ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠨᠠᠮ ᠤᠨ | ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠢ ᠪᠦᠬᠦ ᠲᠠᠯ᠎ᠠ ᠪᠠᠷ ᠲᠤᠤᠱᠯᠠᠭᠤᠯᠤᠨ | ᠨᠠᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠰᠢᠶᠠᠨ ᠤ ᠪᠦᠬᠦ ᠲᠠᠯ᠎ᠠ ᠶᠢᠨ ᠪᠦᠬᠦ ᠶᠠᠪᠤᠴᠠ ᠶᠢ ᠬᠠᠮᠤᠷᠤᠭᠰᠠᠨ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠳ᠋ ᠤᠨ | ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠣᠯᠤᠨ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠵᠡᠶ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠪᠠᠲᠤ | ᠪᠠᠬᠢ ᠪᠤᠶ ᠪᠣᠯᠭᠠᠨ᠎ᠠ᠃ ᠣᠶᠢᠷ᠎ᠠ ᠶᠢᠨ ᠬᠤᠭᠤᠴᠠᠭᠠᠨ ᠳᠤ᠂ ᠵᠦᠸᠧᠽᠢ ᠰᠢᠶᠠᠨ ᠪᠥᠬᠦ ᠰᠢᠶᠠᠨ ᠤ 2020 ᠣᠨ ᠤ | ᠶᠠᠳᠠᠭᠤ ᠶᠢ ᠲᠡᠳᠬᠦᠬᠦ ᠮᠥᠩᠭᠦ ᠶ᠊ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠣᠯᠤᠨ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ | ᠲᠤᠰ ᠤᠳᠠᠭᠠᠨ ᠤ ᠪᠣᠯᠪᠠᠰᠤᠷᠠᠭᠤᠯᠤᠯ ᠨᠢ ᠵᠠᠩ ᠵᠦᠩ ᠸᠧᠶ ᠪᠠᠭᠰᠢ ᠶᠢ ᠤᠷᠢᠵᠤ ᠲᠤᠰ ᠪᠡᠶ᠎ᠡ ᠶᠢᠨ ᠠᠵᠢᠯ ᠤᠨ | ᠤᠶᠢᠯᠡᠳᠤᠯᠭᠡ ᠲᠠᠢ ᠤᠶᠠᠯᠳᠤᠭᠤᠯᠤᠨ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠬᠤᠶ ᠪᠠᠶᠢᠳᠠᠯ᠂ ᠠᠴᠢ | ᠬᠤᠯᠪᠣᠭᠳᠠᠯ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠢᠴᠢ ᠶᠠᠳᠠᠭᠤ ᠶᠢ ᠲᠡᠳᠬᠦᠬᠦ ᠲᠥᠷᠥᠯ | ᠵᠦᠢᠯ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠬᠦ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠪᠠ ᠰᠢᠰᠲ᠋ᠧᠮ ᠲᠠᠢ ᠪᠣᠯᠪᠠᠰᠤᠷᠠᠭᠤᠯᠤᠯ ᠬᠢᠯᠭᠡᠪᠡ᠃ | | ᠲᠤᠰ ᠤᠳᠠᠭᠠᠨ ᠤ ᠪᠣᠯᠪᠠᠰᠤᠷᠠᠭᠤᠯᠤᠯ ᠤᠨ ᠠᠵᠢᠯᠲᠠᠳ ᠲᠤ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ | ᠬᠤᠪᠢᠳᠠᠨ ᠬᠠᠮᠢᠶᠠᠷᠬᠤ ᠲᠥᠷᠥᠯ ᠵᠦᠢᠯ ᠤᠨ ᠬᠠᠷᠢᠭᠤᠴᠠᠯᠭᠠᠲᠠᠨ᠂ ᠲᠥᠷᠥᠯ ᠵᠦᠢᠯ ᠤᠨ ᠪᠣᠳᠠᠲᠠᠶ ᠬᠠᠷᠢᠭᠤᠴᠠᠯᠭᠠᠲᠠᠨ | ᠂ ᠡᠳ᠋ ᠤᠨ ᠶᠠᠪᠤᠳᠠᠯ ᠤᠨ ᠠᠵᠢᠯᠲᠠᠨ ᠨᠡᠶᠢᠲᠡ 50 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠪᠠ᠃ ᠬᠤᠷᠠᠯ | ᠳᠡᠭᠡᠷ᠎ᠡ᠂ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠲᠤᠰ | ᠤᠳᠠᠭᠠᠨ ᠤ ᠪᠣᠯᠪᠠᠰᠤᠷᠠᠭᠤᠯᠤᠯ ᠤᠨ ᠲᠤᠬᠠᠶ ᠴᠢᠬᠤᠯᠠᠴᠢᠯᠠᠭᠰᠠᠨ ᠪᠥᠭᠡᠳ ᠪᠣᠳᠠᠲᠠᠶ ᠱᠠᠭᠠᠷᠳᠠᠯᠭ᠎ᠠ ᠳᠤᠷᠠᠳᠴᠠᠶ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |