6 ᠰᠠᠷ᠎ᠠ ᠶᠢᠨ ᠰᠡᠭᠦᠯᠴᠢ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤᠯᠠᠭᠠᠨᠴᠠᠪ ᠬᠤᠲᠠ ᠶᠢᠨ ᠰᠢᠩ ᠾᠧ ᠰᠢᠶᠠᠨ᠂ | ᠵᠦᠸᠧᠽᠢ ᠰᠢᠶᠠᠨ ᠳᠤ ᠭᠦᠨᠵᠡᠭᠡᠶᠢᠷᠡᠨ᠂ ᠠᠮᠢ ᠠᠬᠤᠶ ᠶᠢᠨ ᠬᠠᠮᠠᠭᠠᠯᠠᠯᠲᠠ ᠪᠠ ᠵᠢᠭᠤᠯᠴᠢᠯᠠᠯ ᠤᠨ ᠤᠶᠢᠯᠡᠰ ᠤᠨ | ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠡᠢ᠃ | ᠵᠤᠨ ᠤ ᠠᠭᠠᠭᠢᠮ᠎ᠠ ᠬᠠᠯᠠᠭᠤᠨ ᠳᠤ ᠤᠯᠠᠭᠠᠨᠴᠠᠪ ᠤᠨ ᠡᠬᠡ ᠭᠠᠵᠠᠷ ᠲᠤ ᠲᠩᠷᠢ ᠴᠡᠯᠮᠡᠭ ᠡᠭᠦᠯᠡ ᠨᠢᠮᠭᠡᠨ᠂ ᠡᠪᠡᠰᠦ | ᠮᠣᠳᠣ ᠢᠭᠴᠤ ᠰᠠᠬᠤᠯᠢᠭ᠃ ᠪᠦ᠋ ᠰᠢᠶᠤᠤ ᠯᠢᠨ ᠰᠤᠮᠤ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ | ᠬᠦᠷᠴᠦ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠰᠤᠮᠤᠨ ᠠᠭᠤᠯᠠ ᠪᠣᠯ | ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠣᠷᠣᠨ ᠤ ᠬᠠᠮᠤᠭ ᠤᠨ ᠲᠣᠮᠣ ᠲᠠᠷᠢᠮᠠᠯ ᠣᠶ ᠰᠢᠭᠤᠶ ᠶᠢᠨ ᠲᠠᠯᠠᠪᠠᠶ | ᠪᠣᠯᠤᠨ ᠤᠯᠤᠰ ᠤᠨ 4A ᠲᠠᠰ ᠤᠨ ᠣᠶ ᠰᠢᠭᠤᠶ ᠶᠢᠨ ᠴᠡᠴᠡᠷᠯᠢᠭ ᠤᠨ ᠦᠵᠡᠮᠵᠢ ᠶᠢᠨ ᠣᠷᠣᠨ ᠪᠣᠯᠤᠨ᠎ᠠ᠃ 60 ᠵᠢᠯ ᠤᠨ | ᠲᠤᠷᠰᠢ ᠰᠢᠩ ᠾᠧ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ᠂ | ᠠᠭᠯᠠᠭ ᠠᠭᠤᠯᠠ ᠶᠢ ᠨᠣᠭᠤᠭᠠᠨ ᠪᠦᠷᠢᠳᠦ ᠪᠣᠯᠭᠠᠭᠰᠠᠨ ᠭᠠᠶᠢᠬᠠᠮᠰᠢᠭ ᠢ ᠡᠭᠦᠳᠪᠡ᠃ ᠪᠦ᠋ ᠰᠢᠶᠤᠤ ᠯᠢᠨ ᠮᠣᠳᠣᠨ ᠬᠥᠭᠦᠷᠭᠡᠨ | ᠵᠠᠮ ᠢ ᠲᠠᠭᠠᠨ ᠱᠠᠲᠤ ᠲᠠᠪᠠᠨ ᠭᠠᠷᠴᠤ᠂ ᠰᠤᠮᠤᠨ ᠠᠭᠤᠯᠠᠨ ᠤ ᠠᠭᠯᠠᠭ ᠠᠭᠤᠯᠠ ᠠᠴᠠ ᠵᠣᠬᠢᠶᠠᠮᠠᠯ ᠣᠶ ᠰᠢᠭᠤᠶ ᠶᠢᠨ | ᠲᠠᠯᠠᠪᠠᠶ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠬᠥᠭᠵᠢᠯᠲᠡ ᠶᠢᠨ ᠥᠩᠭᠡᠷᠡᠯᠲᠡ ᠶᠢ | ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠰᠤᠮᠤ ᠠᠭᠤᠯᠠ ᠶᠢᠨ ᠬᠡᠳᠦᠨ ᠦᠶ᠎ᠡ ᠶᠢᠨ ᠪᠦᠲᠦᠭᠡᠨ | ᠪᠠᠶᠢᠭᠤᠯᠤᠭᠴᠢᠳ ᠪᠣᠳᠠᠲᠤ ᠠᠵᠢᠯᠯᠠᠭ᠎ᠠ ᠪᠠᠷ ᠢᠶᠠᠨ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ | ᠭᠡᠬᠦ ᠣᠶᠢᠯᠠᠭᠠᠭᠳᠠᠬᠤᠨ ᠢ ᠲᠠᠶᠢᠯᠪᠤᠷᠢᠯᠠᠵᠠᠶ᠃ ᠲᠡᠭᠦᠨ ᠢ ᠰᠢᠨ᠎ᠡ ᠴᠠᠭ ᠦᠶ᠎ᠡ ᠳᠤ ᠤᠯᠠᠮ ᠨᠢᠭᠡ ᠠᠯᠬᠤᠮ ᠳᠡᠭᠡᠭᠰᠢᠯᠡᠭᠦᠯᠬᠦ | ᠬᠡᠷᠡᠭᠲᠡᠶ᠃ | | ᠳᠠᠷᠠᠭ᠎ᠠ ᠨᠢ᠂ ᠪᠦ᠋ ᠰᠢᠶᠤᠤ ᠯᠢᠨ ᠬᠤᠩ ᠵᠣᠣ ᠶᠢᠨ ᠥᠨᠳᠥᠷ ᠠᠭᠤᠯᠠ ᠶᠢᠨ ᠮᠠᠯᠵᠢᠯ ᠤᠨ ᠲᠠᠯᠠᠪᠠᠶ ᠳᠤ ᠪᠠᠶᠢᠴᠠᠭᠠᠨ | ᠰᠤᠳᠤᠯᠤᠯᠲᠠ ᠬᠢᠵᠤ᠂ ᠥᠨᠳᠥᠷ ᠠᠭᠤᠯᠠ ᠶᠢᠨ ᠪᠡᠯᠴᠢᠭᠡᠷ ᠪᠠᠷᠤᠭ 10 ᠲᠦᠮᠡᠨ ᠮᠦ ᠭᠠᠵᠠᠷ ᠢ ᠡᠵᠡᠯᠡᠵᠦ᠂ ᠳᠠᠯᠠᠨ ᠬᠠᠷ᠎ᠠ | ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠨᠢᠭᠡ ᠬᠡᠰᠡᠭ ᠨᠢ ᠪᠠᠶᠢᠵᠤ᠂ ᠨᠡᠶᠢᠲᠡᠯᠢᠭ | ᠥᠨᠳᠥᠷ ᠠᠭᠤᠯᠠ ᠶᠢᠨ ᠨᠤᠭᠤ ᠭᠠᠵᠠᠷ ᠤᠨ ᠨᠤᠲᠤᠭ ᠪᠡᠯᠴᠢᠭᠡᠷ ᠲᠤ ᠬᠠᠷᠢᠶᠠᠯᠠᠭᠳᠠᠨ᠎ᠠ᠃ ᠤᠷᠢᠨ ᠨᠡᠷᠡᠨ ᠤ ᠳᠣᠤᠷ᠎ᠠ᠂ | ᠡᠪᠡᠰᠦ ᠪᠡᠯᠴᠢᠭᠡᠷ ᠰᠠᠬᠤᠯᠢᠭ ᠂ ᠡᠯᠳᠡᠪ ᠥᠩᠭᠡ ᠶᠢᠨ ᠬᠡᠭᠡᠷ᠎ᠡ ᠶᠢᠨ ᠴᠡᠴᠡᠭ ᠪᠤᠯᠢᠶᠠᠯᠳᠤᠨ ᠳᠡᠯᠭᠡᠷᠡᠵᠦ᠂ ᠲᠠᠩᠰᠤᠭ ᠮᠠᠯ | ᠲᠠᠯ᠎ᠠ ᠳᠦᠭᠦᠷᠡᠩ ᠪᠡᠯᠴᠢᠵᠦ ︽ᠲᠩᠷᠢ ᠠᠴᠠ ᠰᠣᠶᠣᠷᠬᠠᠭᠰᠠᠨ ᠲᠠᠯ᠎ᠠ ᠨᠤᠲᠤᠭ︾ ᠤᠨ ᠦᠵᠡᠰᠬᠦᠯᠡᠩᠲᠦ ᠰᠠᠶᠢᠬᠠᠨ ᠦᠵᠡᠮᠵᠢ | ᠨᠢᠳᠤᠨ ᠡᠮᠦᠨ᠎ᠡ ᠬᠠᠷᠠᠭᠳᠠᠨ᠎ᠠ᠃ ᠪᠦ᠋ ᠰᠢᠶᠤᠤ ᠯᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ᠂ ᠵᠤᠭᠠᠴᠠᠯ ᠤᠨ | ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠠᠰᠠᠭᠤᠵᠤ᠂ ᠲᠤᠬᠠᠢ ᠶᠢᠨ ᠭᠠᠵᠠᠷ ᠪᠣᠯᠤᠨ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠨ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠶᠡᠬᠡᠪᠡᠷ ᠬᠡᠷᠡᠭᠵᠢᠭᠦᠯᠵᠦ᠂ ᠠᠮᠢ | ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠢ ᠭᠡᠵᠦ ᠱᠠᠭᠠᠷᠳᠠᠪᠠ᠃ | | ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠣᠷᠣᠨ ᠤ | ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠬᠠᠮᠤᠭ ᠤᠨ ᠪᠦᠷᠢᠨ ᠠᠮᠢ ᠠᠬᠤᠶ ᠶᠢᠨ ᠴᠢᠳᠠᠮᠵᠢᠳᠤ ᠣᠷᠣᠨ ᠪᠣᠯᠬᠤ | ᠪᠥᠭᠡᠳ ᠠᠮᠢ ᠠᠬᠤᠶ ᠶᠢᠨ ᠣᠷᠴᠢᠨ ᠨᠥᠬᠦᠴᠡᠯ ᠲᠦᠢᠯ ᠤᠨ ᠬᠡᠪᠡᠷᠡᠭ ᠭᠠᠵᠠᠷ ᠣᠷᠣᠨ ᠪᠣᠯᠤᠨ᠎ᠠ᠃ ᠮᠠᠨ ᠤ ᠣᠷᠣᠨ ᠤ | ᠰᠠᠶᠢᠨ ᠰᠠᠶᠢᠬᠠᠨ ᠠᠮᠢ ᠠᠬᠤᠶ ᠣᠷᠴᠢᠨ ᠲᠣᠭᠤᠷᠢᠨ ᠭᠡᠬᠦ ᠡᠨᠡ ᠬᠦ ᠬᠠᠮᠤᠭ ᠤᠨ ᠡᠷᠬᠢᠮ ᠨᠠᠨᠳᠢᠨ ᠡᠳ᠋ ᠪᠠᠶᠠᠯᠢᠭ ᠢ ᠬᠤᠪᠢ | ᠳᠠᠬᠢᠨ ᠨᠠᠨᠳᠢᠩᠨᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ᠲᠠᠯ᠎ᠠ ᠨᠤᠲᠤᠭ᠂ ᠣᠢ ᠰᠢᠭᠤᠶ ᠶᠢ ᠬᠠᠮᠠᠭᠠᠯᠠᠬᠤ | ᠶᠠᠪᠤᠳᠠᠯ ᠢ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠲᠠᠷᠢᠭᠦᠨ ᠴᠢᠬᠤᠯᠠ ᠡᠭᠦᠷᠭᠡ ᠪᠣᠯᠭᠠᠵᠤ᠂ ᠠᠭᠤᠯᠠ ᠤᠰᠤ ᠤᠢ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠢ | ᠲᠥᠯᠥᠪᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ | ᠰᠠᠶᠢᠲᠤᠷ ᠰᠠᠬᠢᠨ ᠬᠠᠮᠠᠭᠠᠯᠠᠨ᠎ᠠ᠃ | ᠪᠦ᠋ ᠰᠢᠶᠤᠤ ᠯᠢᠨ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠵᠤᠭᠠᠴᠠᠯ ᠤᠨ ᠦᠢᠯᠡᠰ ᠢ | ᠬᠦᠭᠵᠢᠭᠦᠯᠬᠦ ᠶᠢᠨ ᠰᠠᠭᠤᠷᠢ ᠮᠥᠨ᠂ ᠠᠮᠢ ᠠᠬᠤᠢ ᠶᠢ ᠬᠠᠮᠠᠭᠠᠯᠠᠬᠤ ᠪᠠ ᠠᠮᠢ ᠠᠬᠤᠢ ᠶᠢᠨ ᠵᠤᠭᠠᠴᠠᠯ ᠢ ᠬᠥᠭᠵᠢᠭᠦᠯᠬᠦ ᠨᠢ | ᠬᠠᠷᠢᠯᠴᠠᠨ ᠳᠤᠪᠣᠶᠢᠯᠭᠠᠵᠤ ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠᠷ ᠤᠷᠢᠲᠠᠯ ᠪᠣᠯᠭᠠᠵᠤ᠂ ᠴᠢᠨᠠᠷ | ᠰᠠᠶᠢᠲᠠᠶ ᠠᠮᠢ ᠠᠬᠤᠶ ᠶᠢᠨ ᠵᠢᠭᠤᠯᠴᠢᠯᠠᠯ ᠤᠨ ᠪᠦᠲᠦᠭᠡᠭᠳᠡᠬᠦᠨ ᠪᠣᠯᠤᠨ ᠤᠶᠢᠯᠡᠴᠢᠯᠡᠭᠡᠨ ᠤ ᠬᠠᠩᠭᠠᠯᠭ᠎ᠠ ᠶᠢ ᠤᠯᠠᠮ | ᠪᠠᠶᠠᠯᠢᠭᠵᠢᠭᠤᠯᠵᠤ᠂ ᠵᠢᠭᠤᠯᠴᠢᠯᠠᠯ ᠤᠨ ᠴᠢᠨᠠᠷ ᠳᠡᠰ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠤᠶᠢᠯᠡᠰ ᠤᠨ ᠪᠠᠶᠢᠳᠠᠯ ᠢ | ᠪᠠᠶᠠᠯᠢᠭᠵᠢᠭᠤᠯᠵᠤ᠂ ᠤᠶᠢᠯᠡᠳᠬᠦᠨ ᠤ ᠲᠠᠲᠠᠬᠤ ᠬᠦᠴᠦᠨ ᠢ ᠨᠡᠮᠡᠭᠳᠡᠭᠦᠯᠦᠨ᠎ᠡ᠃ ᠵᠤᠭᠠᠴᠠᠯ ᠤᠨ ᠬᠥᠭᠵᠢᠯᠲᠡ ᠶᠢᠨ ᠣᠷᠣᠨ | ᠵᠠᠢ ᠶᠢ ᠥᠷᠭᠡᠳᠬᠡᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠨ᠎ᠠ᠃ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |