ᠯᠢ ᠶᠢᠩ ᠰᠢᠶᠠᠨ ᠤ ᠳᠠᠷᠤᠭ᠎ᠠ ᠠᠩᠭᠢ ᠳᠠᠭᠠᠭᠤᠯᠤᠨ ᠭᠤᠤᠯ ᠤᠨ ᠳᠠᠷᠤᠭ᠎ᠠ ᠶᠢᠨ ᠳᠦᠷᠢᠮᠲᠦ ᠭᠤᠤᠯ ᠴᠠᠭᠳᠠᠬᠤ ᠠᠵᠢᠯ ᠢ ᠥᠷᠨᠢᠭᠦᠯᠬᠦ ᠶᠢᠨ ᠬᠠᠮᠲᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020-07-06
    ᠪᠦᠬᠦ ᠰᠢᠶᠠᠨ ᠤ ᠬᠢᠯᠢ ᠳᠣᠲᠣᠷᠠᠬᠢ ᠭᠤᠣᠯ ᠤᠨ ᠵᠠᠮ  ᠢ ᠬᠠᠮᠠᠭᠠᠯᠠᠬᠤ ᠪᠠ ᠶᠡᠷᠦᠩᠬᠡᠶᠢᠯᠡᠨ ᠵᠠᠰᠠᠬᠤ ᠠᠵᠢᠯ ᠢ  ᠦᠨᠡᠨᠬᠦ ᠴᠢᠩᠭᠠᠳᠬᠠᠬᠤ ᠶᠢᠨ ᠲᠥᠯᠥᠭᠡ᠂ ᠤᠰᠤᠨ ᠤ ᠠᠮᠢ ᠠᠬᠤᠶ ᠶᠢ ᠦᠷᠭᠦᠯᠵᠢᠯᠡᠨ ᠰᠢᠯᠢᠳᠡᠭᠵᠢᠭᠦᠯᠵᠦ᠂ ᠤᠰᠤᠨ ᠤ ᠣᠷᠴᠢᠨ ᠲᠣᠭᠤᠷᠢᠨ  ᠢ ᠰᠠᠶᠢᠵᠢᠷᠠᠭᠤᠯᠤᠨ᠂ 6 ᠰᠠᠷ᠎ᠠ ᠶᠢᠨ 30 ᠤ ᠦᠳᠡ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠶᠢᠩ ᠠᠩᠭᠢ ᠳᠠᠭᠠᠭᠤᠯᠤᠨ ᠯᠢ ᠬᠤᠸᠠ ᠪᠠᠯᠭᠠᠰᠤᠨ ᠤ ᠵᠢᠩ ᠭᠧᠦ ᠽᠢ ᠲᠣᠰᠬᠤᠨ᠂ ᠬᠤᠭᠤᠯᠠᠶ ᠲᠣᠰᠬᠤᠨ᠂ ᠶᠡᠭᠡ ᠲᠦᠷᠭᠡᠨ ᠭᠤᠤᠯ ᠤᠨ ᠲᠤ ᠴᠧᠩ ᠽᠢ ᠬᠡᠰᠡᠭ᠂ ᠭᠤᠸᠠᠶ ᠵᠢᠶᠤᠤ ᠫᠦ ᠾᠧ᠂ ᠯᠦᠩ ᠱᠧᠩ ᠤᠰᠤᠨ ᠴᠥᠭᠦᠷᠥᠮ ᠢᠶᠠᠷ ᠭᠦᠨᠵᠡᠭᠡᠶᠢᠷᠡᠵᠦ᠂ ᠭᠤᠣᠯ ᠤᠨ ᠵᠠᠮ ᠤᠨ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠲᠤᠬᠠᠶ ᠶᠢᠨ ᠭᠠᠵᠠᠷ ᠲᠤᠨᠢ ᠲᠣᠭᠤᠷᠢᠨ ᠪᠠᠶᠢᠴᠠᠭᠠᠵᠤ᠂ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠡᠯᠡᠰᠦ ᠶᠢᠨ ᠲᠠᠯᠠᠪᠠᠶ ᠶᠢ ᠴᠡᠭᠴᠡᠯᠡᠨ ᠵᠠᠰᠠᠬᠤ ᠶᠢ ᠰᠢᠮᠳᠠᠭᠤᠯᠤᠨ ᠵᠢᠯᠣᠭᠤᠳᠴᠤ᠂ ᠦᠶᠡᠷ ᠤᠨ ᠬᠤᠭᠤᠴᠠᠭᠠᠨ ᠤ ᠦᠶᠡᠷ ᠢ ᠰᠡᠷᠭᠡᠶᠢᠯᠡᠬᠦ ᠠᠵᠢᠯ ᠢ  ᠪᠠᠶᠢᠴᠠᠭᠠᠪᠠ᠃
   ᠲᠣᠭᠤᠷᠢᠨ ᠪᠠᠶᠢᠴᠠᠭᠠᠬᠤ ᠳᠤᠮᠳᠠ᠂ ᠯᠢ ᠶᠢᠩ ᠨᠡᠷ ᠭᠤᠤᠯ ᠤᠨ ᠵᠠᠮ  ᠢ ᠬᠠᠮᠢᠶᠠᠷᠴᠤ  ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠰᠢᠶᠠᠩ ᠪᠠᠯᠭᠠᠰᠤ ᠪᠠ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠦ᠂ ᠵᠢᠩ ᠭᠸᠦ ᠽᠢ ᠲᠣᠰᠬᠤᠨ᠂ ᠬᠤᠭᠤᠯᠠᠶ ᠲᠣᠰᠬᠤᠨ ᠤ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠡᠯᠡᠰᠦ ᠶᠢᠨ ᠲᠠᠯᠠᠪᠠᠶ ᠶᠢ ᠴᠡᠭᠴᠡᠯᠡᠨ ᠵᠠᠰᠠᠬᠤ ᠠᠵᠢᠯ ᠢ ᠭᠤᠤᠯᠳᠠᠯᠭ᠎ᠠ ᠲᠠᠢ ᠬᠢᠨᠠᠨ ᠵᠢᠯᠣᠭᠤᠳᠪᠠ᠃ ᠯᠦᠩ ᠱᠧᠩ ᠤᠰᠤᠨ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ  ᠰᠤᠳᠤᠯᠪᠠ᠃
   ᠶᠡᠭᠡ ᠲᠦᠷᠭᠡᠨ ᠭᠤᠣᠯ ᠨᠢ ᠬᠠᠲᠤᠨ ᠭᠤᠣᠯ ᠤᠨ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠳᠤ ᠬᠠᠷᠢᠶᠠᠯᠠᠭᠳᠠᠨ᠎ᠠ᠃ ᠵᠦᠸᠧᠽᠢ ᠰᠢᠶᠠᠨ ᠤ ᠪᠦᠬᠦ ᠣᠷᠳᠣ ᠨᠢ 87 ᠺᠢᠯᠣᠮᠧᠲᠷ᠂ ᠰᠠᠪᠠ ᠭᠠᠵᠠᠷ ᠤᠨ ᠲᠠᠯᠠᠪᠠᠶ ᠨᠢ 2531.7 ᠲᠡᠭᠰᠢ  ᠳᠦᠷᠪᠡᠯᠵᠢᠨ ᠺᠢᠯᠣᠮᠧᠲᠷ ᠪᠣᠯᠤᠨ᠎ᠠ᠃ ᠯᠢ ᠶᠢᠩ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠭᠤᠤᠯ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠤᠨ᠎ᠠ  ᠃ ᠭᠤᠣᠯ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠭᠤᠤᠯ ᠤᠨ ᠵᠠᠮ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠣᠯᠤᠨ ᠲᠣᠭᠤᠷᠢᠨ ᠬᠠᠮᠠᠭᠠᠯᠠᠬᠤ ᠠᠵᠢᠯ ᠢ ᠦᠨᠡᠨᠬᠦ ᠴᠢᠩᠬᠠᠳᠬᠠᠵᠤ᠂ ᠬᠠᠤᠯᠢ ᠪᠤᠰᠤ ᠪᠠᠷ ᠬᠠᠶᠢᠷ ᠴᠢᠯᠠᠭᠤ ᠭᠠᠷᠭᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ  ᠪᠠᠷᠢᠮᠲᠠᠯᠠᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ  ᠬᠦᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃    ᠦᠶᠡᠷ ᠤᠨ ᠬᠤᠭᠤᠴᠠᠭᠠᠨ ᠳᠤ ᠣᠷᠣᠭᠰᠠᠨ ᠠᠴᠠ ᠨᠠᠰᠢ᠂ ᠪᠦᠬᠦ ᠰᠢᠶᠠᠨ ᠢᠶᠠᠷ ᠢᠶᠠᠨ ᠪᠣᠷᠣᠭᠠᠨ ᠬᠠᠷᠢᠴᠠᠩᠭᠤᠶ ᠪᠠᠷ  ᠲᠦᠪᠯᠡᠷᠡᠵᠦ᠂ ᠯᠢ ᠶᠢᠩ ᠡᠯ᠎ᠡ ᠰᠢᠶᠠᠩ ᠪᠠᠯᠭᠠᠰᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠨᠠᠷᠢᠨ ᠨᠢᠭᠲᠠ  ᠪᠠᠶᠢᠷᠢᠯᠠᠭᠤᠯᠤᠯᠲᠠ ᠬᠢᠬᠦ ᠬᠡᠷᠡᠭᠲᠡᠶ᠃ ᠠᠭᠤᠷ ᠠᠮᠢᠰᠬᠤᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠦᠶᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠦᠶᠡᠷ ᠢ ᠰᠡᠷᠭᠡᠶᠢᠯᠡᠵᠦ ᠦᠶᠡᠷ ᠢ ᠲᠤᠭᠤᠯᠬᠤ ᠡᠯ᠎ᠡ  ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ  ᠬᠢᠬᠦ ᠬᠡᠷᠡᠭᠲᠡᠶ ᠭᠡᠮᠡᠨ ᠱᠠᠭᠠᠷᠳᠠᠪᠠ᠃
   ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠸᠠᠩ ᠢᠦᠶ ᠸᠧᠶ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ  ᠸᠠᠨ ᠺᠦᠶ ᠵᠢᠴᠢ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠵᠦᠸᠧᠽᠢ ᠬᠤᠪᠢᠶᠠᠷᠢ ᠲᠣᠪᠴᠢᠶ᠎ᠠ᠂  ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠯᠢ ᠬᠤᠸᠠ ᠪᠠᠯᠭᠠᠰᠤ᠂  ᠴᠢ ᠰᠢᠶᠠ ᠶᠢᠩ ᠪᠠᠯᠭᠠᠰᠤ᠂ ᠹᠦ᠋ ᠰᠢᠩ ᠰᠢᠶᠠᠩ ᠤᠨ ᠭᠤᠤᠯ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠪᠠ᠃            ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ        
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2