ᠵᠦᠸᠧᠽᠢ ᠰᠢᠶᠠᠨ ᠤ ᠴᠡᠴᠡᠭᠲᠦ ᠨᠤᠭᠤᠭ᠎ᠠ ᠶᠢᠨ ᠲᠠᠷᠢᠯᠭ᠎ᠠ ᠶᠢᠨ ᠲᠣᠰᠬᠤᠨ ᠤ ᠠᠷᠠᠳ ᠤᠨ ᠪᠠᠶᠠᠵᠢᠯ ᠤᠨ ᠵᠠᠮ
ᠨᠡᠶᠢᠲᠡᠯᠡᠭᠰᠡᠨ ᠴᠠᠭ᠄
2020-08-04
  ᠵᠦᠸᠧᠽᠢ ᠰᠢᠶᠠᠨ ᠲᠠᠷᠢᠮᠠᠯ ᠤᠨ ᠪᠦᠲᠦᠴᠡ ᠳᠤ ᠢᠳᠡᠪᠬᠢᠲᠡᠶ ᠲᠣᠬᠢᠷᠠᠭᠤᠯᠤᠯᠲᠠ ᠬᠢᠵᠦ᠂ ᠠᠭᠤᠷ ᠠᠮᠢᠰᠬᠤᠯ ᠤᠨ ᠣᠨᠴᠠᠯᠢᠭ ᠪᠠ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠳᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ᠂ ᠴᠡᠴᠡᠭᠲᠦ ᠨᠤᠭᠤᠭ᠎ᠠ ᠪᠠᠷ ᠭᠤᠤᠯ ᠪᠣᠯᠭᠠᠭᠰᠠᠨ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠠᠵᠤ ᠤᠶᠢᠯᠡᠰ ᠢ ᠶᠡᠬᠡᠪᠡᠷ ᠬᠥᠭᠵᠢᠭᠦᠯᠵᠦ᠂ ᠲᠣᠰᠬᠤᠨ ᠤ ᠠᠷᠠᠳ ᠲᠤ ᠶᠠᠳᠠᠭᠤ ᠠᠴᠠ ᠠᠩᠭᠢᠵᠢᠷᠠᠨ ᠪᠠᠶᠠᠵᠢᠬᠤ ᠵᠠᠮ ᠳᠡᠪᠢᠰᠴᠦ ᠥᠭᠭᠦᠨ᠎ᠡ᠃    ᠣᠳᠣᠬᠠᠨ ᠪᠣᠯᠲᠠᠯ᠎ᠠ ᠪᠥᠬᠦ ᠰᠢᠶᠠᠨ ᠤ ᠴᠡᠴᠡᠭᠲᠦ ᠨᠤᠭᠤᠭ᠎ᠠ ᠲᠠᠷᠢᠬᠤ ᠲᠠᠯᠠᠪᠠᠶ 2 ᠲᠦᠮᠡᠨ ᠮᠦ ᠰᠢᠬᠠᠮ ᠪᠠᠶᠢᠨ᠎ᠠ ᠃ ᠡᠭᠦᠨ ᠳᠤ ᠤᠯᠠᠭᠠᠨᠴᠠᠪ ᠬᠤᠲᠠ ᠶᠢᠨ ᠰᠢᠨ᠎ᠡ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠵᠦᠸᠧᠽᠢ ᠰᠢᠶᠠᠨ ᠳᠤ ᠰᠢᠯᠵᠢᠭᠦᠯᠦᠭᠰᠡᠨ ᠭᠠᠵᠠᠷ ᠰᠢᠷᠣᠶ 5000 ᠮᠦ ᠣᠷᠴᠢᠮ ᠪᠠᠶᠢᠨ᠎ᠠ᠃ ᠵᠢᠷᠭᠤᠳᠤᠭᠠᠷ ᠰᠤᠮᠤ ᠲᠣᠰᠬᠤᠨ ᠳᠤ 1000 ᠮᠦ ᠲᠥᠪᠡᠳ ᠴᠡᠴᠡᠭ ᠲᠠᠷᠢᠬᠤ ᠰᠠᠭᠤᠷᠢᠨ ᠭᠠᠵᠠᠷ ᠢ ᠭᠤᠤᠯᠳᠠᠯᠭ᠎ᠠ ᠲᠠᠢ ᠪᠠᠶᠢᠭᠤᠯᠤᠨ᠎ᠠ᠃ ᠡᠭᠦᠨ ᠤ ᠳᠤ ᠬᠠᠮᠲᠤ ᠲᠤᠬᠠᠶ ᠶᠢᠨ ᠭᠠᠵᠠᠷ ᠤᠨ ᠲᠠᠷᠢᠮᠠᠯ ᠤᠨ ᠡᠷᠦᠬᠡ ᠶᠢ ᠳᠠᠶᠢᠴᠢᠯᠠᠨ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠲᠥᠷᠥᠯ ᠵᠦᠢᠯ ᠢ ᠬᠥᠭᠵᠢᠭᠦᠯᠵᠦ᠂  ᠤᠶᠢᠯᠡᠳᠬᠦᠨ ᠢ ᠪᠦᠬᠦᠨ ᠢ ᠵᠠᠬᠢᠶᠠᠯᠠᠨ ᠲᠠᠷᠢᠬᠤ ᠶᠢ ᠪᠡᠶᠡᠯᠡᠭᠦᠯᠵᠦ᠂ ᠠᠵᠤ ᠦᠶᠢᠯᠡᠰᠵᠢᠭᠰᠡᠨ ᠳᠠᠭᠠᠭᠤᠯᠤᠭᠴᠢ ᠠᠵᠤ ᠠᠬᠤᠶᠢᠯᠠᠯ ᠲᠠᠷᠢᠶᠠᠴᠢᠨ ᠡᠷᠦᠬᠡ ᠶᠢ ᠳᠠᠶᠢᠴᠢᠯᠠᠬᠤ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠤᠭᠦᠯᠵᠡᠢ᠃ ᠡᠷᠭᠢᠨ ᠲᠣᠭᠤᠷᠢᠨ ᠤ ᠲᠠᠷᠢᠶᠠᠴᠢᠨ ᠡᠷᠦᠬᠡ ᠭᠠᠵᠠᠷ ᠰᠢᠷᠣᠶ ᠶᠢᠨ ᠡᠷᠭᠢᠯᠲᠡ ᠪᠠᠷ ᠳᠠᠮᠵᠢᠭᠤᠯᠤᠨ ᠣᠷᠣᠯᠭ᠎ᠠ ᠪᠠᠨ  ᠨᠡᠮᠡᠭᠳᠡᠭᠦᠯᠬᠦ ᠶᠢᠨ ᠬᠠᠮᠲᠤ᠂  ᠤᠶᠢᠷ᠎ᠡ ᠬᠠᠪᠢ ᠳᠠᠭᠠᠨ ᠲᠠᠷᠢᠮᠠᠯ ᠤᠨ ᠰᠠᠭᠤᠷᠢᠨ ᠭᠠᠵᠠᠷ ᠲᠤ  ᠠᠵᠢᠯᠯᠠᠵᠤ᠂ ᠵᠢᠯ ᠳᠤ ᠬᠥᠮᠦᠨ ᠳᠤᠮᠳᠠᠴᠢ ᠶᠢᠨ ᠣᠷᠣᠯᠭ᠎ᠠ 1 ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠨ᠎ᠡ᠃       ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2