ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ | ᠥᠷᠨᠢᠭᠦᠯᠦᠭᠰᠡᠨ ᠠᠴᠠ ᠨᠠᠰᠢ᠂ ᠵᠦᠸᠧᠽᠢ ᠰᠢᠶᠠᠨ ᠳᠤ ᠨᠡᠶᠢᠲᠡ 351 ᠬᠥᠮᠦᠨ ᠰᠣᠩᠭᠤᠨ ᠰᠢᠯᠵᠢᠭᠦᠯᠵᠦ ᠳᠠᠪᠲᠠᠨ | ᠪᠣᠯᠪᠠᠰᠤᠷᠠᠭᠤᠯᠵᠤ᠂ ᠣᠳᠣᠬᠠᠨ ᠳᠤ 7599 ᠡᠷᠦᠬᠡ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ | ᠬᠦᠴᠢᠷᠳᠡᠯᠲᠡᠶ ᠡᠷᠦᠬᠡ ᠶᠢᠨ ᠬᠢᠨᠠᠨ ᠪᠠᠶᠢᠴᠠᠭᠠᠬᠤ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠠᠵᠢᠯ ᠨᠢᠭᠡᠨᠲᠡ | ᠳᠠᠭᠤᠰᠴᠠᠶ᠃ ᠣᠳᠣ ᠶᠠᠭ ᠬᠢᠨᠠᠨ ᠬᠠᠷᠭᠤᠭᠤᠯᠵᠤ ᠰᠢᠯᠭᠠᠨ ᠠᠪᠬᠤ ᠠᠵᠢᠯ ᠥᠷᠨᠢᠭᠦᠯᠵᠦ ᠪᠠᠶᠢᠨ᠎ᠠ᠂ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠳᠤᠭᠤᠶᠢᠯᠠᠩ ᠲᠣᠮᠢᠯᠠᠭᠰᠠᠨ ᠠᠵᠢᠯᠲᠠᠨ ᠢ ᠴᠤ ᠨᠢᠭᠡᠨᠲᠡ ᠰᠣᠩᠭᠤᠨ ᠲᠣᠮᠢᠯᠠᠵᠤ | ᠪᠣᠳᠠᠲᠠᠶᠢᠵᠢᠭᠤᠯᠤᠭᠰᠠᠨ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ | ᠬᠡᠷ ᠤᠨ ᠮᠡᠳᠡᠭᠡ ᠵᠠᠩᠭᠢ ᠶᠢᠨ ᠲᠥᠪ ᠤᠨ ᠭᠤᠷᠪᠠᠳᠤᠭᠠᠷ ᠬᠤᠭᠤᠴᠠᠭᠠᠨ ᠤ ᠲᠠᠩᠰᠠ ᠡᠪᠬᠡᠮᠡᠯ ᠪᠠᠶᠢᠭᠤᠯᠤᠨ ᠺᠠᠷᠲ | ᠵᠣᠬᠢᠶᠠᠭᠰᠠᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠮᠡᠳᠡᠭᠡᠯᠡᠯ ᠢ ᠦᠨᠳᠦᠰᠦᠯᠡᠪᠡᠯ᠂ ᠮᠠᠨ ᠤ ᠰᠢᠶᠠᠨ ᠳᠤ ᠨᠡᠶᠢᠲᠡ | 435 ᠵᠦᠢᠯ ᠤᠨ ᠬᠡᠪ ᠤᠨ ᠪᠤᠰᠤ ᠲᠤᠭ᠎ᠠ ᠪᠠᠷᠢᠮᠲᠠ ᠶᠢ ᠬᠠᠷᠭᠤᠭᠤᠯᠤᠨ ᠳᠣᠲᠣᠯᠠᠬᠤ ᠶᠢᠨ ᠬᠠᠮᠲᠤ ᠪᠣᠳᠠᠲᠠᠶ | ᠪᠠᠶᠢᠳᠠᠯ ᠢ ᠦᠨᠳᠦᠰᠦᠯᠡᠨ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠨ᠎ᠠ᠃ ᠰᠡᠵᠢᠭ ᠲᠠᠢ ᠲᠤᠭ᠎ᠠ ᠪᠠᠷᠢᠮᠲᠠ ᠳᠤ | ᠴᠢᠭᠯᠡᠭᠦᠯᠦᠨ᠂ ᠮᠠᠨ ᠤ ᠰᠢᠶᠠᠨ ᠨᠢᠭᠡᠨᠲᠡ ᠡᠷᠦᠬᠡ ᠳᠠᠷᠠᠭᠠᠯᠠᠨ ᠬᠥᠮᠦᠨ ᠳᠠᠷᠠᠭᠠᠯᠠᠨ ᠬᠢᠨᠠᠨ ᠬᠠᠷᠭᠤᠭᠤᠯᠵᠤ ᠴᠡᠭᠴᠡᠯᠡᠨ | ᠰᠠᠶᠢᠵᠢᠷᠠᠭᠤᠯᠤᠭᠰᠠᠨ ᠪᠥᠭᠡᠳ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠱᠠᠭᠠᠷᠳᠠᠯᠭ᠎ᠠ ᠶᠣᠰᠣᠭᠠᠷ᠂ | ᠣᠳᠣᠬᠠᠨ ᠳᠤ ᠬᠡᠪ ᠤᠨ ᠪᠤᠰᠤ ᠲᠤᠭ᠎ᠠ ᠪᠠᠷᠢᠮᠲᠠ ᠶᠢ ᠨᠢᠭᠡᠨᠲᠡ ᠪᠦᠬᠦᠨ ᠢ ᠴᠡᠭᠴᠡᠯᠡᠨ ᠵᠠᠰᠠᠵᠤ ᠳᠠᠭᠤᠰᠬᠠᠪᠠ᠃ |