2020 ᠤᠨ᠂ ᠵᠦᠸᠧᠽᠢ ᠰᠢᠶᠠᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠠᠵᠢᠯ ᠣᠯᠭᠤᠬᠤ | ᠤᠶᠢᠯᠡᠰ ᠪᠣᠰᠬᠠᠬᠤ ᠤᠶᠢᠯᠡᠴᠢᠯᠡᠭᠡᠨ ᠤ ᠨᠡᠶᠢᠲᠡ ᠶᠢᠨ ᠨᠣᠮᠧᠷ᠂ ᠭᠦᠢᠴᠡᠳᠬᠡᠬᠦ ᠴᠣᠩᠬᠤ᠂ ᠬᠥᠳᠡᠯᠮᠦᠷᠢ ᠶᠢᠨ | ᠪᠠᠲᠤᠯᠠᠭ᠎ᠠ ᠶᠢᠨ ᠲᠠᠪᠴᠠᠩ᠂ ᠬᠥᠳᠡᠭᠡ ᠲᠤᠰᠬᠤᠨ ᠤ ᠪᠢᠴᠢᠬᠠᠨ ᠯᠠᠪᠠᠷ᠂ ᠴᠠᠭᠠᠰᠤᠨ ᠤᠬᠠᠭᠤᠯᠭ᠎ᠠ ᠶᠢᠨ ᠬᠠᠭᠤᠳᠠᠰᠤ᠂ | ᠳ᠋ᠢᠶᠠᠩᠬᠤᠸᠠ ᠪᠠᠷ ᠬᠠᠷᠢᠭᠤ ᠰᠤᠷᠪᠤᠯᠵᠢᠯᠠᠨ ᠪᠠᠶᠢᠴᠠᠭᠠᠬᠤ᠂ ᠡᠯ᠎ᠡ ᠲᠣᠰᠬᠤᠨ ᠤ ᠤᠬᠠᠭᠤᠯᠭ᠎ᠠ ᠶᠢᠨ ᠪᠤᠯᠤᠩ ᠵᠡᠷᠭᠡ | ᠠᠷᠭ᠎ᠠ ᠵᠠᠮ ᠢ ᠠᠰᠢᠭᠯᠠᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠨᠢᠭᠡ | ᠤᠳᠠᠭ᠎ᠠ ᠶᠢᠨ ᠴᠢᠨᠠᠷᠲᠠᠶ ᠠᠵᠢᠯ ᠡᠷᠢᠬᠦ ᠨᠥᠬᠦᠪᠥᠷᠢ 20 ᠬᠥᠮᠦᠨ ᠳᠤ ᠲᠠᠷᠬᠠᠭᠠᠪᠠ᠃ ᠨᠡᠶᠢᠲᠡ 1.4 ᠲᠦᠮᠡᠨ | ᠲᠥᠭᠦᠷᠢᠭ᠂ 11 ᠬᠥᠮᠦᠨ ᠤ ᠭᠤᠶᠤᠴᠢᠯᠠᠯ ᠤᠨ ᠮᠠᠲ᠋ᠧᠷᠢᠶᠠᠯ ᠢ ᠶᠠᠭ ᠬᠢᠨᠠᠨ ᠬᠠᠷᠭᠤᠭᠤᠯᠵᠤ ᠪᠠᠶᠢᠨ᠎ᠠ᠂ | ᠵᠢᠱᠢᠯᠲᠡ ᠪᠠᠷ ᠳᠠᠷᠠᠭ᠎ᠠ ᠰᠠᠷ᠎ᠠ ᠶᠢᠨ ᠡᠬᠢᠨ ᠳᠤ ᠲᠠᠷᠬᠠᠭᠠᠨ᠎ᠠ︔ ᠲᠣᠭᠲᠠᠪᠤᠷᠢᠲᠠᠶ ᠠᠵᠢᠯ ᠣᠯᠭᠤᠯᠲᠠ ᠶᠢ | ᠪᠡᠶᠡᠯᠡᠭᠦᠯᠬᠦ ᠶᠢᠨ ᠲᠥᠯᠥᠭᠡ᠂ ᠪᠡᠭᠡᠵᠢᠩ ᠥᠪᠥᠷ ᠮᠣᠩᠭᠤᠯ ᠤᠨ ᠪᠡᠯᠡ ᠮᠥᠩᠭᠦ ᠶᠢ ᠠᠰᠢᠭᠯᠠ 19 ᠤᠨ ᠤ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠦᠷᠭᠦᠯᠵᠢᠯᠡᠨ 200 ᠬᠥᠮᠦᠨ ᠳᠤ ᠦᠭᠴᠦ᠂ | ᠴᠠᠯᠢᠩ ᠢ ᠨᠢ ᠬᠠᠭᠠᠰ ᠵᠢᠯ ᠪᠠᠷ ᠥᠭᠴᠦ᠂ ᠨᠡᠶᠢᠲᠡ 36 ᠲᠦᠮᠡᠨ ᠲᠥᠭᠦᠷᠢᠭ ᠬᠡᠷᠡᠭᠯᠡᠪᠡ︔ ᠶᠠᠳᠠᠭᠤ ᠬᠦᠴᠢᠷᠳᠡᠯᠲᠡᠶ | ᠬᠥᠳᠡᠯᠮᠦᠷᠢ ᠬᠦᠴᠦᠨ ᠤ ᠮᠡᠷᠭᠡᠵᠢᠯ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 223 | ᠶᠠᠳᠠᠭᠤ ᠬᠦᠴᠢᠷᠳᠡᠯᠲᠡᠶ ᠡᠷᠦᠬᠡ ᠶᠢ ᠪᠣᠯᠪᠠᠰᠤᠷᠠᠭᠤᠯᠵᠤ᠂ ᠪᠣᠯᠪᠠᠰᠤᠷᠠᠭᠤᠯᠬᠤ ᠲᠤᠰᠬᠠᠶ ᠮᠡᠷᠭᠡᠵᠢᠯ ᠳᠤ ᠭᠡᠷ ᠤᠨ | ᠶᠠᠪᠤᠳᠠᠯ᠂ ᠭᠡᠷ ᠤᠨ ᠵᠢᠭᠦᠷᠲᠡᠨ ᠲᠡᠵᠢᠭᠡᠬᠦ ᠠᠵᠢᠯᠴᠢᠨ᠂ ᠴᠠᠬᠢᠯᠭᠠᠨ ᠤ ᠠᠵᠢᠯᠴᠢᠨ᠂ ᠭᠠᠩᠨᠠᠭᠤᠷᠴᠢᠨ ᠵᠡᠷᠭᠡ ᠪᠣᠶ᠂ | ᠣᠳᠣᠬᠠᠨ ᠳᠤ ᠶᠠᠭ ᠪᠣᠯᠪᠠᠰᠤᠷᠠᠯ ᠬᠢᠵᠦ ᠪᠠᠶᠢᠨ᠎ᠠ᠃ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ | ᠪᠣᠯᠪᠠᠰᠤᠷᠠᠭᠤᠯᠤᠯ ᠤᠨ ᠨᠥᠬᠦᠪᠥᠷᠢ ᠵᠢᠴᠢ ᠪᠣᠯᠪᠠᠰᠤᠷᠠᠭᠤᠯᠤᠯ ᠤᠨ ᠬᠤᠭᠤᠴᠠᠭᠠᠨ ᠳᠠᠬᠢ ᠠᠮᠢᠳᠤᠷᠠᠯ ᠤᠨ | ᠨᠥᠬᠦᠪᠥᠷᠢ ᠶᠢ ᠬᠦᠷᠲᠡᠵᠦ ᠪᠣᠯᠤᠨ᠎ᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |