ᠵᠦᠸᠧᠽᠢ ᠰᠢᠶᠠᠨ ᠭᠤᠷᠪᠠᠳᠤᠭᠠᠷ ᠤᠯᠠᠷᠢᠯ ᠤᠨ ᠠᠶᠤᠯᠭᠦᠢ ᠤᠶᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2020-07-06
    7 ᠳ᠋ᠤᠭᠠᠷ ᠰᠠᠷ᠎ᠠ ᠶᠢᠨ 2 ᠤᠨ ᠡᠳᠦᠷ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠤᠶᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠤᠨ ᠡᠯ᠎ᠡ ᠵᠦᠢᠯ ᠤᠨ ᠡᠭᠦᠷᠭᠡ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠦᠸᠧᠽᠢ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠠᠬᠢᠭᠤᠯᠤᠨ᠎ᠠ᠃ 7 ᠰᠠᠷ᠎ᠠ ᠶᠢᠨ 3 ᠤ ᠡᠳᠦᠷ᠂ ᠵᠦᠸᠧᠽᠢ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠭᠤᠷᠪᠠᠳᠤᠭᠠᠷ  ᠤᠯᠠᠷᠢᠯ ᠤᠨ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ ᠨᠥᠬᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠸᠠᠩ ᠢᠦᠶ ᠸᠧᠶ ᠨᠥᠬᠦᠷ᠂ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ  ᠸᠠᠨ ᠺᠦᠶ ᠨᠥᠬᠦᠷ᠂ ᠸᠠᠩ ᠸᠧᠶ ᠨᠥᠬᠦᠷ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠳᠡᠭᠡᠷ᠎ᠡ ᠬᠠᠭᠠᠰ ᠵᠢᠯ ᠤᠨ ᠪᠥᠬᠦ ᠰᠢᠶᠠᠨ ᠤ ᠠᠶᠤᠯᠭᠦᠢ ᠤᠶᠢᠯᠡᠳᠪᠦᠷᠢᠯᠡᠯ ᠤᠨ ᠠᠵᠢᠯ ᠤᠨ  ᠪᠠᠶᠢᠳᠠᠯ ᠢ ᠵᠠᠷᠯᠠᠨ ᠮᠡᠳᠡᠭᠳᠡᠵᠦ᠂ ᠳᠣᠤᠷ᠎ᠠ ᠬᠠᠭᠠᠰ ᠵᠢᠯ ᠤᠨ ᠠᠶᠤᠯᠭᠦᠢ ᠤᠶᠢᠯᠡᠳᠪᠦᠷᠢᠯᠡᠯ ᠤᠨ ᠠᠵᠢᠯ ᠤᠨ ᠶᠡᠷᠦᠩᠬᠡᠢ ᠰᠡᠳᠬᠢᠮᠵᠢ ᠶᠢ ᠨᠠᠷᠢᠨ ᠨᠢᠮᠪᠠᠶ ᠪᠠᠶᠢᠷᠢᠯᠠᠭᠤᠯᠪᠠ᠃ ᠣᠶᠢᠷ᠎ᠠ ᠶᠢᠨ ᠬᠤᠭᠤᠴᠠᠭᠠᠨ ᠤ ᠪᠣᠷᠣᠭᠠᠨ ᠤ ᠪᠠᠶᠢᠳᠠᠯ ᠳᠤ ᠴᠢᠭᠯᠡᠭᠦᠯᠦᠨ ᠬᠤᠷᠠᠯ ᠠᠴᠠ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠨᠠᠷᠢᠨ ᠪᠠᠶᠢᠷᠢᠯᠠᠭᠤᠯᠵᠠᠶ᠃ ᠣᠶᠢᠷ᠎ᠠ ᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠣᠶᠢᠷᠠᠲᠤᠵᠤ᠂ ᠬᠤᠷᠠᠯ ᠠᠴᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ ᠤ ᠠᠵᠢᠯ ᠳᠤ  ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠯᠢ ᠶᠢᠩ ᠨᠥᠬᠦᠷ ᠴᠢᠬᠤᠯᠠᠴᠢᠯᠠᠬᠤ ᠳᠠᠭᠠᠨ᠂ ᠡᠯ᠎ᠡ ᠰᠠᠯᠠᠭ᠎ᠠ ᠮᠥᠴᠢᠷ ᠠᠶᠤᠯᠭᠦᠢ ᠤᠶᠢᠯᠡᠳᠪᠦᠷᠢᠯᠡᠯ ᠤᠨ ᠦᠵᠡᠯ ᠰᠠᠨᠠᠭ᠎ᠠ ᠶᠢ ᠴᠠᠭ ᠢᠮᠠᠭᠲᠠ ᠴᠢᠩᠭᠠᠯᠠᠵᠤ᠂ ᠶᠡᠷᠦᠩᠬᠡᠶ ᠱᠦᠵᠢ ᠶᠢᠨ ᠠᠶᠤᠯᠭᠦᠢ ᠤᠶᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢ ᠪᠠᠲᠤ ᠴᠡᠭᠡᠯᠡᠵᠦ  ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠠᠮᠢ ᠨᠠᠰᠤ ᠶᠢ ᠳᠡᠭᠡᠳᠦᠯᠡᠬᠦ
︾ ᠣᠶᠢᠯᠠᠭᠠᠭᠳᠠᠬᠤᠨ ᠢ  ᠤᠶᠢᠯᠡᠳᠤᠯᠭᠡᠵᠢᠭᠦᠯᠵᠦ᠂ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠨ᠎ᠠ᠃
   ᠯᠢ ᠶᠢᠩ ᠨᠥᠬᠦᠷ ᠠᠴᠠ ᠣᠶᠢᠷ᠎ᠠ ᠶᠢᠨ ᠬᠤᠭᠤᠴᠠᠭᠠᠨ ᠤ ᠲᠦᠢᠯ ᠤᠨ ᠴᠠᠭ ᠠᠭᠤᠷ ᠨᠡᠯᠢᠶᠡᠳ ᠣᠯᠠᠨ ᠪᠠᠶᠢᠳᠠᠯ ᠳᠤ ᠴᠢᠭᠯᠡᠭᠦᠯᠵᠦ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠦᠷᠢᠵᠢᠭᠤᠯᠬᠤ᠂ ᠭᠤᠤᠯᠳᠠᠯᠭ᠎ᠠ ᠲᠠᠢ ᠳᠠᠯᠳᠠ ᠭᠡᠮ ᠢ ᠬᠠᠮᠲᠤᠷᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠳᠠᠯᠳᠠ ᠭᠡᠮ ᠢ ᠲᠦᠢᠯᠪᠤᠷᠢᠲᠠᠶ ᠠᠷᠢᠯᠭᠠᠨ᠎ᠠ᠃ ᠡᠯ᠎ᠡ ᠠᠵᠤ ᠠᠬᠤᠶᠢᠯᠠᠯ ︽ᠳᠠᠯᠳᠠ ᠭᠡᠮ ᠪᠣᠯ ᠳᠠᠷᠤᠶ ᠠᠳᠡᠯ︾ ᠭᠡᠬᠦ ᠦᠵᠡᠯ ᠤᠬᠠᠮᠰᠠᠷ ᠢ ᠪᠤᠢ ᠪᠣᠯᠭᠠᠵᠤ᠂ ᠳᠠᠯᠳᠠ ᠭᠡᠮ ᠢ ᠴᠥᠮ ᠡᠷᠡᠰ ᠪᠠᠶᠢᠴᠠᠭᠠᠨ ᠲᠣᠳᠣᠯᠠᠵᠤ᠂ ᠠᠷᠢᠯᠭᠠᠬᠤ ᠬᠡᠷᠡᠭᠲᠡᠶ  ᠭᠡᠮᠡᠨ ᠱᠠᠭᠠᠷᠳᠠᠪᠠ᠃            ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2