ᠰᠢᠪᠠᠷᠲᠠᠶ ᠪᠠᠯᠭᠠᠰᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠪᠡ
ᠨᠡᠶᠢᠲᠡᠯᠡᠭᠰᠡᠨ ᠴᠠᠭ᠄
2020-07-06
    7 ᠰᠠᠷ᠎ᠠ ᠠᠴᠠ ᠨᠠᠰᠢ᠂ ᠠᠭᠤᠷ ᠠᠮᠢᠰᠬᠤᠯ ᠤᠨ ᠨᠥᠬᠦᠴᠡᠯ ᠤᠨ ᠨᠥᠯᠥᠭᠡ ᠶᠢ ᠬᠦᠷᠲᠡᠵᠦ᠂ ᠪᠦᠬᠦ ᠪᠠᠯᠭᠠᠰᠤᠨ ᠤ ᠬᠤᠷ᠎ᠠ ᠲᠣᠨᠣᠳᠠᠰᠤ ᠶᠢᠨ ᠬᠡᠮᠵᠢᠶ᠎ᠡ ᠢᠯᠡᠳᠲᠡ ᠨᠡᠮᠡᠭᠳᠡᠵᠦ᠂ ᠢᠯᠠᠩᠭᠤᠶ᠎ᠠ ᠣᠬᠤᠷ ᠬᠤᠭᠤᠴᠠᠭᠠᠨ ᠳᠤ ᠰᠢᠷᠦᠭᠦᠨ ᠪᠣᠷᠣᠭᠠᠨ ᠣᠷᠣᠬᠤ ᠨᠢ ᠭᠡᠷ ᠪᠠᠶᠢᠰᠢᠩ ᠨᠤᠷᠠᠵᠤ᠂ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ  ᠵᠡᠷᠭᠡ ᠭᠠᠮᠰᠢᠭ ᠢ ᠡᠭᠦᠰᠭᠡᠨ᠎ᠡ᠃ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠠᠵᠢᠯ ᠢ ᠬᠤᠶᠢᠰᠢᠯᠠᠭᠤᠯᠵᠤ ᠪᠣᠯᠬᠤ ᠦᠭᠡᠢ᠃    ᠡᠭᠦᠨ ᠤ ᠳᠤ ᠲᠤᠯᠠᠳᠠ᠂ ᠰᠢᠪᠠᠷᠲᠠᠶ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠮ ᠤᠨ ᠬᠤᠷᠢᠶᠠᠨ ᠤ ᠬᠤᠷᠠᠯ ᠢ ᠦᠳᠲᠡᠷ ᠲᠦᠷᠭᠡᠨ ᠬᠤᠷᠠᠯᠳᠤᠭᠤᠯᠵᠤ᠂ ᠠᠶᠤᠯ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠪᠠᠶᠢᠷᠢᠯᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃    ᠨᠢᠭᠡ ᠳᠤ ᠲᠣᠰᠬᠤᠨ ᠤ ᠠᠷᠠᠳ ᠢ ᠳᠠᠶᠢᠴᠢᠯᠠᠬᠤ ᠳᠤ ᠡᠷᠬᠡᠪᠰᠢ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ  ᠠᠴᠠ ᠨᠡᠭᠦᠨ ᠭᠠᠷᠭᠠᠵᠤ᠂ ᠪᠦᠬᠦᠨ ᠢ ᠰᠢᠨ᠎ᠡ ᠣᠷᠣᠨ ᠰᠠᠭᠤᠴᠠ ᠳᠤ ᠣᠷᠣᠭᠤᠯᠬᠤ ᠬᠡᠷᠡᠭᠲᠡᠶ᠃ ᠤᠤᠯ ᠤᠨ ᠪᠠᠶᠢᠭᠰᠠᠨ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠳᠤ ᠰᠠᠭᠤᠬᠤ ᠨᠥᠬᠦᠴᠡᠯ ᠢ ᠬᠦᠴᠦᠨ ᠦᠭᠡᠢ ᠪᠤᠯᠭᠠᠨ᠎ᠠ᠃ ᠬᠤᠶᠠᠷ ᠲᠤ ᠬᠠᠷᠢᠶ᠎ᠠ ᠣᠷᠣᠨ ᠤ ᠳᠣᠲᠣᠷᠠᠬᠢ 8 ᠵᠤᠷᠪᠤᠰ ᠭᠤᠤᠯ ᠮᠥᠷᠡᠨ ᠢ ᠪᠦᠬᠦ ᠲᠠᠯ᠎ᠠ ᠪᠠᠷ ᠪᠠᠶᠢᠴᠠᠭᠠᠵᠤ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ᠂ ᠤᠳᠤᠷᠢᠳᠬᠤ ᠪᠠᠭ ᠤᠨ  ᠪᠤᠷᠢᠯᠳᠦᠭᠦᠨ ᠭᠤᠣᠯ ᠮᠥᠷᠡᠨ ᠢ ᠲᠣᠭᠤᠷᠢᠨ ᠴᠠᠭᠳᠠᠬᠤ ᠠᠵᠢᠯ ᠢ ᠥᠷᠨᠢᠭᠦᠯᠵᠦ᠂ ᠦᠶᠡᠷ ᠶᠠᠪᠤᠭᠤᠯᠬᠤ ᠵᠡᠷᠭᠡ ᠠᠮᠤᠷ  ᠳᠦᠪᠰᠢᠨ ᠤ ᠳᠠᠯᠳᠠ ᠭᠡᠮ ᠢ ᠴᠠᠭ ᠲᠤᠬᠠᠢ ᠳᠤᠨᠢ ᠰᠢᠢᠳᠪᠦᠷᠢᠯᠡᠪᠡ᠃ ᠭᠤᠷᠪᠠ ᠳᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠬᠥᠮᠦᠨ᠂ ᠡᠳ᠋ ᠪᠣᠳᠠᠰ᠂ ᠦᠶᠡᠷ ᠰᠡᠷᠭᠡᠶᠢᠯᠡᠬᠦ ᠪᠠᠭᠠᠵᠢ ᠬᠡᠷᠡᠭᠰᠡᠯ ᠵᠡᠷᠭᠡ ᠳᠤ ᠴᠢᠬᠤᠯᠠ ᠪᠦᠬᠦᠢ ᠨᠥᠭᠡᠴᠡᠯᠡᠯ ᠪᠠ ᠲᠦᠷ ᠴᠠᠭ ᠤᠨ ᠵᠥᠪᠳᠡᠯᠴᠡᠬᠡᠷ ᠢᠶᠠᠷ ᠲᠠᠲᠠᠪᠤᠷᠢᠯᠠᠨ ᠬᠡᠷᠡᠭᠯᠡᠵᠦ᠂ ᠬᠦᠨᠳᠦ ᠶᠡᠭᠡ ᠭᠠᠮᠰᠢᠭ ᠭᠠᠷᠤᠭᠰᠠᠭᠠᠷ ᠴᠠᠭ ᠲᠤᠬᠠᠶ ᠳᠤᠨᠢ ᠲᠤᠬᠢᠷᠠᠭᠤᠯᠤᠨ ᠲᠣᠬᠢᠷᠠᠭᠤᠯᠬᠤ ᠶᠢ ᠦᠨᠡᠨᠬᠦ ᠪᠠᠲᠤᠯᠠᠪᠠ᠃ ᠳᠥᠷᠪᠡ ᠳᠤ ᠪᠠᠯᠭᠠᠰᠤ ᠠᠴᠠ 24 ᠴᠠᠭ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠪᠠᠭ ᠤᠨ ᠪᠦᠷᠢᠯᠳᠦᠬᠦᠨ ᠢᠶᠠᠷ ᠡᠭᠡᠯᠵᠢ ᠳᠠᠭᠠᠭᠤᠯᠵᠤ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠠᠪᠤ ᠳᠤ ᠤᠬᠠᠭᠤᠯᠤᠨ ᠰᠡᠷᠡᠮᠵᠢᠯᠡᠭᠦᠯᠬᠦ ᠠᠵᠢᠯ ᠢ ᠢᠳᠡᠪᠬᠢᠲᠡᠢ ᠥᠷᠨᠢᠭᠦᠯᠵᠦ᠂ ᠪᠠᠯᠭᠠᠰᠤ ᠲᠣᠰᠬᠤᠨ ᠤ ᠡᠯ᠎ᠡ ᠲᠥᠷᠥᠯ ᠤᠨ ᠸᠢᠴᠠᠲ ᠤᠨ ᠣᠯᠠᠨ ᠲᠦᠮᠡᠨ ᠤ ᠳᠤᠮᠳᠠ ᠵᠢᠴᠢ ᠴᠠᠭ ᠠᠭᠤᠷ ᠤᠨ ᠴᠢᠬᠤᠯᠠ ᠶᠡᠭᠡ ᠮᠡᠳᠡᠭᠡ ᠵᠠᠩᠭᠢ ᠶᠢ ᠨᠡᠶᠢᠲᠡᠯᠡᠵᠦ᠂ ᠲᠣᠰᠬᠤᠨ ᠤ ᠠᠷᠠᠳ ᠢ ᠡᠷᠲᠡᠬᠡᠨ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠬᠦ ᠬᠡᠷᠡᠭᠲᠡᠶ᠃            ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2