᠠᠭ᠎ᠠ ᠬᠢᠵᠠᠭᠠᠷᠯᠠᠨ | ᠴᠡᠭᠴᠡᠯᠡᠨ ᠰᠠᠶᠢᠵᠢᠷᠠᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ᠃ | ︵ᠭᠤᠷᠪᠠ︶ ᠤᠬᠠᠭᠤᠯᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠣᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ ᠨᠠᠰᠤᠨ ᠳᠤ ᠦᠯᠦ ᠬᠦᠷᠦᠭᠰᠡᠳ ᠢ | ᠬᠠᠮᠠᠭᠠᠯᠠᠬᠤ ᠬᠠᠤᠯᠢ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠡᠷᠴᠢᠮ ᠢᠶᠠᠨ | ᠴᠢᠩᠬᠠᠷᠠᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠨᠡᠶᠢᠲᠡᠯᠢᠭ | ᠲᠤᠷᠰᠢᠯᠭ᠎ᠠ ᠪᠣᠯᠤᠨ ᠪᠦᠲᠦᠮᠵᠢᠲᠡᠶ ᠠᠷᠭ᠎ᠠ ᠶᠢ ᠥᠷᠭᠡᠨ ᠢᠶᠠᠷ ᠤᠬᠠᠭᠤᠯᠵᠠᠶ᠃ ᠪᠦᠬᠦ ᠨᠡᠶᠢᠭᠡᠮ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠦ ᠰᠤᠷᠤᠯᠭ᠎ᠠ ᠶᠢ | ᠪᠠᠲᠤᠯᠠᠬᠤ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠲᠠᠰᠤᠷᠠᠯᠲᠠ ᠦᠭᠡᠶ ᠳᠡᠭᠡᠭᠰᠢᠯᠡᠭᠦᠯᠵᠦ᠂ | ᠨᠡᠶᠢᠭᠡᠮ ᠪᠠ ᠰᠤᠷᠭᠠᠭᠤᠯᠢ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠭᠡᠷ ᠪᠦᠯᠢ | ᠰᠤᠷᠤᠭᠴᠢ ᠨᠢᠭᠡᠪᠦᠷᠢ ᠳᠤ ᠦᠨᠡᠨᠬᠦ ᠨᠠᠢᠳᠠᠪᠤᠷᠢᠵᠢᠭᠤᠯᠬᠤ᠂ ᠭᠡᠷ ᠤᠨ ᠠᠬᠠᠮᠠᠳ ᠪᠣᠯᠤᠨ ᠰᠤᠷᠬᠤ ᠨᠠᠰᠤᠨ ᠤ ᠬᠡᠤᠬᠡᠳ | ᠪᠠᠭᠠᠴᠤᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠦᠨᠡᠨᠬᠦ ᠴᠢᠩᠭᠠᠳᠬᠠᠵᠤ᠂ ᠰᠤᠷᠬᠤ ᠨᠠᠰᠤᠨ ᠤ ᠬᠡᠤᠬᠡᠳ | ᠪᠠᠭᠠᠴᠤᠳ ᠤᠨ ᠬᠠᠤᠯᠢ ᠶᠣᠰᠣᠭᠠᠷ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ᠃ |