ᠤᠯᠠᠭᠠᠨᠴᠠᠪ ᠬᠤᠲᠠ ᠶᠢᠨ 2020 ᠤᠨ ᠮᠣᠷᠢᠨ ᠤᠷᠤᠯᠳᠤᠭᠠᠨ ᠤ ᠰᠣᠶᠣᠯ ᠤᠷᠠᠯᠢᠭ‌‍ᠤᠨ ᠨᠠᠶᠢᠷ ᠵᠦᠸᠧᠽᠢ ᠰᠢᠶᠠᠨ ᠤ ᠬᠤᠩ ᠱᠢ ᠶᠠ ᠤᠯᠤᠰ ᠤᠨ ᠠᠮᠢ ᠠᠬᠤᠶ ᠶᠢᠨ ᠴᠡᠴᠡᠷᠯᠢᠭ ᠲᠤ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2020-08-11
    ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠠᠳᠤᠭᠤᠨ ᠰᠦᠷᠦᠭ ᠳᠠᠪᠬᠢᠯᠳᠤᠨ᠎ᠡ᠃ ᠤᠶᠠᠩᠭᠠᠯᠠᠯ ᠡᠬᠡᠰᠢᠭᠯᠡᠯ  ᠢᠶᠠᠷ ᠵᠤᠷᠢᠭ ᠰᠠᠨᠠᠭ᠎ᠠ ᠶᠢ ᠤᠯᠠᠮᠵᠢᠯᠠᠨ᠎ᠠ᠃ 8 ᠰᠠᠷ᠎ᠠ ᠶᠢᠨ 9 ᠤ ᠡᠳᠦᠷ᠂ ︽ᠮᠣᠷᠢ ᠪᠠᠷ ᠵᠠᠭᠤᠴᠢ ᠪᠣᠯᠭᠠᠵᠤ᠂ ᠰᠣᠶᠣᠯ ᠵᠢᠭᠤᠯᠴᠢᠯᠠᠯ ᠤᠨ ᠥᠯᠢᠭᠡᠷ ᠢ ᠰᠠᠶᠢᠲᠤᠷ ᠶᠠᠷᠢᠬᠤ︾ ᠭᠤᠤᠯ ᠰᠡᠳᠦᠪᠲᠦ ᠤᠯᠠᠭᠠᠨᠴᠠᠪ ᠬᠤᠲᠠ ᠶᠢᠨ ᠮᠤᠷᠢᠨ ᠤᠷᠤᠯᠳᠤᠭᠠᠨ ᠤ ᠰᠣᠶᠣᠯ ᠤᠷᠠᠯᠢᠭ ᠤᠨ ᠨᠠᠶᠢᠷ ᠵᠦᠸᠧᠽᠢ ᠰᠢᠶᠠᠨ ᠤ ᠥᠪᠥᠷ ᠮᠣᠩᠭᠤᠯ ᠤᠨ ᠬᠤᠩ ᠱᠢ ᠶᠠ ᠤᠯᠤᠰ ᠤᠨ ᠠᠮᠢ ᠠᠬᠤᠶ ᠶᠢᠨ ᠴᠡᠴᠡᠷᠯᠢᠭ ᠲᠤ ᠡᠬᠢᠯᠡᠪᠡ᠃
   ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠳᠠᠷᠤᠭ᠎ᠠ ᠢᠦᠶ ᠴᠠᠩ ᠬᠤᠩ᠂ ᠬᠤᠲᠠ ᠶᠢᠨ ᠤᠳᠤᠷᠢᠳᠤᠯᠭ᠎ᠠ ᠵᠧᠩ ᠰᠢᠶᠣᠤ ᠪᠥᠸᠧ᠂ ᠰᠢᠨ ᠨᠠ᠂ ᠴᠢ ᠳᠠᠯᠠᠨᠲᠠᠢ᠂ ᠹᠠᠨ ᠯᠢᠩ ᠬᠤᠸᠠ᠂ ᠯᠢ ᠶᠤᠸᠠᠨ ᡁᠢ᠂ ᠰᠢᠶᠠᠨ ᠤ ᠤᠳᠤᠷᠢᠳᠤᠯᠭ᠎ᠠ ᠸᠠᠩ ᠰᠢᠶᠣᠤ ᠵᠢᠶᠦ᠋ᠨ᠂ ᠡᠤ ᠵᠢᠶᠠᠨ ᠴᠢᠩ᠂ ᠸᠠᠩ ᠶᠢᠨ ᠰᠢᠤ᠂ ᠲᠦᠩ ᠶᠦᠩ ᠫᠢᠩ᠂ ᠷᠧᠨ ᠴᠠᠩ ᠸᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
   ᠵᠦᠸᠧᠽᠢ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ ᠪᠠᠶᠠᠷ ᠤᠨ ᠦᠭᠡ ᠬᠡᠯᠡᠭᠰᠡᠨ ᠪᠥᠭᠡᠳ ᠤᠯᠠᠭᠠᠨᠴᠠᠪ ᠬᠤᠲᠠ ᠶᠢᠨ 2020 ᠣᠨ ᠤ ᠮᠣᠷᠢᠨ ᠤᠷᠤᠯᠳᠤᠭᠠᠨ ᠤ ᠰᠣᠶᠣᠯ ᠤᠷᠠᠯᠢᠭ ᠤᠨ ᠨᠠᠶᠢᠷ ᠡᠬᠢᠯᠡᠭᠰᠡᠨ ᠢ ᠵᠠᠷᠯᠠᠪᠠ᠃
   ᠸᠠᠩ ᠰᠢᠶᠣᠤ ᠵᠢᠶᠦ᠋ᠨ ᠵᠢᠭᠠᠵᠤ ᠭᠠᠷᠭᠠᠭᠰᠠᠨ ᠨᠢ᠂ ᠤᠶᠢᠷ᠎ᠡ ᠶᠢᠨ ᠵᠢᠯ ᠤᠨ ᠲᠤᠷᠰᠢ᠂ ᠵᠦᠸᠧᠽᠢ ᠰᠢᠶᠠᠨ ᠶᠡᠷᠦᠩᠬᠡᠶ ᠱᠦᠵᠢ ᠰᠢ ᠶᠢᠨ ᠫᠢᠩ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠮᠣᠩᠭᠤᠯ ᠮᠣᠷᠢ︾ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ︽ᠳᠠᠪᠠᠯᠭᠠᠯᠠᠵᠤ ᠪᠠᠶᠢᠭ᠎ᠠ ᠶᠡᠭᠡ ᠲᠦᠷᠭᠡᠨ ᠭᠤᠤᠯ᠂ ᠦᠵᠡᠰᠬᠦᠯᠡᠩ ᠰᠠᠶᠢᠬᠠᠨ ᠨᠤᠭᠤᠭᠠᠨ ᠤᠷᠳᠤ ᠬᠤᠩᠬᠢᠯ᠂ ᠰᠡᠯᠡᠬᠦᠴᠡᠬᠦ ᠪᠡᠶ᠎ᠡ ᠰᠤᠪᠢᠯᠠᠬᠤ ᠭᠠᠵᠠᠷ᠂ ᠰᠤᠶᠤᠯᠳᠤ ᠵᠦᠸᠧᠽᠢ  ︾ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠭᠤᠯᠠ ᠤᠰᠤ ᠪᠠᠷ ᠵᠠᠭᠤᠴᠢ ᠪᠣᠯᠭᠠᠵᠤ᠂ ᠰᠣᠶᠣᠯ ᠢᠶᠠᠷ ᠰᠦᠭ ᠰᠦᠨᠡᠰᠦ ᠪᠣᠯᠭᠠᠵᠤ᠂ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠨᠢᠭᠡᠳᠦᠯᠲᠡᠶ ᠲᠥᠯᠥᠪᠯᠡᠵᠦ᠂ ᠠᠮᠢ ᠠᠬᠤᠶ᠂ ᠰᠣᠶᠣᠯ᠂ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ︽ᠵᠦᠸᠧᠽᠢ ᠶᠢᠨ ᠤᠲᠤᠮᠠᠯ ᠲᠠᠬᠢᠶᠠᠨ ᠤ ᠠᠩᠬᠢᠯᠤᠮ᠎ᠠ ᠦᠨᠦᠷ᠂ ᠳᠥᠷᠪᠡᠨ ᠤᠯᠠᠷᠢᠯ ᠤᠨ  ᠰᠠᠶᠢᠬᠠᠨ ᠦᠵᠡᠮᠵᠢ︾ ᠭᠠᠵᠠᠷ ᠣᠷᠣᠨ ᠤ ᠨᠡᠷ᠎ᠡ ᠶᠢᠨ ᠬᠠᠭᠤᠳᠠᠰᠤ ᠶᠢ ᠲᠠᠰᠤᠷᠠᠯᠲᠠ ᠤᠢᠭᠡᠢ ᠭᠡᠷᠡᠯᠲᠦᠭᠦᠯᠵᠦ᠂ ᠬᠥᠬᠡᠬᠤᠲᠠ ᠪᠤᠭᠤᠲᠤ ᠣᠷᠳᠣᠰ ᠲᠤ ᠲᠦᠰᠢᠭ ᠪᠣᠯᠵᠤ᠂ ᠪᠡᠭᠡᠵᠢᠩ ᠲᠢᠶᠠᠨᠵᠢᠨ ᠾᠧᠪᠧᠶ ᠳᠤ ᠬᠠᠨᠳᠤᠭᠤᠯᠤᠭᠰᠠᠨ ᠥᠪᠡᠷᠮᠢᠴᠡ ᠣᠨᠴᠠᠯᠢᠭ ᠲᠠᠢ ᠵᠤᠭᠠᠴᠠᠯ᠂ ᠰᠡᠯᠡᠭᠦᠴᠡᠯ᠂ ᠡᠷᠡᠭᠦᠯᠵᠢᠯ ᠰᠤᠪᠢᠯᠠᠯᠲᠠ᠂ ᠠᠮᠠᠷᠠᠯᠲᠠ ᠶᠢᠨ ᠦᠵᠡᠮᠵᠢᠲᠦ  ᠤᠷᠤᠨ ᠳᠤ ᠤᠯᠠᠭᠠᠨ ᠴᠢᠯᠠᠭᠤᠨ ᠬᠠᠳᠠ᠂ ᠵᠢᠦᠯᠦᠩ ᠪᠤᠯᠤᠩ᠂ ᠯᠢᠨ ᠬᠤ᠋ ᠡᠷᠲᠡᠨ ᠤ ᠴᠡᠶᠢᠵᠠ ᠪᠠᠷ ᠲᠥᠯᠥᠭᠡᠯᠡᠭᠦᠯᠦᠭᠰᠡᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠥᠯᠥᠭᠡᠯᠡᠬᠦ ᠬᠦᠴᠦᠨ ᠠᠯᠬᠤᠮ ᠠᠯᠬᠤᠮ ᠢᠶᠠᠷ ᠥᠪᠥᠷ ᠮᠣᠩᠭᠤᠯ ᠠᠴᠠ ᠭᠠᠷᠴᠤ᠂ ᠪᠦᠬᠦ ᠤᠯᠤᠰ ᠲᠤ ᠬᠦᠷᠪᠡ᠃ ᠵᠢᠭᠤᠯᠴᠢᠳ ᠢ ᠬᠦᠯᠢᠶᠡᠨ ᠠᠪᠤᠭᠰᠠᠨ ᠬᠡᠮᠵᠢᠶ᠎ᠡ ᠵᠢᠯ ᠳᠠᠷᠠᠭᠠᠯᠠᠨ ᠳᠡᠭᠡᠭᠰᠢᠯᠡᠵᠦ᠂ ᠪᠦᠬᠦ ᠣᠷᠣᠨ ᠤ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠪᠠᠶᠢᠷᠢᠰᠢᠯ ᠠᠩᠬ᠎ᠠ ᠠᠯᠬᠤᠮ ᠤᠨ ᠪᠠᠶᠢᠷᠢᠰᠢᠯ ᠲᠠᠢ ᠪᠣᠯᠵᠤ᠂ ᠵᠢᠭᠤᠯᠴᠢᠯᠠᠯ ᠤᠨ ᠤᠶᠢᠯᠡᠰ ᠦᠭᠡᠶ ᠠᠴᠠ ᠪᠠᠶᠢᠬᠤ ᠪᠣᠯᠵᠤ᠂ ᠪᠠᠭ᠎ᠠ ᠠᠴᠠ ᠶᠡᠭᠡ ᠪᠤᠯᠵᠡᠢ᠃ ᠣᠳᠣ ᠶᠠᠭ ᠪᠦᠬᠦ ᠬᠤᠲᠠ ᠴᠢᠨᠠᠭᠰᠢᠯᠠᠪᠠᠯ ᠪᠦᠬᠦ ᠣᠷᠣᠨ ᠤ ᠵᠢᠭᠤᠯᠴᠢᠯᠠᠯ ᠤᠨ ᠦᠢᠯᠡᠰ ᠤᠨ ᠨᠢᠭᠡ ᠬᠡᠰᠡᠭ ᠬᠤᠶᠢᠨ᠎ᠠ  ᠣᠷᠣᠰᠢᠵᠤ ᠪᠠᠶ᠋ᠭ᠎ᠠ ᠭᠤᠶᠣ ᠰᠠᠶᠢᠬᠠᠨ ᠭᠡᠷᠡᠯᠲᠦ ᠰᠤᠪᠤᠳ ᠪᠣᠯᠵᠤ ᠪᠠᠶᠢᠨ᠎ᠠ᠃
   ᠸᠠᠩ ᠰᠢᠶᠤᠤ ᠵᠢᠶᠦ᠋ᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠣᠯ ᠮᠠᠨ ᠤ ᠲᠡᠮᠡᠴᠡᠯ ᠤᠨ ᠬᠠᠷᠠᠯᠲᠠ ᠮᠥᠨ᠃ ᠡᠨᠡ ᠤᠳᠠᠭᠠᠨ ᠤ ᠠᠵᠢᠯᠯᠠᠭ᠎ᠠ ᠪᠣᠯ ᠳᠠᠷᠤᠶ ᠪᠢᠳᠡ ᠶᠡᠷᠦᠩᠬᠡᠶ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠶ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠶ ᠪᠣᠯ ᠶᠠᠭᠠᠬᠢᠭᠰᠠᠨ ᠴᠤ ᠵᠣᠭᠰᠣᠬᠤ ᠦᠭᠡᠶ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠲᠠᠯ᠎ᠠ ᠨᠤᠲᠤᠭ᠂ ᠣᠶ ᠰᠢᠭᠤᠶ ᠵᠡᠷᠭᠡ ᠠᠮᠢ ᠠᠬᠤᠶ ᠣᠷᠴᠢᠨ ᠲᠣᠭᠤᠷᠢᠨ ᠢ ᠨᠢᠳᠦ ᠰᠢᠭ  ᠪᠠᠨ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠠᠮᠢᠳᠤᠯᠢᠭ ᠤᠶᠢᠯᠡᠳᠤᠯᠭᠡ ᠮᠥᠨ᠃ ᠪᠢᠳᠡ ᠵᠠᠪᠠᠯ ᠶᠡᠷᠦᠩᠬᠡᠶ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠠᠵᠢᠯ ᠬᠢᠵᠦ ᠦᠢᠯᠡᠰ ᠪᠦᠲᠦᠭᠡᠬᠦ᠂ ᠠᠵᠢᠯ ᠢᠶᠠᠨ ᠠᠬᠢᠭᠤᠯᠬᠤ ᠬᠦᠴᠦᠷᠬᠡ ᠶᠡᠭᠡ ᠣᠶᠤᠨ ᠰᠠᠨᠠᠭᠠᠨ ᠤ ᠡᠬᠢ ᠪᠤᠯᠠᠭ ᠪᠠ ᠣᠶᠤᠨ ᠰᠠᠨᠠᠭᠠᠨ ᠤ ᠬᠥᠳᠡᠯᠭᠡᠬᠦ ᠬᠦᠴᠦᠨ ᠪᠣᠯᠭᠠᠵᠤ᠂ ᠮᠣᠷᠢ  ᠳᠠᠪᠬᠢᠭᠤᠯᠬᠤ ᠴᠤᠴᠠᠯᠲᠠ ᠦᠭᠡᠶ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠨ᠎ᠡ ᠭᠠᠷᠤᠭ᠎ᠠ ᠳᠡᠭᠡᠷ᠎ᠡ ᠰᠢᠨ᠎ᠡ ᠠᠮᠵᠢᠯᠲᠠ ᠪᠦᠲᠦᠮᠵᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢᠨ ᠭᠠᠷᠮᠠᠭᠠᠶ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠥᠬᠦᠷᠡᠰᠢ ᠦᠭᠡᠶ ᠴᠢᠷᠮᠠᠶᠢᠵᠠᠭᠠᠶ᠎ᠠ︕
   ᠸᠠᠩ ᠰᠢᠶᠣᠤ ᠵᠢᠶᠦ᠋ᠨ ᠪᠥᠬᠦ ᠰᠢᠶᠠᠨ ᠤ ᠠᠷᠠᠳ ᠲᠦᠮᠡᠨ ᠢ ᠲᠥᠯᠥᠭᠡᠯᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠢ ᠴᠢᠩ ᠰᠡᠳᠬᠢᠯ ᠠᠴᠠ ᠪᠠᠨ ᠤᠷᠢᠵᠤ᠂ ᠭᠠᠷᠮᠠᠭᠠᠶ ᠠᠶᠠᠯᠠᠯ ᠬᠢᠵᠦ᠂ ᠲᠠᠯ᠎ᠠ ᠨᠤᠲᠤᠭ ᠲᠤ ᠰᠣᠶᠣᠷᠬᠠᠭᠰᠠᠨ ᠵᠢᠷᠭᠠᠬᠤ ᠭᠠᠵᠠᠷ ᠤᠨ ᠷᠢᠳᠢ ᠰᠢᠳᠢ ᠶᠢ ᠲᠡᠪᠡᠷᠢᠵᠦ᠂ ᠤᠲᠤᠭᠰᠠᠨ ᠲᠠᠬᠢᠶᠠᠨ ᠤ ᠠᠮᠲᠠᠲᠤ ᠢᠳᠡᠭᠡᠨ ᠢ ᠠᠮᠲᠠᠯᠠᠵᠤ᠂ ᠵᠦᠸᠧᠽᠢ ᠰᠣᠶᠣᠯ ᠤᠨ ᠥᠪᠡᠷᠮᠢᠴᠡ ᠬᠡᠪ ᠨᠠᠮᠪᠠ ᠶᠢ ᠮᠡᠳᠡᠷᠡᠵᠡᠶ︕
   ᠤᠯᠠᠭᠠᠨ ᠴᠢᠯᠠᠭᠤᠨ ᠬᠠᠳᠠᠨ ᠤ ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠸᠠᠩ ᠰᠢᠶᠠᠨ ᠴᠧᠩ ᠢᠯᠡᠷᠬᠡᠶᠢᠯᠡᠬᠦ ᠳᠡᠭᠡᠨ᠂  ᠨᠠᠢᠮᠠᠨ ᠰᠠᠷ᠎ᠠ ᠪᠣᠯ ᠲᠠᠯ᠎ᠠ ᠨᠤᠲᠤᠭ ᠤᠨ ᠵᠢᠭᠤᠯᠴᠢᠯᠠᠯ ᠤᠨ ᠰᠠᠶᠢᠨ ᠤᠯᠠᠷᠢᠯ ᠪᠣᠯᠤᠨ᠎ᠠ᠃ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠤᠨ ᠨᠡᠷ᠎ᠡ ᠲᠥᠷᠥ ᠶᠢ ᠳᠡᠭᠡᠭᠰᠢᠯᠡᠭᠦᠯᠬᠦ᠂ ᠪᠦᠬᠦ ᠣᠷᠣᠨ ᠤ ᠵᠢᠭᠤᠯᠴᠢᠯᠠᠯ ᠤᠨ ᠤᠶᠢᠯᠡᠰ ᠤᠨ ᠪᠦᠬᠦᠯᠢ ᠴᠣᠭᠴᠠ ᠶᠢᠨ ᠰᠡᠷᠭᠦᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ᠃ ᠮᠣᠷᠢᠨ ᠤᠷᠤᠯᠳᠤᠭᠠᠨ ᠬᠢᠵᠤ᠂ ᠵᠤᠭᠠᠴᠠᠭᠰᠠᠳ ᠲᠤ ᠲᠠᠯ᠎ᠠ ᠨᠤᠲᠤᠭ ᠤᠨ ᠣᠨᠴᠠᠯᠢᠭ ᠲᠠᠢ᠂ ᠭᠤᠶᠢᠳᠠ ᠰᠠᠶᠢᠬᠠᠨ ᠰᠣᠶᠣᠯ ᠵᠤᠭᠠᠴᠠᠯ ᠤᠨ ᠠᠵᠢᠯᠯᠠᠭ᠎ᠠ ᠶᠢ ᠪᠡᠶᠡᠴᠢᠯᠡᠨ ᠣᠶᠢᠯᠠᠭᠠᠭᠤᠯᠵᠤ᠂ ᠠᠳᠠᠯᠢ ᠪᠤᠰᠤ ᠠᠭᠤᠯᠠ ᠬᠡᠭᠡᠷ᠎ᠡ ᠶᠢᠨ ᠵᠠᠩ ᠦᠢᠯᠡ ᠶᠢ ᠮᠡᠳᠡᠷᠡᠭᠦᠯᠦᠨ᠎ᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠶᠢᠨ ᠮᠣᠷᠢᠨ ᠮᠡᠷᠭᠡᠵᠢᠯ ᠤᠨ ᠲᠣᠭᠯᠠᠯᠲᠠ ᠵᠢᠴᠢ 800 ᠮᠧᠲᠷ ᠤᠨ ᠬᠤᠷᠳᠤᠴᠠ ᠶᠢᠨ ᠤᠷᠤᠯᠳᠤᠭᠠᠨ᠂ 1500 ᠮᠧᠲᠷ ᠤᠨ ᠬᠤᠷᠳᠤᠴᠠ ᠶᠢᠨ ᠤᠷᠤᠯᠳᠤᠭᠠᠨ᠂ 3000 ᠮᠧᠲᠷ ᠤᠨ ᠬᠤᠷᠳᠤᠴᠠ ᠶᠢᠨ ᠤᠷᠤᠯᠳᠤᠭᠠᠨ ᠤ ᠭᠤᠷᠪᠠᠨ ᠳᠤᠭᠤᠶᠢᠯᠠᠩ ᠤᠨ ᠮᠣᠷᠢᠨ ᠤᠷᠤᠯᠳᠤᠭᠠᠨ ᠨᠢ ᠦᠵᠡᠭᠴᠢᠳ ᠤᠨ ᠳᠤᠷ᠎ᠠ ᠰᠣᠨᠢᠷᠬᠠᠯ ᠬᠦᠷᠭᠡᠵᠡᠶ᠃ ᠢᠳᠡᠷᠡᠭᠦᠨ ᠠᠵᠢᠨᠠᠶ ᠬᠦᠯᠦᠭ᠂ ᠢᠳᠡᠷᠡᠭᠦᠨ ᠮᠣᠷᠢᠲᠠᠨ᠂ ᠶᠡᠷᠦ ᠪᠤᠰᠤ ᠶᠢᠨ ᠰᠦᠷᠯᠢᠭ ᠰᠠᠶᠢᠬᠠᠨ ᠦᠵᠡᠮᠵᠢ ᠪᠠᠶᠢᠳᠠᠯ ᠨᠢ ᠦᠵᠡᠭᠴᠢᠳ ᠤᠨ ᠬᠠᠯᠠᠭᠤᠨ ᠴᠢᠰᠤ ᠶᠢ ᠣᠷᠭᠢᠯᠤᠭᠤᠯᠵᠠᠶ᠃
   ᠡᠨᠡ ᠤᠳᠠᠭᠠᠨ ᠤ ᠮᠣᠷᠢᠨ ᠤᠷᠤᠯᠳᠤᠭᠠᠨ ᠤ ᠰᠣᠶᠣᠯ ᠤᠷᠠᠯᠢᠭ ᠤᠨ ᠨᠠᠶᠢᠷ ᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶ᠎ᠠ᠂ ᠵᠦᠸᠧᠽᠢ ᠰᠢᠶᠠᠨ ᠤ ᠨᠠᠮ ᠤᠨ ᠬᠤᠷᠢᠶ᠎ᠠ᠂ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠭᠤᠤᠯᠯᠠᠨ ᠡᠷᠬᠢᠯᠷᠵᠦ᠂ 2020 ᠤᠨ ᠥᠪᠥᠷ ᠮᠣᠩᠭᠤᠯ ᠤᠨ ᠮᠣᠷᠢᠨ ᠤᠷᠤᠯᠳᠤᠭᠠᠨ ᠤ ᠨᠢᠭᠡ ᠵᠦᠢᠯ ᠪᠣᠯᠤᠨ᠎ᠠ᠂ ᠭᠤᠣᠯ ᠰᠡᠳᠦᠪ ᠨᠢ  ︽ᠮᠣᠷᠢ ᠪᠠᠷ ᠵᠠᠭᠤᠴᠢ ᠪᠣᠯᠭᠠᠵᠤ᠂ ᠰᠣᠶᠣᠯ ᠵᠢᠭᠤᠯᠴᠢᠯᠠᠯ ᠤᠨ ᠥᠯᠢᠭᠡᠷ ᠢ ᠰᠠᠶᠢᠲᠤᠷ ᠶᠠᠷᠢᠬᠤ︾᠂ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠶ ᠤᠷᠤᠭᠰᠢᠯᠠᠬᠤ ᠶᠢᠨ ᠲᠥᠯᠥᠭᠡ᠂ ᠵᠣᠷᠢᠯᠭ᠎ᠠ ᠳᠠᠭᠠᠨ ᠬᠦᠷᠬᠦ ᠦᠭᠡᠶ ᠪᠣᠯ ᠶᠠᠭᠠᠬᠢᠭᠰᠠᠨ ᠴᠤ ᠵᠣᠭᠰᠣᠬᠤ ᠦᠭᠡᠶ ︽ᠮᠣᠩᠭᠤᠯ ᠮᠣᠷᠢ︾ ᠶᠢᠨ ᠵᠣᠷᠢᠭ ᠰᠠᠨᠠᠭ᠎ᠠ᠂ ᠠᠳᠤᠭᠤᠨ ᠤ ᠠᠵᠤ ᠦᠢᠯᠡᠰ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠠᠳᠤᠭᠤᠨ ᠤ ᠭᠤᠣᠯ ᠰᠡᠳᠦᠪᠲᠦ ᠰᠣᠶᠣᠯ ᠤᠨ ᠵᠢᠭᠤᠯᠴᠢᠯᠠᠯ ᠢ ᠬᠥᠭᠵᠢᠭᠦᠯᠵᠦ᠂ ᠠᠮᠲᠠᠲᠤ ᠢᠳᠡᠭᠡᠨ ᠤ ᠤᠯᠠᠷᠢᠯ᠂ ᠠᠳᠤᠭᠤᠨ ᠤ ᠭᠤᠣᠯ ᠰᠡᠳᠦᠪᠲᠦ ᠤᠷᠠᠯᠢᠭ ᠤᠨ ᠲᠣᠭᠯᠠᠯᠲᠠ ᠵᠢᠴᠢ ᠮᠣᠷᠢᠨ ᠤᠷᠤᠯᠳᠤᠭᠠᠨ ᠤ ᠠᠵᠢᠯᠯᠠᠭ᠎ᠠ᠂ ᠵᠢᠭᠤᠯᠴᠢᠯᠠᠯ ᠤᠨ ᠲᠠᠨᠢᠯᠴᠠᠭᠤᠯᠭ᠎ᠠ᠂ ᠭᠡᠷᠢᠶᠡᠰ ᠤᠨ ᠪᠤᠰᠤ ᠰᠣᠶᠣᠯ ᠤᠨ ᠳᠡᠯᠭᠡᠨ ᠦᠵᠡᠭᠦᠯᠭᠡ᠂ ᠲᠤᠰ ᠭᠠᠵᠠᠷ ᠤᠨ ᠰᠠᠶᠢᠨ ᠪᠠᠷᠠᠭ᠎ᠠ ᠶᠢᠨ ᠰᠢᠭᠤᠳ ᠨᠡᠪᠲᠡᠷᠡᠭᠦᠯᠬᠦ ᠪᠠ ᠲᠣᠭᠤᠷᠢᠨ ᠦᠵᠡᠵᠦ ᠲᠣᠭᠤᠷᠢᠨ ᠦᠵᠡᠬᠦ ᠵᠡᠷᠭᠡ ᠠᠭᠤᠯᠭ᠎ᠠ ᠶᠢ ᠲᠣᠬᠢᠷᠠᠭᠤᠯᠪᠠ᠃                        ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2