2019 ᠣᠨ ᠤ 4 ᠰᠠᠷ᠎ᠠ ᠶᠢᠨ 28 ᠤ ᠡᠳᠦᠷ᠂ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠤᠨ ︽ᠬᠠᠤᠯᠢ ᠲᠣᠭᠲᠠᠭᠠᠯ ᠢ ᠵᠥᠷᠢᠴᠡᠨ ᠬᠤᠪᠢ ᠪᠠᠷ ᠢᠶᠠᠨ ︿ᠣᠷᠣᠨ ᠰᠠᠭᠤᠴᠠ ᠮᠠᠶ᠋ᠢᠭ﹀ ᠤᠨ | ᠪᠤᠯᠠᠰᠢᠨ ᠭᠠᠵᠠᠷ ᠪᠠᠶᠢᠭᠤᠯᠬᠤ ᠵᠡᠷᠭᠡ ᠳᠣᠪᠤᠶᠢᠮ᠎ᠠ ᠠᠰᠠᠭᠤᠳᠠᠯ ᠢ ᠲᠤᠰᠬᠠᠶ ᠪᠠᠶᠢᠴᠠᠭᠠᠨ ᠵᠢᠭᠰᠠᠭᠠᠬᠤ ᠬᠡᠷᠡᠭᠵᠢᠭᠦᠯᠬᠦ | ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠃ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ | ᠠᠵᠢᠯ ᠤᠨ ᠲᠥᠰᠦᠯ ᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠡ | ᠄ | ᠨᠢᠭᠡ᠂ ︽ᠲᠥᠰᠦᠯ︾ ᠳᠤ ᠲᠣᠭᠲᠠᠭᠠᠭᠰᠠᠨ ᠠᠬᠤᠶ ᠪᠠᠢᠳᠠᠯ ᠤᠨ ᠦᠨᠳᠦᠰᠦᠯᠡᠯ | ᠲᠤᠰ ᠲᠥᠰᠦᠯ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠶᠢᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠨᠠᠮ | ᠵᠠᠰᠠᠭ ᠤᠨ ᠣᠷᠳᠣᠨ ᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠤᠨ ᠲᠤᠬᠠᠶ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ᠂ | ᠵᠠᠭᠤᠴᠢᠯᠠᠭᠤᠷ ᠤᠨ ᠲᠤᠰᠬᠠᠭᠰᠠᠨ ᠣᠷᠣᠰᠢᠭᠤᠯᠭ᠎ᠠ ᠶᠢᠨ ᠬᠦᠷᠢᠶᠡᠨ ᠤ ᠳᠤᠪᠤᠶᠢᠮ᠎ᠠ ᠠᠰᠠᠭᠤᠳᠠᠯ ᠤᠨ ᠲᠣᠭᠤᠷᠢᠨ ᠳᠤ᠂ | ᠬᠠᠤᠯᠢ ᠲᠣᠭᠲᠠᠭᠠᠯ ᠠᠴᠠ ᠵᠥᠷᠢᠴᠡᠨ ︽ᠣᠷᠣᠨ ᠰᠠᠭᠤᠴᠠ ᠮᠠᠶ᠋ᠢᠭ︾ ᠤᠨ ᠪᠤᠯᠠᠰᠢᠨ ᠭᠠᠵᠠᠷ ᠢ ᠬᠤᠪᠢ ᠪᠠᠷ ᠢᠶᠠᠨ | ᠪᠠᠶᠢᠭᠤᠯᠤᠭᠰᠠᠨ ᠵᠡᠷᠭᠡ ᠳᠣᠪᠤᠶᠢᠮ᠎ᠠ ᠠᠰᠠᠭᠤᠳᠠᠯ ᠢ ᠲᠤᠰᠬᠠᠶ ᠣᠶᠢᠯᠭᠠᠨ ᠵᠢᠭᠰᠠᠭᠠᠬᠤ ᠵᠢᠴᠢ ᠪᠥᠬᠦ ᠰᠢᠶᠠᠨ ᠤ | ᠣᠷᠣᠰᠢᠭᠤᠯᠭ᠎ᠠ ᠶᠢᠨ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ︽ | ᠡᠷᠭᠢᠨ ᠬᠠᠷᠠᠬᠤ︾ ᠪᠠᠷ ᠲᠣᠬᠢᠶᠠᠯ ᠪᠣᠯᠭᠠᠨ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠪᠠᠶᠢᠭᠤᠯᠤᠯ | ᠲᠤᠭᠲᠠᠴᠠ ᠶᠢᠨ ᠰᠢᠨ᠎ᠡ ᠶᠢ ᠡᠭᠦᠳᠦᠨ᠎ᠡ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠴᠢᠳᠠᠪᠤᠷᠢ ᠪᠠ ᠪᠠᠲᠤᠯᠠᠭ᠎ᠠ ᠶᠢᠨ | ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ ᠣᠷᠣᠰᠢᠭᠤᠯᠭ᠎ᠠ ᠶᠢᠨ ᠬᠡᠷᠡᠭᠴᠡᠭᠡ ᠶᠢ ᠪᠠᠲᠤᠯᠠᠵᠤ᠂ ᠮᠠᠨ ᠤ | ᠰᠢᠶᠠᠨ ᠤ ᠣᠷᠣᠰᠢᠭᠤᠯᠭ᠎ᠠ ᠶᠢᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠦ ᠂ ᠲᠤᠰ ᠰᠢᠶᠠᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠲᠥᠰᠦᠯ ᠢ ᠲᠣᠭᠲᠠᠭᠠᠪᠠ᠃ | ᠬᠤᠶᠠᠷ᠂ ︽ᠲᠥᠰᠦᠯ︾ ᠤᠨ ᠬᠠᠷᠠᠯᠲᠠ ᠡᠭᠦᠷᠭᠡ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠷᠣᠰᠢᠭᠤᠯᠭ᠎ᠠ ᠶᠢᠨ ᠠᠵᠢᠯ ᠤᠨ ᠲᠤᠬᠠᠶ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠲᠤᠰᠬᠠᠶ ᠵᠦᠢᠯ ᠤᠨ | ᠣᠶᠢᠯᠭᠠᠨ ᠵᠢᠭᠰᠠᠭᠠᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠲᠠᠷᠢᠶᠠᠨ ᠭᠠᠵᠠᠷ ᠣᠶᠢᠲᠤ ᠭᠠᠵᠠᠷ ᠢ | ᠳᠤᠷ᠎ᠠ ᠪᠠᠷ ᠢᠶᠠᠨ ᠡᠵᠡᠯᠡᠭᠰᠡᠨ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ᠂ ᠬᠠᠤᠯᠢ ᠲᠣᠭᠲᠠᠭᠠᠯ ᠢ | ᠵᠥᠷᠢᠴᠡᠨ ᠬᠤᠪᠢ ᠪᠠᠶ ᠢᠶᠠᠨ ︽ᠣᠷᠣᠨ ᠰᠠᠭᠤᠴᠠ ᠮᠠᠶ᠋ᠢᠭ︾ ᠤᠨ ᠪᠤᠯᠠᠰᠢᠨ ᠭᠠᠵᠠᠷ ᠪᠠᠶᠢᠭᠤᠯᠤᠭᠰᠠᠨ ᠵᠡᠷᠭᠡ | ᠪᠠᠶᠢᠳᠠᠯ ᠢ ᠦᠨᠳᠦᠰᠦᠨ ᠳᠡᠭᠡᠨ ᠡᠵᠡᠮᠰᠢᠵᠦ᠂ ᠨᠡᠶᠢᠲᠡ ᠶᠢᠨ ᠣᠩᠭᠤᠨ ᠤ ᠬᠠᠮᠢᠶᠠᠷᠤᠯᠲᠠ ᠵᠢᠴᠢ ᠣᠷᠣᠰᠢᠭᠤᠯᠭ᠎ᠠ ᠶᠢᠨ | ᠤᠶᠢᠯᠡᠴᠢᠯᠡᠭᠡᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ | ᠡᠬᠢ ᠡᠭᠦᠰᠦᠯ ᠠᠴᠠ ᠨᠢ ᠵᠠᠰᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ | ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠤᠷᠲᠤ ᠬᠤᠭᠤᠴᠠᠭᠠᠨ ᠤ ᠪᠦᠲᠦᠮᠵᠢᠲᠡᠶ | ᠲᠤᠭᠲᠠᠴᠠ ᠶᠢ ᠪᠦᠷᠢᠨᠰᠢᠭᠦᠯᠦᠨ᠎ᠡ᠃ | ᠭᠤᠷᠪᠠ᠂ ︽ᠲᠥᠰᠦᠯ︾ ᠤᠨ ᠭᠤᠤᠯ ᠠᠭᠤᠯᠭ᠎ᠠ | ︵ᠨᠢᠭᠡ︶ ᠨᠡᠶᠢᠲᠡ ᠶᠢᠨ ᠤᠩᠭᠤᠨ ᠪᠠ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠤᠩᠭᠤᠨ ᠭᠠᠵᠠᠷ ᠠᠴᠠ ᠭᠠᠳᠠᠨᠠᠬᠢ ᠬᠠᠤᠯᠢ ᠲᠣᠭᠲᠠᠭᠠᠯ ᠢ ᠵᠥᠷᠢᠴᠡᠨ ᠬᠤᠪᠢ ᠪᠠᠷ ᠢᠶᠠᠨ ᠪᠠᠷᠢᠭᠰᠠᠨ ᠣᠷᠣᠨ | ᠰᠠᠭᠤᠴᠠ ᠶᠢᠨ ᠮᠠᠶ᠋ᠢᠭ ᠤᠨ ᠴᠢᠨᠳᠠᠷ ᠤᠨ ᠦᠨᠡᠰᠦ ᠶᠢ ᠲᠠᠯᠪᠢᠬᠤ ᠪᠠᠷᠢᠯᠭ᠎ᠠ︔ | ︵ᠬᠤᠶᠠᠷ︶ ᠨᠡᠶᠢᠲᠡ ᠶᠢᠨ ᠣᠩᠭᠤᠨ ᠪᠣᠯᠤᠨ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠣᠩᠭᠤᠨ ᠤ ᠭᠠᠵᠠᠷ ᠠᠴᠠ ᠪᠤᠰᠤᠳ ᠬᠠᠤᠯᠢ ᠲᠣᠭᠲᠠᠭᠠᠯ ᠠᠴᠠ ᠵᠥᠷᠢᠴᠡᠨ ᠬᠤᠪᠢ ᠪᠠᠶ ᠢᠶᠠᠨ ᠪᠠᠶᠢᠭᠤᠯᠤᠭᠰᠠᠨ | ᠬᠠᠲᠠᠭᠤᠵᠢᠭᠰᠠᠨ ᠲᠣᠮᠣ ᠤᠩᠭᠤᠠ᠂ ᠠᠮᠢᠳᠤ ᠬᠥᠮᠦᠨ ᠤ ᠣᠩᠭᠤᠨ ᠵᠢᠴᠢ ᠪᠠᠶᠢᠭᠤᠯᠤᠭᠰᠠᠨ ᠪᠤᠶᠤ ᠰᠡᠷᠭᠦᠭᠡᠭᠰᠡᠨ | ᠣᠪᠣᠭ ᠲᠥᠷᠥᠯ ᠤᠨ ᠣᠩᠭᠤᠨ ᠤ ᠭᠠᠵᠠᠷ ᠢ ᠪᠠᠶᠢᠴᠠᠭᠠᠨ ᠵᠢᠭᠰᠠᠭᠠᠬᠤ ᠬᠡᠷᠡᠭᠲᠡᠶ᠃ ᠶᠡᠭᠡ ᠪᠤᠩᠬᠤᠨ ᠤ ᠦᠨᠡᠮᠰᠢᠯ ᠳᠤ | ︽︿ᠨᠡᠶᠢᠲᠡ ᠶᠢᠨ ᠣᠩᠭᠤᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠠᠷᠠᠳ ᠤᠨ | ᠶᠠᠪᠤᠳᠠᠯ ᠤᠨ ᠬᠤᠷᠢᠶᠠᠨ ᠤ ᠰᠠᠨᠠᠯ﹀ ᠢ ᠤᠯᠠᠮᠵᠢᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇1998﹈ 25 ᠳ᠋ᠤᠭᠠᠷ ᠲᠣᠭᠠᠲᠤ︶ ᠤᠨ | ᠴᠢᠨᠳᠠᠷ ᠤᠨ ᠭᠠᠭᠴᠠ ᠬᠦᠮᠦᠨ ᠤ ᠣᠩᠭᠤᠨ ᠢ ᠪᠤᠯᠠᠵᠤ ᠡᠵᠡᠯᠡᠬᠦ ᠭᠠᠵᠠᠷ ᠢ 4 ᠲᠡᠭᠰᠢ ᠳᠥᠷᠪᠡᠯᠵᠢᠨ ᠮᠧᠲᠷ ᠠᠴᠠ | ᠬᠡᠲᠦᠷᠡᠭᠦᠯᠬᠦ ᠦᠭᠡᠶ᠂ ᠬᠤᠶᠠᠷ ᠬᠥᠮᠦᠨ ᠤ ᠬᠡᠭᠦᠷ ᠣᠩᠭᠤᠨ ᠡᠵᠡᠯᠡᠬᠦ ᠭᠠᠵᠠᠷ ᠢ 6 ᠲᠡᠭᠰᠢ ᠳᠥᠷᠪᠡᠯᠵᠢᠨ | ᠮᠧᠲᠷ ᠠᠴᠠ ᠬᠡᠲᠦᠷᠡᠭᠦᠯᠬᠦ ᠦᠭᠡᠶ᠂ ᠴᠢᠨᠳᠠᠷ ᠤᠨ ᠬᠠᠶᠢᠷᠴᠠᠭ ᠤᠨ ᠭᠠᠭᠴᠠ ᠬᠥᠮᠦᠨ ᠤ ᠣᠩᠭᠤᠨ ᠤ ᠭᠠᠵᠠᠷ ᠢ 1.5 | ᠲᠡᠭᠰᠢ ᠳᠥᠷᠪᠡᠯᠵᠢᠨ ᠮᠧᠲᠷ ᠠᠴᠠ ᠭᠡᠲᠤᠷᠡᠭᠦᠯᠬᠦ ᠦᠭᠡᠶ᠃ ᠬᠤᠶᠠᠷ ᠬᠥᠮᠦᠨ ᠤ ᠬᠠᠮᠲᠤ ᠣᠷᠣᠰᠢᠭᠤᠯᠬᠤ ᠣᠩᠭᠤᠨ ᠤ | ᠶᠠᠰᠤᠨ ᠤ ᠦᠨᠡᠰᠦᠨ ᠬᠠᠶᠢᠷᠴᠠᠭ 3 ᠲᠡᠭᠰᠢ ᠳᠥᠷᠪᠡᠯᠵᠢᠨ ᠮᠧᠲᠷ ᠠᠴᠠ ᠬᠡᠲᠦᠷᠡᠵᠦ ᠪᠣᠯᠬᠤ ᠦᠭᠡᠶ ᠲᠣᠭᠲᠠᠭᠠᠯ︶ | ︵ᠭᠤᠷᠪᠠ︶ 2018 ᠣᠨ ᠳᠤ ᠥᠷᠨᠢᠭᠦᠯᠦᠭᠰᠡᠨ ᠪᠦᠬᠦ ᠣᠷᠣᠨ ᠤ ᠣᠷᠣᠰᠢᠭᠤᠯᠭ᠎ᠠ ᠶᠢᠨ ᠬᠦᠷᠢᠶᠡᠨ ᠤ | ᠲᠣᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠭᠰᠠᠨ ᠪᠠᠶᠢᠳᠠᠯ ᠳᠤ ︽ᠡᠷᠭᠢᠨ ᠬᠠᠷᠠᠬᠤ︾ ᠠᠵᠢᠯᠯᠠᠭ᠎ᠠ | ᠥᠷᠨᠢᠭᠦᠯᠵᠦ᠂ ᠢᠯᠠᠩᠭᠤᠶ᠎ᠠ ᠵᠥᠪᠰᠢᠶᠡᠷᠡᠯ ᠦᠭᠡᠶ ᠪᠠᠷ ᠳᠤᠷ᠎ᠠ ᠪᠠᠷ ᠢᠶᠠᠨ ᠨᠡᠶᠢᠲᠡ ᠶᠢᠨ ᠣᠩᠭᠤᠨ ᠤ ᠲᠥᠬᠦᠭᠡᠷᠦᠮᠵᠢ | ᠪᠠᠶᠢᠭᠤᠯᠵᠤ᠂ ᠡᠯ᠎ᠡ ᠲᠥᠷᠥᠯ ᠤᠨ ᠨᠡᠶᠢᠲᠡ ᠶᠢᠨ ᠣᠩᠭᠤᠨ ᠤ ᠲᠥᠬᠦᠭᠡᠷᠦᠮᠵᠢ ᠳᠤ ᠲᠣᠭᠲᠠᠭᠠᠭᠰᠠᠨ ᠪᠠᠷᠢᠮᠵᠢᠶᠠᠲᠤ | ᠵᠥᠷᠢᠶᠡᠲᠦ ᠪᠠᠶᠢᠷᠢ ᠠᠴᠠ ᠳᠠᠪᠠᠭᠰᠠᠨ ᠵᠢᠴᠢ ᠳᠠᠭᠠᠯᠲᠠ ᠪᠠᠷᠢᠯᠭ᠎ᠠ ᠶᠢᠨ ᠪᠣᠳᠠᠰ ᠢ ᠪᠠᠶᠢᠭᠤᠯᠵᠤ᠂ ᠣᠩᠭᠤᠨ ᠤ | ᠣᠷᠣ ᠶᠢ ᠬᠤᠳᠠᠯᠳᠤᠵᠤ ᠲᠦᠷᠢᠶᠡᠰᠦᠯᠡᠭᠦᠯᠬᠦ ᠦᠨ᠎ᠡ ᠬᠠᠩᠰᠢ ᠶᠢᠨ ᠮᠡᠬᠡᠯᠡᠯ ᠶᠠᠪᠤᠭᠤᠯᠵᠤ᠂ ᠣᠷᠣᠰᠢᠭᠤᠯᠭ᠎ᠠ ᠶᠢᠨ | ᠦᠢᠯᠡᠴᠢᠯᠡᠭᠡ᠂ ᠵᠠᠭᠤᠴᠢ ᠦᠢᠯᠡᠴᠢᠯᠡᠭᠡ ᠵᠢᠴᠢ ᠣᠷᠣᠰᠢᠭᠤᠯᠭ᠎ᠠ ᠶᠢᠨ ᠬᠡᠷᠡᠭᠰᠡᠯ ᠢ ᠪᠤᠷᠤᠯᠠᠭᠤᠯᠵᠤ ᠲᠣᠭᠲᠠᠭᠠᠯ ᠠᠴᠠ | ᠵᠥᠷᠢᠴᠡᠨ ᠡᠵᠡᠩᠨᠡᠵᠦ᠂ ᠳᠤᠷ᠎ᠠ ᠪᠠᠷ ᠢᠶᠠᠨ ᠰᠦᠢᠳᠬᠡᠯ ᠬᠤᠷᠢᠶᠠᠵᠤ᠂ ᠬᠥᠳᠡᠭᠡ ᠲᠣᠰᠬᠤᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠪᠤᠯᠠᠰᠢᠨ ᠭᠠᠵᠠᠷ ᠲᠣᠭᠲᠠᠭᠠᠯ ᠢ ᠵᠥᠷᠢᠴᠡᠨ ᠭᠠᠳᠠᠭᠠᠲᠦ ᠳᠤ ᠪᠣᠷᠣᠯᠠᠭᠤᠯᠤᠭᠠᠳᠠᠰᠢᠭ | ᠬᠤᠨᠵᠢᠪᠣᠷᠢ ᠣᠯᠵᠤ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠪᠣᠯᠤᠨ ᠬᠤᠳᠠᠯᠳᠤᠭᠠᠨ ᠤ | ᠬᠥᠷᠥᠩᠭᠡ ᠶᠢᠨ ᠬᠠᠮᠲᠤᠷᠠᠯᠴᠠᠭ᠎ᠠ ᠳᠤ ᠴᠢᠨᠳᠠᠷ ᠬᠠᠳᠠᠭᠠᠯᠠᠬᠤ ᠲᠥᠬᠦᠭᠡᠷᠦᠮᠵᠢ ᠶᠢ ᠳᠤᠷ᠎ᠠ ᠪᠠᠷ ᠢᠶᠠᠨ ᠪᠠᠶᠢᠭᠤᠯᠵᠤ | ᠠᠰᠢᠭ ᠬᠤᠨᠵᠢᠪᠣᠷᠢ ᠣᠯᠬᠤ ᠠᠵᠢᠯᠯᠠᠭ᠎ᠠ ᠬᠢᠬᠦ ᠵᠡᠷᠭᠡ ᠬᠠᠤᠯᠢ ᠲᠣᠭᠲᠠᠭᠠᠯ ᠢ ᠵᠦᠷᠢᠴᠡᠭᠰᠡᠨ ᠠᠰᠠᠭᠤᠳᠠᠯ ᠃ | ︵ᠨᠢᠭᠡ︶ ᠵᠢᠭᠰᠠᠭᠠᠨ ᠪᠠᠶᠢᠴᠠᠭᠠᠬᠤ ᠬᠡᠪᠴᠢᠶ᠎ᠡ | 1.ᠨᠡᠶᠢᠲᠡ ᠶᠢᠨ ᠣᠩᠭᠤᠨ ᠪᠣᠯᠤᠨ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠩᠭᠤᠨ ᠤ | ᠭᠠᠵᠠᠷ ᠠᠴᠠ ᠭᠠᠳᠠᠨ᠎ᠠ ᠬᠠᠤᠯᠢ ᠲᠣᠭᠲᠠᠭᠠᠯ ᠠᠴᠠ ᠵᠥᠷᠢᠴᠡᠨ ᠬᠤᠪᠢ ᠪᠠᠷ ᠢᠶᠠᠨ ᠪᠠᠶᠢᠭᠤᠯᠤᠭᠰᠠᠨ ︽ᠣᠷᠣᠨ | ᠰᠠᠭᠤᠴᠠ ᠶᠢᠨ ᠮᠠᠶ᠋ᠢᠭ︾ ᠤᠨ ᠴᠢᠨᠳᠠᠷ ᠤᠨ ᠦᠨᠡᠰᠦ ᠶᠢ ᠲᠠᠯᠪᠢᠵᠤ ᠲᠠᠯᠪᠢᠬᠤ ᠪᠠᠷᠢᠯᠭ᠎ᠠ ᠪᠣᠯᠤᠨ᠎ᠠ᠃ | 2.ᠨᠡᠶᠢᠲᠡ ᠶᠢᠨ ᠣᠩᠭᠤᠨ ᠪᠣᠯᠤᠨ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠩᠭᠤᠨ ᠤ | ᠭᠠᠵᠠᠷ ᠠᠴᠠ ᠭᠠᠳᠠᠨᠠᠬᠢ ᠬᠠᠤᠯᠢ ᠲᠣᠭᠲᠠᠭᠠᠯ ᠠᠴᠠ ᠵᠥᠷᠢᠴᠡᠨ ᠬᠤᠪᠢ ᠪᠠᠷ ᠢᠶᠠᠨ ᠪᠠᠶᠢᠭᠤᠯᠤᠭᠰᠠᠨ ᠪᠤᠰᠤᠳ | ᠬᠠᠲᠠᠭᠠᠮᠠᠯ ᠶᠡᠭᠡ ᠣᠩᠭᠤᠨ᠂ ᠠᠮᠢᠳᠤ ᠬᠥᠮᠦᠨ ᠤ ᠣᠩᠭᠤᠨ ᠵᠢᠴᠢ ᠪᠠᠶᠢᠭᠤᠯᠤᠭᠰᠠᠨ ᠪᠤᠶᠤ ᠰᠡᠷᠭᠦᠭᠡᠭᠰᠡᠨ ᠣᠪᠣᠭ | ᠲᠥᠷᠥᠯ ᠤᠨ ᠣᠩᠭᠤᠨ ᠤ ᠭᠠᠵᠠᠷ᠃ | 3.2018 ᠣᠨ ᠳᠤ ᠥᠷᠨᠢᠭᠦᠯᠦᠭᠰᠡᠨ ᠪᠦᠬᠦ ᠤᠯᠤᠰ ᠠᠴᠠ ᠣᠷᠣᠰᠢᠭᠤᠯᠭ᠎ᠠ ᠶᠢᠨ ᠬᠦᠷᠢᠶ᠎ᠡ ᠴᠠᠷᠠᠭ᠎ᠠ ᠶᠢᠨ | ᠳᠣᠪᠦ᠋ᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠭᠰᠠᠨ ᠪᠠᠶᠢᠳᠠᠯ ᠳᠤ ︽ᠡᠷᠭᠢᠨ ᠬᠠᠷᠠᠬᠤ︾ ᠠᠵᠢᠯᠯᠠᠭ᠎ᠠ | ᠥᠷᠨᠢᠭᠦᠯᠵᠦ᠂ ᠢᠯᠠᠩᠭᠤᠶ᠎ᠠ ᠵᠥᠪᠰᠢᠶᠡᠷᠡᠯ ᠦᠭᠡᠶ ᠪᠠᠷ ᠳᠤᠷ᠎ᠠ ᠪᠠᠷ ᠢᠶᠠᠨ ᠨᠡᠶᠢᠲᠡ ᠶᠢᠨ ᠣᠩᠭᠤᠨ ᠤ ᠲᠥᠬᠦᠭᠡᠷᠦᠮᠵᠢ | ᠪᠠᠶᠢᠭᠤᠯᠬᠤ᠂ ᠡᠯ᠎ᠡ ᠲᠥᠷᠥᠯ ᠤᠨ ᠨᠡᠶᠢᠲᠡ ᠶᠢᠨ ᠣᠩᠭᠤᠨ ᠤ ᠲᠥᠬᠦᠭᠡᠷᠦᠮᠵᠢ ᠳᠣᠲᠣᠷ᠎ᠠ ᠬᠡᠪ ᠪᠠᠷᠢᠮᠵᠢᠶ᠎ᠠ ᠠᠴᠠ | ᠬᠡᠲᠦᠷᠡᠭᠰᠡᠨ ᠪᠠᠷᠢᠮᠵᠢᠶ᠎ᠠ ᠠᠴᠠ ᠬᠡᠲᠦᠷᠡᠭᠰᠡᠨ ᠣᠩᠭᠤᠨ ᠤ ᠪᠠᠶᠢᠷᠢ ᠵᠢᠴᠢ ᠳᠠᠭᠠᠯᠲᠠ ᠪᠠᠷᠢᠯᠭ᠎ᠠ ᠪᠠᠶᠢᠭᠤᠯᠵᠤ᠂ | ᠣᠩᠭᠤᠨ ᠤ ᠣᠷᠣ ᠶᠢ ᠬᠤᠳᠠᠯᠳᠤᠬᠤ ︵ᠲᠦᠷᠢᠶᠡᠰᠦᠯᠡᠬᠦ︶ ᠨᠢ ᠦᠨ᠎ᠡ ᠬᠠᠩᠰᠢ ᠪᠠᠷ ᠮᠡᠬᠡᠯᠡᠬᠦ᠂ ᠭᠠᠭᠴᠠᠭᠠᠷ | ᠡᠵᠡᠮᠰᠢᠵᠦ ᠬᠡᠲᠦ ᠠᠰᠢᠭ ᠣᠯᠬᠤ ᠣᠷᠣᠰᠢᠭᠤᠯᠭ᠎ᠠ ᠶᠢᠨ ᠦᠢᠯᠡᠴᠢᠯᠡᠭᠡ᠂ ᠵᠠᠭᠤᠴᠢ ᠦᠢᠯᠡᠴᠢᠯᠡᠭᠡ ᠵᠢᠴᠢ | ᠣᠷᠣᠰᠢᠭᠤᠯᠭ᠎ᠠ ᠶᠢᠨ ᠬᠡᠷᠡᠭᠰᠡᠯ ᠢ ᠪᠤᠷᠤᠯᠠᠭᠤᠯᠵᠤ ᠲᠣᠭᠲᠠᠭᠠᠯ ᠠᠴᠠ ᠵᠥᠷᠢᠴᠡᠨ ᠡᠵᠡᠩᠨᠡᠵᠦ᠂ ᠳᠤᠷ᠎ᠠ ᠪᠠᠷ ᠢᠶᠠᠨ | ᠰᠦᠢᠳᠬᠡᠯ ᠬᠤᠷᠢᠶᠠᠵᠤ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠩᠭᠤᠨ ᠤ ᠭᠠᠵᠠᠷ | ᠲᠣᠭᠲᠠᠭᠠᠯ ᠠᠴᠠ ᠵᠥᠷᠢᠴᠡᠨ ᠭᠠᠳᠠᠭᠰᠢ ᠪᠣᠷᠣᠯᠠᠭᠤᠯᠵᠤ ᠠᠰᠢᠭ ᠬᠤᠨᠵᠢᠪᠣᠷᠢ ᠣᠯᠵᠤ᠂ ᠱᠠᠰᠢᠨ ᠰᠤᠷᠲᠠᠬᠤᠨ ᠤ | ᠠᠵᠢᠯᠯᠠᠭ᠎ᠠ ᠶᠢᠨ ᠲᠠᠯᠠᠪᠤᠷ ᠭᠠᠵᠠᠷ ᠪᠣᠯᠤᠨ ᠬᠤᠳᠠᠯᠳᠤᠭᠠᠨ ᠤ ᠬᠥᠷᠥᠩᠭᠡ ᠶᠢᠨ ᠬᠠᠮᠲᠤᠷᠠᠯᠴᠠᠭ᠎ᠠ ᠨᠢ ᠴᠢᠨᠳᠠᠷ | ᠬᠠᠳᠠᠭᠠᠯᠠᠬᠤ ᠪᠡᠯᠡᠳᠬᠡᠮᠵᠢ ᠶᠢ ᠳᠤᠷ᠎ᠠ ᠪᠠᠷ ᠢᠶᠠᠨ ᠪᠠᠶᠢᠭᠤᠯᠵᠤ ᠠᠰᠢᠭ ᠬᠤᠨᠵᠢᠪᠣᠷᠢ ᠣᠯᠬᠤ ᠠᠵᠢᠯᠯᠠᠭ᠎ᠠ ᠬᠢᠬᠦ ᠵᠡᠷᠭᠡ | ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠪᠠᠶᠢᠵᠤ᠂ ᠲᠤᠰᠬᠠᠶ ᠴᠡᠭᠴᠡᠯᠡᠨ ᠵᠠᠰᠠᠬᠤ ᠳᠤᠮᠳᠠ ᠬᠠᠷᠠᠬᠠᠨ | ᠴᠡᠭᠴᠡᠯᠡᠨ ᠰᠠᠶᠢᠵᠢᠷᠠᠭᠤᠯᠤᠭᠠᠳᠤᠶ ᠳᠣᠪᠤᠶᠢᠮ᠎ᠠ ᠠᠰᠠᠭᠤᠳᠠᠯ ᠵᠡᠷᠭᠡ᠃ | ︵ᠬᠤᠶᠠᠷ︶ ᠵᠢᠭᠰᠠᠭᠠᠨ ᠪᠠᠶᠢᠴᠠᠭᠠᠬᠤ ᠭᠤᠤᠯᠳᠠᠯᠭ᠎ᠠ | 1.ᠵᠢᠭᠤᠯᠴᠢᠯᠠᠯ ᠤᠨ ᠦᠵᠡᠮᠵᠢ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠲᠠ | ᠪᠠᠯᠭᠠᠰᠤ ᠶᠢᠨ ᠡᠷᠭᠢᠨ ᠲᠣᠭᠤᠷᠢᠨ᠂ ᠵᠠᠰᠠᠮᠠᠯ ᠵᠠᠮ ᠳᠠᠭᠠᠤ ᠵᠡᠷᠭᠡ ᠲᠣᠭᠲᠠᠭᠠᠯ ᠠᠴᠠ ᠵᠥᠷᠢᠴᠡᠨ ᠬᠤᠪᠢ ᠪᠠᠷ ᠢᠶᠠᠨ | ᠪᠠᠷᠢᠭᠰᠠᠨ ︽ᠣᠷᠣᠨ ᠰᠠᠭᠤᠴᠠ ᠮᠠᠶ᠋ᠢᠭ︾ ᠤᠨ ᠴᠢᠨᠳᠠᠷ ᠤᠨ ᠦᠨᠡᠰᠦ ᠶᠢ ᠲᠠᠯᠪᠢᠬᠤ ᠪᠠᠷᠢᠯᠭ᠎ᠠ᠂ ᠲᠣᠮᠣ ᠤᠩᠭᠤᠠ᠂ | ᠠᠮᠢᠳᠤ ᠬᠥᠮᠦᠨ ᠤ ᠣᠩᠭᠤᠨ᠂ ᠣᠪᠣᠭ ᠲᠥᠷᠥᠯ ᠤᠨ ᠣᠩᠭᠤᠨ ᠤ ᠭᠠᠵᠠᠷ ᠢ ᠬᠠᠲᠠᠭᠤᠷᠠᠭᠤᠯᠬᠤ︔ | 2.ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ᠂ ᠣᠶᠢᠲᠤ ᠭᠠᠵᠠᠷ᠂ ᠨᠤᠲᠤᠭ ᠪᠡᠯᠴᠢᠭᠡᠷ ᠢ ᠡᠵᠡᠯᠡᠨ | ᠬᠡᠷᠡᠭᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ᠂ ᠲᠣᠭᠲᠠᠭᠠᠯ ᠠᠴᠠ ᠵᠥᠷᠢᠴᠡᠨ ᠬᠤᠪᠢ ᠪᠠᠷ ᠢᠶᠠᠨ | ︽ᠣᠷᠣᠨᠰᠠᠭᠤᠴᠠ ᠮᠠᠶ᠋ᠢᠭ︾ ᠤᠨ ᠪᠤᠯᠠᠰᠢᠨ ᠭᠠᠵᠠᠷ ᠢ ᠪᠠᠶᠢᠭᠤᠯᠵᠤ᠂ ᠲᠣᠮᠣ ᠣᠩᠭᠤᠨ ᠢ ᠬᠠᠲᠠᠭᠤᠷᠠᠭᠤᠯᠬᠤ︔ | 3.ᠨᠡᠶᠢᠲᠡ ᠶᠢᠨ ᠣᠩᠭᠤᠨ ᠳᠤ ᠪᠤᠯᠠᠰᠢᠨ ︵ᠪᠤᠯᠠᠰᠢ︶ ᠪᠠᠶᠢᠭᠤᠯᠬᠤ᠂ ᠬᠤᠳᠠᠯᠳᠤᠬᠤ ︵ᠲᠦᠷᠢᠶᠡᠰᠦᠯᠡᠬᠦ︶ ᠨᠢ | ᠲᠤᠭᠲᠠᠭᠠᠭᠰᠠᠨ ᠲᠠᠯᠠᠪᠠᠶ ᠠᠴᠠ ᠳᠠᠪᠠᠭᠰᠠᠨ ᠪᠤᠯᠠᠰᠢ ︵ᠪᠤᠯᠠᠰᠢᠨ ᠭᠠᠵᠠᠷ︶︔ | 4. ᠣᠷᠣᠰᠢᠭᠤᠯᠭ᠎ᠠ ᠶᠢᠨ ᠬᠦᠷᠢᠶᠡᠨ ᠳᠠᠬᠢ ᠣᠯᠠᠨ ᠲᠦᠮᠡᠨ ᠤ ᠲᠤᠰᠬᠠᠯ ᠴᠢᠩᠭ᠎ᠠ ᠪᠤᠰᠤᠳ ᠠᠰᠠᠭᠤᠳᠠᠯ︔ | 5. ᠲᠤᠬᠠᠶ ᠶᠢᠨ ᠭᠠᠵᠠᠷ ᠤᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠣᠷᠣᠰᠢᠭᠤᠯᠭ᠎ᠠ ᠶᠢᠨ ᠬᠦᠷᠢᠶᠡᠨ ᠳᠤ | ᠣᠷᠣᠰᠢᠵᠤ ᠪᠠᠶᠢᠭ᠎ᠠ ᠪᠤᠰᠤᠳ ᠠᠰᠠᠭᠤᠳᠠᠯ᠃ | ︵ᠭᠤᠷᠪᠠ︶ ᠦᠨᠡᠮᠰᠢᠬᠦ ᠪᠠᠷᠢᠮᠵᠢᠶ᠎ᠠ | ︽ᠣᠷᠣᠨ ᠰᠠᠭᠤᠴᠠ ᠮᠠᠶ᠋ᠢᠭ ᠤᠨ︾ ᠣᠩᠭᠤᠨ ᠤ ᠭᠠᠵᠠᠷ᠄ ᠨᠡᠶᠢᠲᠡ ᠶᠢᠨ ᠣᠩᠭᠤᠨ ᠪᠣᠯᠤᠨ ᠬᠥᠳᠡᠭᠡ | ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠩᠭᠤᠨ ᠤ ᠭᠠᠵᠠᠷ ᠵᠡᠷᠭᠡ ᠣᠷᠣᠰᠢᠭᠤᠯᠭ᠎ᠠ ᠶᠢᠨ | ᠪᠡᠯᠡᠳᠬᠡᠮᠵᠢ ᠠᠴᠠ ᠭᠠᠳᠠᠨ᠎ᠠ᠂ ᠬᠠᠤᠯᠢ ᠲᠣᠭᠲᠠᠭᠠᠯ ᠢ ᠵᠥᠷᠢᠴᠡᠨ ᠥᠪᠡᠷ ᠤᠨ ᠭᠡᠷ ᠤᠨ ᠡᠪᠦᠭᠡ ᠳᠡᠭᠡᠳᠦᠰ ᠪᠤᠶᠤ | ᠴᠢᠨᠳᠠᠷ ᠢ ᠬᠠᠳᠠᠭᠠᠯᠠᠬᠤ ᠳᠤ ᠲᠤᠬᠠᠶᠢᠯᠠᠨ ᠬᠡᠷᠡᠭᠯᠡᠬᠦ ᠣᠷᠣᠨ ᠰᠠᠭᠤᠴᠠ ᠶᠢᠨ ᠳᠦᠷᠰᠦ ᠪᠦᠲᠦᠭᠡᠯᠲᠡ ᠳᠤ ᠬᠡᠷᠡᠭᠯᠡᠬᠦ | ᠪᠠᠷᠢᠯᠭ᠎ᠠ ᠶᠢ ᠳᠤᠷ᠎ᠠ ᠪᠠᠷ ᠢᠶᠠᠨ ᠪᠠᠶᠢᠭᠤᠯᠬᠤ︔ | ᠠᠮᠢᠳᠤ ᠬᠥᠮᠦᠨ ᠤ ᠣᠩᠭᠤᠨ᠄ ᠬᠥᠮᠦᠨ ᠡᠷᠡᠭᠦᠯ ᠲᠡᠩᠬᠡᠯᠡᠭᠦᠨ ᠪᠠᠢᠭᠰᠠᠭᠠᠷ᠂ ᠬᠠᠷᠢᠨ ᠠᠯᠢ ᠡᠷᠲᠡ ᠥᠪᠡᠷ ᠤᠨ | ᠪᠤᠯᠠᠰᠢᠨ ᠤ ᠭᠠᠵᠠᠷ ᠢᠶᠠᠨ ᠪᠡᠯᠡᠳᠬᠡᠭᠰᠡᠨ ᠪᠤᠶᠤ ᠤᠷᠢᠳᠴᠢᠯᠠᠨ ᠬᠤᠳᠠᠯᠳᠤᠨ ᠠᠪᠤᠭᠰᠠᠨ ᠪᠤᠯᠠᠰᠢ ᠶᠢᠨ ᠭᠠᠵᠠᠷ ᠢᠶᠠᠨ | ᠪᠡᠯᠡᠳᠬᠡᠭᠰᠡᠨ᠃ | ᠬᠠᠲᠠᠭᠤᠵᠢᠭᠤᠯᠤᠭᠰᠠᠨ ᠪᠤᠯᠠᠰᠢ᠄ ᠱᠦᠢᠨᠢ᠂ ᠴᠢᠯᠠᠭᠤᠨ ᠮᠠᠲ᠋ᠧᠷᠢᠶᠠᠯ ᠵᠡᠷᠭᠡ ᠶᠢ ᠠᠰᠢᠭᠯᠠᠨ | ᠬᠠᠲᠠᠭᠤᠵᠢᠭᠤᠯᠤᠭᠰᠠᠨ ᠪᠤᠯᠠᠰᠢ︔ | ᠣᠩᠭᠤᠨ᠄ ᠭᠠᠭᠴᠠ ᠬᠥᠮᠦᠨ ᠤ ᠣᠩᠭᠤᠨ ᠨᠢ 4 ᠲᠡᠭᠰᠢ ᠳᠥᠷᠪᠡᠯᠵᠢᠨ ᠮᠧᠲᠷ᠂ ᠬᠤᠶᠠᠷ ᠬᠥᠮᠦᠨ ᠤ | ᠣᠩᠭᠤᠨ ᠨᠢ 6 ᠲᠡᠭᠰᠢ ᠳᠥᠷᠪᠡᠯᠵᠢᠨ ᠮᠧᠲᠷ ᠤᠨ ᠪᠠᠷᠢᠮᠵᠢᠶ᠎ᠠ ᠠᠴᠠ ᠬᠡᠲᠦᠷᠡᠭᠰᠡᠨ ᠨᠢ ᠴᠥᠮ ᠲᠣᠮᠣ ᠤᠩᠭᠤᠠ | ᠪᠣᠯᠤᠨ᠎ᠠ᠃ | ᠳᠦᠷᠪᠡ᠂ ︽ᠲᠥᠰᠦᠯ︾ ᠢ ᠬᠡᠷᠡᠭᠵᠢᠭᠦᠯᠦᠭᠰᠡᠨ ᠶᠠᠪᠤᠴᠠ | 1.ᠲᠤᠰᠬᠠᠶ ᠵᠦᠢᠯ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠎ᠠ᠃ ᠰᠢᠶᠠᠨ ᠤ ᠵᠠᠰᠠᠭ ᠤᠨ ᠣᠷᠳᠣᠨ ᠤ | ᠳᠡᠳ᠋ ᠰᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠬᠤ᠂ ᠵᠠᠰᠠᠭ ᠤᠨ ᠣᠷᠳᠣᠨ ᠤ ᠠᠯᠪᠠᠨ ᠭᠡᠷ ᠤᠨ | ᠡᠷᠬᠢᠯᠡᠭᠴᠢ ᠶᠢᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠬᠤ ᠪᠠ ᠰᠠᠯᠠᠭ᠎ᠠ ᠮᠥᠴᠢᠷ ᠤᠨ ᠰᠢᠭᠤᠳ | ᠬᠠᠷᠢᠭᠤᠴᠠᠯᠭᠠᠲᠠᠨ ᠤ ᠲᠤᠰᠢᠶᠠᠯ ᠢ ᠬᠠᠷᠢᠭᠤᠴᠠᠬᠤ ᠵᠦᠸᠧᠽᠢ ᠰᠢᠶᠠᠨ ᠤ ᠬᠠᠤᠯᠢ ᠲᠤᠭᠲᠠᠭᠠᠯ ᠠᠴᠠ ᠵᠥᠷᠢᠴᠡᠨ | ᠬᠤᠪᠢ ᠪᠠᠷ ᠢᠶᠠᠨ ︽ᠣᠷᠣᠨ ᠰᠠᠭᠤᠴᠠ ᠮᠠᠶ᠋ᠢᠭ︾ ᠤᠨ ᠣᠩᠭᠤᠨ ᠤ ᠭᠠᠵᠠᠷ ᠪᠠᠶᠢᠭᠤᠯᠬᠤ ᠵᠡᠷᠭᠡ ᠭᠡᠨᠡᠳᠲᠡ ᠶᠢᠨ | ᠠᠰᠠᠭᠤᠳᠠᠯ ᠢ ᠲᠤᠰᠬᠠᠶ ᠵᠦᠢᠯ ᠢᠶᠠᠷ ᠣᠶᠢᠯᠭᠠᠨ ᠵᠢᠭᠰᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠪᠣᠯᠤᠨ | ᠲᠤᠰᠬᠠᠶ ᠠᠩᠭᠢ ᠶᠢᠨ ᠠᠵᠢᠯᠲᠠᠨ ᠢ ᠪᠠᠶᠢᠭᠤᠯᠤᠨ᠎ᠠ᠃ | 2.ᠤᠯᠤᠰ ᠬᠡᠷᠡᠭᠵᠢᠭᠦᠯᠬᠦ ᠠᠯᠬᠤᠮ ᠳᠠᠷᠠᠭ᠎ᠠ ᠶᠢ ᠲᠣᠳᠣᠷᠬᠠᠶᠢᠯᠠᠪᠠ᠃ ᠪᠥᠬᠦ ᠰᠢᠶᠠᠨ ᠤ ᠬᠠᠤᠯᠢ | ᠲᠣᠭᠲᠠᠭᠠᠯ ᠠᠴᠠ ᠵᠥᠷᠢᠴᠡᠨ ᠬᠤᠪᠢ ᠪᠠᠷ ᠢᠶᠠᠨ ︽ᠣᠷᠣᠨ ᠰᠠᠭᠤᠴᠠ ᠶᠢᠨ ᠮᠠᠶ᠋ᠢᠭ︾ ᠤᠨ ᠣᠩᠭᠤᠨ ᠤ ᠭᠠᠵᠠᠷ | ᠪᠠᠶᠢᠭᠤᠯᠬᠤ ᠵᠡᠷᠭᠡ ᠳᠣᠪᠤᠶᠢᠮ᠎ᠠ ᠠᠰᠠᠭᠤᠳᠠᠯ ᠤᠨ ᠲᠤᠬᠠᠶ ᠲᠤᠰᠬᠠᠶ ᠵᠦᠢᠯ ᠢᠶᠠᠷ ᠤᠶᠢᠯᠠᠭᠠᠨ ᠵᠢᠭᠰᠠᠭᠠᠬᠤ ᠠᠵᠢᠯ ᠢ | ᠳᠠᠶᠢᠴᠢᠯᠠᠯᠲᠠ ᠪᠠᠶᠢᠷᠢᠯᠠᠭᠤᠯᠤᠯᠲᠠ ᠪᠣᠯᠤᠨ ᠪᠦᠬᠦ ᠲᠠᠯ᠎ᠠ ᠪᠠᠷ ᠣᠶᠢᠯᠭᠠᠨ ᠵᠢᠭᠰᠠᠭᠠᠵᠤ ᠴᠡᠭᠴᠡᠯᠡᠨ ᠵᠠᠰᠠᠬᠤ ᠬᠤᠶᠠᠷ | ᠱᠠᠲᠤ ᠦᠶ᠎ᠡ ᠳᠤ ᠬᠤᠪᠢᠶᠠᠨ᠎ᠠ᠃ 2019 ᠣᠨ ᠤ 5 ᠰᠠᠷ᠎ᠠ ᠶᠢᠨ ᠡᠬᠢ ᠪᠠᠷ ᠳᠠᠶᠢᠴᠢᠯᠠᠯᠲᠠ ᠪᠠᠶᠢᠷᠢᠯᠠᠭᠤᠯᠤᠯᠲᠠ ᠶᠢ | ᠪᠡᠶᠡᠯᠡᠭᠦᠯᠵᠦ᠂ 2019 ᠣᠨ ᠤ 5 ᠳ᠋ᠤᠭᠠᠷ ᠰᠠᠷ᠎ᠠ ᠶᠢᠨ ᠳᠤᠮᠳᠠᠴᠢ ᠪᠠᠷ ᠪᠦᠬᠦ ᠲᠠᠯ᠎ᠠ ᠪᠠᠷ ᠣᠶᠢᠯᠭᠠᠨ ᠵᠢᠭᠰᠠᠭᠠᠵᠤ | ᠴᠡᠭᠴᠡᠯᠡᠨ ᠵᠠᠰᠠᠬᠤ ᠶᠢ ᠪᠡᠶᠡᠯᠡᠭᠦᠯᠵᠦ᠂ 6 ᠳ᠋ᠤᠭᠠᠷ ᠰᠠᠷ᠎ᠠ ᠶᠢᠨ ᠳᠤᠮᠳᠠᠴᠢ ᠪᠠᠷ ᠰᠢᠮᠳᠠᠭᠤᠯᠤᠨ ᠪᠠᠶᠢᠴᠠᠭᠠᠬᠤ | ᠠᠵᠢᠯ ᠢ ᠦᠷᠨᠢᠭᠦᠯᠦᠨ᠎ᠡ᠃ | 3.ᠡᠨᠡᠬᠦ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠵᠦᠸᠧᠽᠢ ᠰᠢᠶᠠᠨ ᠰᠢᠶᠠᠨ ᠤ ᠡᠯ᠎ᠡ ᠲᠥᠷᠥᠯ ᠤᠨ | ᠪᠤᠯᠠᠰᠢᠨ ᠭᠠᠵᠠᠷ ᠢ ᠪᠦᠬᠦ ᠲᠠᠯ᠎ᠠ ᠪᠠᠷ ᠣᠶᠢᠯᠭᠠᠨ ᠵᠢᠭᠰᠠᠭᠠᠵᠤ᠂ ᠪᠤᠯᠠᠰᠢᠨ ᠤ ᠬᠡᠪᠴᠢᠶ᠎ᠡ ᠶᠢ ᠵᠢᠷᠤᠮᠵᠢᠭᠤᠯᠵᠠᠶ᠃ | ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠳᠤ ᠡᠷᠡᠭᠦᠯ ᠰᠠᠶᠢᠨ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ᠃ |