ᠰᠢᠨ᠎ᠡ ᠳᠢᠳᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠢᠪᠠᠳᠠᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠤ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠵᠢᠴᠢ ᠢᠳᠡᠭᠡᠨ  ᠤᠮᠳᠠᠭᠠᠨ ᠤ ᠨᠢᠭᠡᠴᠢ ᠶᠢᠨ ᠬᠠᠮᠢᠶ᠎ᠠ ᠪᠥᠬᠦᠶ ᠲᠤᠰᠬᠠᠶ ᠴᠡᠭᠴᠡᠯᠡᠨ ᠵᠠᠰᠠᠬᠤ ᠠᠵᠢᠯ ᠢ ᠰᠢᠪᠠᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2020-07-06
    6 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠳᠡᠳ᠋ ᠳᠠᠷᠤᠭ᠎ᠠ ᠶᠠᠩ ᠯᠢᠨ ᠳᠤᠭᠤᠶᠢᠯᠠᠩ ᠤᠨ ᠬᠢᠨ ᠮᠠᠨ ᠤ ᠰᠢᠶᠠᠨ ᠳᠤ ᠬᠦᠷᠴᠦ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠵᠢᠴᠢ ᠢᠳᠡᠭᠡᠨ ᠤᠮᠳᠠᠭᠠᠨ ᠤ ᠨᠢᠭᠡᠴᠡ ᠶᠢᠨ ᠬᠠᠮᠢᠶ᠎ᠠ ᠪᠥᠬᠦᠶ ᠲᠤᠰᠬᠠᠶ ᠴᠡᠭᠴᠡᠯᠡᠨ  ᠵᠠᠰᠠᠬᠤ ᠠᠵᠢᠯ ᠢ ᠰᠢᠮᠳᠠᠭᠤᠯᠤᠨ ᠪᠠᠶᠢᠴᠠᠭᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠷᠧᠨ ᠴᠠᠩ ᠸᠠᠩ ᠵᠢᠴᠢ ᠬᠤᠲᠠ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠰᠢᠪᠠᠳᠠᠨ ᠪᠠᠶᠢᠴᠠᠭᠠᠪᠠ᠃   ᠡᠨᠡ ᠤᠳᠠᠭᠠᠨ ᠤ ᠰᠢᠪᠠᠳᠠᠨ ᠪᠠᠶᠢᠴᠠᠭᠠᠯᠲᠠ ᠳᠤ ᠲᠤᠬᠠᠶ ᠶᠢᠨ ᠭᠠᠵᠠᠷ ᠲᠤᠨᠢ ᠰᠢᠪᠠᠳᠠᠨ ᠪᠠᠶᠢᠴᠠᠭᠠᠬᠤ ᠪᠠᠷ ᠭᠤᠤᠯ  ᠪᠤᠯᠭᠠᠵᠤ᠂ ᠬᠠᠨᠳᠤᠯᠭᠠᠲᠤ ᠪᠠ ᠲᠣᠬᠢᠶᠠᠯᠳᠤᠯ ᠢᠶᠠᠷ ᠰᠢᠪᠠᠳᠠᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ  ᠢᠶᠠᠷ ᠮᠠᠨ ᠤ ᠰᠢᠶᠠᠨ ᠤ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠨᠢᠭᠡᠴᠢ ᠪᠠ ᠢᠳᠡᠭᠡᠨ ᠤ  ᠭᠦᠢᠯᠭᠡᠭᠡᠨ ᠤ ᠨᠢᠭᠡᠴᠢ ᠳᠤ ᠰᠢᠪᠠᠳᠠᠨ ᠪᠠᠶᠢᠴᠠᠭᠠᠯᠲᠠ ᠬᠢᠪᠠ᠃    ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠯᠢ ᠵᠧᠨ ᠤ ᠰᠢᠷᠠᠭᠰᠠᠨ ᠲᠠᠬᠢᠶᠠᠨ ᠤ ᠺᠣᠮᠫᠠᠨᠢ᠂ ᠰᠢᠩ ᠰᠢᠨ ᠮᠢᠬᠠᠨ ᠢᠳᠡᠭᠡᠨ ᠤᠰᠤᠨ ᠭᠠᠷᠤᠯᠲᠠ ᠡᠵᠡᠩᠨᠡᠨ ᠪᠣᠷᠣᠯᠠᠭᠤᠯᠬᠤ ᠭᠠᠵᠠᠷ᠂ ᠱᠢ ᠯᠢᠶᠠᠨ ᠬᠤᠸᠠ ᠬᠡᠲᠦ ᠳᠡᠯᠭᠡᠭᠦᠷ᠂ ᠬᠤᠤ ᠰᠢᠶᠠᠩ ᠪᠠᠭᠤᠳᠠᠯ᠂ ᠶᠢᠨ ᠮᠠᠶ ᠯᠧᠦ ᠪᠠᠭᠤᠳᠠᠯ ᠵᠡᠷᠭᠡ ᠭᠠᠵᠠᠷ ᠲᠤ ᠬᠦᠷᠴᠦ᠂ ᠲᠦᠭᠦᠬᠡᠶ ᠰᠢᠨ᠎ᠡ ᠰᠣᠷᠭᠤᠭ᠂ ᠬᠥᠯᠳᠡᠭᠡᠭᠰᠡᠨ ᠮᠢᠬᠠᠨ ᠢᠳᠡᠭᠡᠨ ᠵᠢᠴᠢ ᠤᠰᠤᠨ ᠭᠠᠷᠤᠯᠲᠠ ᠶᠢ ᠡᠵᠡᠩᠨᠡᠬᠦ ᠢᠳᠡᠭᠡᠨ ᠤ ᠠᠷᠠᠯᠵᠢᠶᠠᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ ᠵᠢᠴᠢ ᠮᠢᠬᠠᠨ ᠤ ᠲᠥᠷᠥᠯ ᠪᠣᠯᠤᠨ ᠤᠰᠤᠨ ᠭᠠᠷᠤᠯᠲᠠ  ᠶᠢᠨ ᠬᠡᠷᠡᠭᠯᠡᠭᠡᠨ ᠤ ᠬᠡᠮᠵᠢᠶ᠎ᠡ ᠪᠠᠷ ᠶᠡᠭᠡ ᠢᠳᠡᠭᠡᠨ ᠤᠮᠳᠠᠭᠠᠨ ᠤ  ᠤᠶᠢᠯᠡᠴᠢᠯᠡᠭᠡᠨ ᠤ ᠨᠢᠭᠡᠴᠡ ᠪᠠᠷ ᠭᠤᠤᠯᠳᠠᠯᠭ᠎ᠠ ᠪᠣᠯᠭᠠᠨ᠂ ᠲᠦᠭᠦᠬᠡᠶ ᠰᠣᠷᠭᠤᠭ᠂ ᠬᠥᠯᠳᠡᠭᠡᠭᠰᠡᠨ ᠮᠢᠬᠠᠨ ᠤ ᠵᠦᠢᠯ ᠵᠢᠴᠢ ᠲᠡᠭᠦᠨ ᠤ ᠪᠦᠲᠦᠭᠡᠭᠳᠡᠬᠦᠨ᠂ ᠤᠰᠤᠨ ᠭᠠᠷᠤᠯᠲᠠ ᠵᠡᠷᠭᠡ ᠪᠠᠷ ᠭᠤᠣᠯᠳᠠᠯᠭ᠎ᠠ ᠪᠣᠯᠭᠠᠭᠰᠠᠨ ᠲᠥᠷᠥᠯ ᠵᠦᠢᠯ ᠪᠣᠯᠭᠠᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃    ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠱᠠᠭᠠᠷᠳᠠᠭᠰᠠᠨ ᠨᠢ᠂ ᠢᠳᠡᠭᠡᠨ ᠪᠣᠷᠣᠯᠠᠭᠤᠯᠬᠤ ᠡᠵᠡᠩᠨᠡᠭᠴᠢ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠪᠠᠷᠠᠭ᠎ᠠ ᠣᠷᠣᠭᠤᠯᠬᠤ ᠪᠠᠶᠢᠴᠠᠭᠠᠨ ᠰᠢᠯᠭᠠᠯᠲᠠ ᠵᠢᠴᠢ ᠲᠡᠮᠳᠡᠭᠯᠡᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠢᠳᠡᠭᠡᠨ ᠬᠤᠳᠠᠯᠳᠤᠨ ᠠᠪᠬᠤ ᠳᠤ ᠬᠠᠤᠯᠢ ᠶᠣᠰᠣᠭᠠᠷ ᠬᠠᠮᠢᠶ᠎ᠠ ᠪᠦᠬᠦᠢ ᠭᠡᠷᠡᠴᠢ  ᠪᠠᠷᠢᠮᠲᠠ ᠠᠪᠬᠤ᠂ ᠢᠷᠡᠯᠲᠡ ᠨᠢ ᠲᠣᠳᠣᠷᠬᠠᠶ ᠦᠭᠡᠢ᠂ ᠬᠤᠭᠤᠴᠠᠭ᠎ᠠ ᠨᠢ ᠥᠩᠭᠡᠷᠡᠭᠰᠡᠨ ᠵᠡᠷᠭᠡ ᠢᠳᠡᠭᠡᠨ ᠤ ᠠᠮᠤᠷ ᠲᠦᠪᠰᠢᠨ ᠤ  ᠪᠠᠷᠢᠮᠵᠢᠶ᠎ᠠ ᠳᠤ ᠨᠡᠶᠢᠴᠡᠬᠦ ᠦᠭᠡᠢ ᠢᠳᠡᠭᠡᠨ ᠢ ᠬᠤᠳᠠᠯᠳᠤᠨ ᠠᠪᠬᠤ᠂ ᠬᠠᠳᠠᠭᠠᠯᠠᠬᠤ᠂ ᠪᠣᠷᠣᠯᠠᠭᠤᠯᠬᠤ ᠦᠭᠡᠢ᠂ ᠢᠯᠠᠩᠭᠤᠶ᠎ᠠ ᠭᠠᠳᠠᠭᠠᠳᠤ ᠠᠴᠠ ᠣᠷᠣᠭᠤᠯᠬᠤ ᠦᠢᠯᠡᠳᠬᠦᠨ ᠨᠢ ᠬᠢᠯᠢ ᠪᠠᠷ ᠣᠷᠣᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠥᠴᠢᠷ ᠤᠨ ᠭᠠᠷᠭᠠᠭᠰᠠᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠶᠢ ᠭᠡᠷᠡᠴᠢᠯᠡᠬᠦ ᠪᠢᠴᠢᠭ ᠮᠠᠲ᠋ᠧᠷᠢᠶᠠᠯ ᠢ ᠠᠪᠴᠤ᠂ ᠡᠵᠡᠩᠨᠡᠭᠴᠢᠳ ᠤᠨ ᠬᠠᠮᠢᠶᠠᠷᠤᠯᠲᠠ ᠶᠢ ᠳᠣᠪᠤᠶᠢᠯᠭᠠᠵᠤ ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠲᠠᠯᠠᠪᠠᠢ ᠳᠤ ᠣᠷᠣᠵᠤ ᠪᠣᠷᠣᠯᠠᠭᠤᠯᠬᠤ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠡᠷᠬᠢᠯᠡᠭᠰᠡᠳ ᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠤ᠂ ᠬᠠᠤᠯᠢ ᠶᠣᠰᠣᠭᠠᠷ ᠲᠠᠯᠠᠪᠠᠢ ᠳᠤ ᠣᠷᠣᠵᠤ ᠢᠳᠡᠭᠡᠨ ᠡᠵᠡᠩᠨᠡᠭᠴᠢ ᠶᠢ ᠬᠠᠮᠢᠶᠠᠷᠬᠤ ᠡᠭᠦᠷᠭᠡ ᠪᠠᠨ ᠭᠦᠢᠴᠡᠳᠬᠡᠵᠦ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠭᠰᠡᠨ ᠭᠠᠵᠠᠷ ᠤᠨ ᠭᠡᠷᠡᠴᠢ ᠪᠤᠶᠤ ᠪᠠᠷᠠᠭ᠎ᠠ  ᠬᠤᠳᠠᠯᠳᠤᠨ ᠠᠪᠤᠭᠰᠠᠨ ᠭᠡᠷᠡᠴᠢ ᠪᠢᠴᠢᠭ᠂ ᠬᠢᠷᠢ ᠲᠡᠩᠴᠡᠭᠰᠡᠨ ᠭᠡᠷᠡᠴᠢ ᠪᠢᠴᠢᠭ ᠮᠠᠲ᠋ᠧᠷᠢᠶᠠᠯ ᠢ ᠪᠠᠶᠢᠴᠠᠭᠠᠨ ᠰᠢᠯᠢᠬᠦ ᠪᠥᠭᠡᠳ ᠦᠯᠡᠳᠡᠭᠡᠨ ᠬᠠᠳᠠᠭᠠᠯᠠᠵᠤ᠂ ᠪᠠᠰᠠ ᠲᠠᠯᠠᠪᠠᠢ ᠳᠤ ᠤᠷᠤᠭᠰᠠᠨ ᠮᠢᠬᠠᠨ ᠤ ᠲᠥᠷᠥᠯ ᠤᠨ ᠦᠢᠯᠡᠳᠬᠦᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠲᠡᠮᠳᠡᠭ ᠤᠨ ᠠᠭᠤᠯᠭ᠎ᠠ ᠪᠣᠯᠤᠨ ᠪᠣᠳᠠᠲᠠᠶ ᠲᠤᠭ᠎ᠠ ᠬᠡᠮᠵᠢᠶ᠎ᠡ᠂ ᠢᠷᠡᠯᠲᠡ ᠵᠡᠷᠭᠡ ᠪᠠᠶᠢᠳᠠᠯ ᠢ ᠬᠠᠷᠭᠤᠭᠤᠯᠵᠤ᠂ ᠬᠠᠮᠢᠶ᠎ᠠ ᠪᠦᠬᠦᠢ ᠫᠢᠶᠣᠣ ᠪᠠᠷᠢᠮᠲᠠ ᠬᠠᠩᠭᠠᠵᠤ ᠳᠠᠢᠯᠠᠬᠤ ᠦᠭᠡᠢ ᠪᠣᠯ ᠴᠥᠮ ᠲᠠᠯᠠᠪᠠᠢ ᠳᠤ ᠣᠷᠣᠵᠤ ᠪᠣᠷᠣᠯᠠᠭᠤᠯᠵᠤ ᠪᠣᠯᠬᠤ ᠦᠭᠡᠢ᠃ ᠡᠭᠦᠨ ᠤ ᠬᠠᠮᠲᠤ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠵᠠᠬ᠎ᠠ ᠳᠡᠯᠭᠡᠭᠦᠷ ᠤᠨ ᠡᠷᠬᠢᠯᠡᠭᠴᠢ᠂ ᠪᠣᠷᠣᠯᠠᠭᠤᠯᠤᠭᠴᠢ ᠪᠣᠯᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠲᠤᠬᠠᠢ ᠶᠢᠨ ᠲᠠᠯᠠᠪᠠᠢ ᠳᠤ ᠠᠮᠢᠳᠤ ᠵᠢᠭᠦᠷᠲᠡᠨ ᠢ ᠠᠯᠠᠵᠤ ᠨᠢᠲᠤᠯᠬᠤ ᠪᠠ ᠪᠣᠷᠣᠯᠠᠭᠤᠯᠬᠤ ᠶᠢ ᠴᠢᠩᠭ᠎ᠠ ᠴᠠᠭᠠᠵᠠᠯᠠᠬᠤ ᠪᠠ ᠲᠠᠯᠠᠪᠤᠷ ᠲᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠦᠲᠦᠮᠵᠢᠲᠡᠢ ᠴᠡᠭᠴᠡᠯᠡᠨ ᠵᠠᠰᠠᠬᠤ ᠡᠰᠡᠬᠦ᠂ ᠲᠠᠯᠠᠪᠤᠷ ᠲᠠᠬᠢ ᠲᠥᠬᠦᠭᠡᠷᠦᠮᠵᠢ ᠨᠢ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠬᠦ ᠡᠰᠡᠬᠦ ᠶᠢ  ᠨᠠᠶᠢᠳᠠᠪᠦᠷᠢᠵᠢᠭᠤᠯᠵᠤ ᠪᠠᠶᠢᠨ᠎ᠠ᠃ ᠲᠠᠯᠠᠪᠤᠷ ᠳᠣᠲᠣᠷᠠᠬᠢ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠨᠢ  ᠲᠡᠭᠦᠯᠳᠡᠷᠵᠢᠭᠰᠡᠨ ᠡᠰᠡᠬᠦ᠂ ᠲᠠᠯᠠᠪᠤᠷ ᠳᠣᠲᠣᠷᠠᠬᠢ ᠡᠵᠡᠩᠨᠡᠯᠲᠡ ᠶᠢᠨ ᠠᠵᠢᠯᠯᠠᠭ᠎ᠠ ᠨᠢ ᠵᠢᠷᠤᠮᠵᠢᠯ ᠲᠠᠢ  ᠪᠠᠶᠢᠬᠤ ᠡᠰᠡᠬᠦ ᠵᠡᠷᠭᠡ ᠪᠠᠶᠢᠳᠠᠯ ᠢ ᠰᠢᠮᠳᠠᠭᠤᠯᠤᠨ ᠪᠠᠶᠢᠴᠠᠭᠠᠪᠠ᠃    ᠳᠠᠷᠠᠭ᠎ᠠ ᠠᠯᠬᠤᠮ ᠳᠤ᠂ ᠮᠠᠨ ᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠠᠮ ᠨᠢᠭᠡ ᠠᠯᠬᠤᠮ ᠲᠠᠨᠢᠯᠲᠠ ᠪᠠᠨ ᠳᠡᠭᠡᠭᠰᠢᠯᠡᠭᠦᠯᠵᠦ᠂ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠳᠤ  ᠢᠳᠡᠪᠬᠢᠲᠠᠢ ᠵᠣᠬᠢᠴᠠᠵᠤ᠂ ᠢᠳᠡᠭᠡᠨ ᠤ ᠠᠮᠤᠷ ᠲᠦᠪᠰᠢᠨ ᠤ ᠡᠯ᠎ᠡ  ᠵᠦᠢᠯ ᠤᠨ ᠠᠵᠢᠯ ᠤᠨ ᠳᠦᠷᠢᠮ  ᠢ ᠬᠢᠨᠠᠮᠠᠭᠠᠶ  ᠨᠠᠶᠢᠳᠠᠪᠦᠷᠢᠵᠢᠭᠤᠯᠵᠤ᠂ ᠬᠠᠤᠯᠢ ᠬᠡᠷᠡᠭᠵᠢᠭᠦᠯᠵᠦ  ᠪᠠᠶᠢᠭ᠎ᠠ ᠪᠠᠢᠳᠠᠯ ᠳᠤ ᠪᠠᠶᠢᠴᠠᠭᠠᠯᠲᠠ ᠬᠢᠬᠦ ᠡᠷᠴᠢᠮ ᠢᠶᠠᠨ ᠴᠢᠩᠭᠠᠷᠠᠭᠤᠯᠵᠤ᠂ ᠬᠢᠵᠢᠭ  ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠢᠳᠡᠭᠡᠨ ᠤ ᠠᠮᠤᠷ ᠲᠦᠪᠰᠢᠨ ᠤ ︽ᠬᠤᠤᠰ ᠬᠤᠷᠢᠭ᠎ᠠ ᠱᠤᠭᠤᠮ︾ ᠢ ᠴᠢᠩᠭ᠎ᠠ ᠰᠠᠬᠢᠨ ᠬᠠᠮᠠᠭᠠᠯᠠᠨ᠎ᠠ᠃            ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2