7 ᠰᠠᠷ᠎ᠠ ᠶᠢᠨ 30 ᠤ ᠡᠳᠦᠷ ᠠᠴᠠ 31 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠴᠤᠤᠶᠠᠩ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠬᠤᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠢ | ᠳᠠᠭᠠᠭᠤᠯᠤᠨ ᠵᠦᠸᠧᠽᠢ ᠰᠢᠶᠠᠨ ᠲᠤ ᠬᠦᠷᠴᠦ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠠᠵᠢᠯ ᠢ ᠵᠣᠯᠭᠠᠭᠤᠯᠪᠠ᠃ | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢ ᠶᠦᠩ᠂ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠣᠤ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ | ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠠᠴᠠ ᠵᠦᠸᠧᠽᠢ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠶ ᠠᠩᠭᠢ ᠶᠢᠨ ᠳᠠᠷᠤᠭ᠎ᠠ ᠯᠢ ᠵᠢᠶᠦ᠋ᠨ᠂ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠤ ᠯᠢ ᠰᠤᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠴᠢ᠂ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠡᠤ ᠵᠦᠩ ᠽᠤ᠋᠂ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠵᠦᠩ ᠠᠵᠢᠯᠯᠠᠭ᠎ᠠ ᠳᠤ | ᠣᠷᠣᠯᠴᠠᠪᠠ᠃ | | ᠴᠤᠤᠶᠠᠩ ᠲᠣᠭᠤᠷᠢᠭ ᠤᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠷᠢᠳ ᠬᠤᠵᠢᠳ ᠰᠢᠪᠠᠷᠲᠠᠢ | ᠪᠠᠯᠭᠠᠰᠤᠨ ᠤ ᠬᠤᠩ ᠰᠧ ᠳ᠋ᠠᠶ ᠲᠣᠰᠬᠤᠨ᠂ ᠶᠢᠨ ᠴᠧᠩ ᠸᠠ ᠲᠣᠰᠬᠤᠨ ᠪᠣᠯᠤᠨ ᠵᠦᠸᠧᠽᠢ ᠱᠠᠨ ᠪᠠᠯᠭᠠᠰᠤᠨ ᠤ | ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠹᠦ᠋ ᠺᠠᠩ ᠲᠣᠭᠤᠷᠢᠭ ᠲᠤ ᠬᠦᠷᠴᠡᠶ᠃ ᠳ᠋ᠧ ᠴᠢᠩ ᠶᠤᠸᠠᠨ | ᠠᠯᠲᠠᠨ ᠲᠠᠬᠢᠶ᠎ᠠ ᠶᠢᠨ ᠠᠵᠤ ᠤᠶᠢᠯᠡᠰ ᠤᠨ ᠶᠠᠳᠠᠭᠤ ᠶᠢ ᠲᠡᠳᠬᠦᠬᠦ ᠲᠥᠷᠥᠯ ᠵᠦᠢᠯ᠂ ᠭᠠᠭ᠋ᠠᠶ ᠲᠡᠵᠢᠭᠡᠬᠦ ᠲᠥᠷᠥᠯ | ᠵᠦᠢᠯ᠂ ᠶᠠᠳᠠᠭᠤ ᠶᠢ ᠲᠡᠳᠬᠦᠬᠦ ᠲᠠᠰᠤᠭ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠤᠰᠠᠯᠠᠨ | ᠪᠠᠶᠢᠭᠤᠯᠬᠤ ᠭᠤᠣᠯᠳᠠᠯᠭ᠎ᠠ ᠲᠠᠢ ᠠᠵᠢᠯ ᠤᠨ ᠠᠬᠢᠴᠠ ᠪᠣᠯᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ | ᠬᠠᠪᠰᠤᠷᠤᠨ ᠲᠡᠳᠬᠦᠬᠦ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠳᠠᠩᠰᠠᠯᠠᠨ | ᠺᠠᠷᠲᠠᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠪᠣᠯᠭᠤᠭᠠᠨ ᠲᠣᠬᠤᠨᠢᠭᠤᠯᠬᠤ ᠶᠢᠨ ᠬᠠᠮᠲᠤ ᠪᠡᠯᠡᠭᠯᠡᠨ ᠬᠦᠷᠭᠡᠬᠦ | ᠶᠣᠰᠣᠯᠠᠯ ᠶᠠᠪᠤᠭᠤᠯᠪᠠ᠃ | ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠰᠤᠷᠪᠤᠯᠵᠢᠯᠠᠭ᠎ᠠ ᠳᠠᠭᠤᠰᠤᠭᠰᠠᠨ ᠤ ᠳᠠᠷᠠᠭ᠎ᠠ᠂ ᠬᠤᠶᠠᠷ | ᠲᠠᠯ᠎ᠠ ᠪᠠᠷ ᠢᠶᠠᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠬᠦ ᠲᠤᠬᠠᠶ ᠶᠠᠷᠢᠯᠴᠠᠬᠤ ᠬᠤᠷᠠᠯ ᠬᠢᠵᠦ᠂ ᠯᠢ ᠶᠢᠩ ᠵᠦᠸᠧᠽᠢ ᠰᠢᠶᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠴᠢ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ | ᠬᠠᠮᠵᠢᠯᠴᠠᠭᠠᠨ ᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠬᠠᠷᠢᠭᠤ ᠮᠡᠳᠡᠭᠦᠯᠪᠡ᠃ | | ᠸᠠᠩ ᠰᠢᠶᠤᠤ ᠵᠢᠶᠦ᠋ᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠪᠥᠬᠦ ᠰᠢᠶᠠᠨ ᠤ 20 | ᠲᠦᠮᠡᠨ ᠺᠠᠲᠠᠷ ᠣᠯᠠᠨ ᠲᠦᠮᠡᠨ ᠢ ᠲᠥᠯᠥᠭᠡᠯᠡᠨ ᠴᠤᠤᠶᠠᠩ ᠲᠣᠭᠤᠷᠢᠭ ᠤᠨ ᠤᠷᠲᠤ ᠬᠤᠭᠤᠴᠠᠭᠠᠨ ᠤ ᠲᠤᠷᠰᠢ | ᠥᠭᠭᠦᠭᠰᠡᠨ ᠬᠠᠷᠠᠮ ᠦᠭᠡᠶ ᠬᠠᠪᠰᠤᠷᠤᠯᠭ᠎ᠠ ᠪᠠ ᠪᠦᠬᠦ ᠬᠦᠴᠦᠨ ᠢᠶᠠᠷ ᠢᠶᠠᠨ ᠳᠡᠮᠵᠢᠭᠰᠡᠨ ᠳᠤ ᠲᠠᠯᠠᠷᠬᠠᠵᠤ | ᠪᠠᠶᠢᠬᠤ ᠪᠠᠨ ᠢᠯᠡᠳᠬᠡᠪᠡ᠃ ᠲᠡᠷᠡ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠣᠨᠴᠠᠭᠠᠶ ᠪᠠᠢᠳᠠᠯ ᠳᠤᠤᠷ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠳᠠᠯ ᠦᠭᠡᠶ | ᠳᠠᠭᠤᠰᠬᠤ ᠭᠡᠵᠦ ᠪᠠᠶᠢᠭ᠎ᠠ ᠬᠠᠮᠤᠭ ᠰᠡᠭᠦᠯ ᠤᠨ ᠵᠠᠩᠭᠢᠯᠠᠭ᠎ᠠ ᠶᠢᠨ ᠦᠶ᠎ᠡ ᠳᠤ᠂ ᠸᠠᠩ ᠬᠤᠤ ᠨᠠᠷ ᠵᠦᠸᠧᠽᠢ ᠲᠠᠢ | ᠵᠣᠯᠭᠠᠭᠤᠯᠤᠨ ᠠᠵᠢᠯ ᠵᠢᠯᠣᠭᠤᠳᠬᠤ ᠪᠠᠷ ᠢᠷᠡᠨ᠂ ᠴᠤᠤᠶᠠᠩ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ | ᠵᠠᠰᠠᠭ ᠤᠨ ᠣᠷᠳᠣᠨ ᠤ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠴᠢᠬᠤᠯᠠ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠵᠡᠭᠦᠨ ᠪᠠᠷᠠᠭᠤᠨ | ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ | ᠲᠤᠤᠱᠯᠠᠭᠤᠯᠤᠭᠰᠠᠨ ᠤᠯᠤᠰ ᠲᠥᠷᠥ ᠶᠢᠨ ᠴᠢᠩᠭ᠎ᠠ ᠡᠷᠡᠯᠬᠢᠯᠡᠯ ᠢ ᠭᠦᠢᠴᠡᠳ ᠬᠠᠷᠠᠭᠤᠯᠵᠤ᠂ ᠡᠨᠡ ᠨᠢ ᠪᠠᠶᠠᠨ | ᠴᠢᠨᠡᠭᠡᠯᠢᠭ ᠠᠷᠠᠳ ᠲᠦᠮᠡᠨ ᠯᠦᠭᠡ ᠶᠢᠨ ᠭᠦᠨ ᠵᠤᠵᠠᠭᠠᠨ ᠨᠥᠬᠦᠷᠯᠡᠯ ᠢ ᠢᠯᠡᠷᠡᠭᠦᠯᠵᠡᠶ᠃ ᠬᠤᠶᠢᠰᠢᠳᠠ ᠵᠦᠸᠧᠽᠢ | ᠰᠢᠶᠠᠨ ︽ᠳᠥᠷᠪᠡᠨ ᠶᠢ ᠦᠯᠦ ᠠᠪᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠲᠥᠯᠥᠭᠡᠯᠡᠭᠴᠢᠳ ᠤᠨ | ᠪᠦᠯᠬᠦᠮ ᠤᠨ ᠳᠤᠷᠠᠳᠤᠭᠰᠠᠨ ᠰᠠᠨᠠᠯ ᠰᠠᠨᠠᠭᠤᠯᠭ᠎ᠠ ᠲᠠᠢ ᠬᠠᠷᠢᠴᠠᠭᠤᠯᠵᠤ᠂ ᠪᠠᠭᠤᠷᠠᠶ ᠲᠠᠯ᠎ᠠ ᠶᠢ ᠴᠢᠩᠭ᠎ᠠ ᠠᠩᠬᠠᠷᠴᠤ᠂ | ᠴᠡᠭᠴᠡᠯᠡᠨ ᠰᠠᠶᠢᠵᠢᠷᠠᠭᠤᠯᠵᠤ ᠳᠡᠰ ᠳᠡᠪᠰᠢᠭᠦᠯᠬᠦ ᠶᠢ ᠰᠠᠶᠢᠲᠤᠷ ᠠᠳᠬᠤᠵᠤ᠂ ᠪᠠᠭᠤᠷᠠᠶ ᠲᠠᠯ᠎ᠠ ᠶᠢᠨ ᠲᠤᠲᠠᠭᠳᠠᠯ ᠢ | ᠨᠥᠬᠦᠪᠥᠷᠢᠯᠡᠵᠦ᠂ ᠶᠠᠳᠠᠭᠤ ᠶᠢ ᠲᠡᠳᠬᠦᠬᠦ ᠠᠵᠤ ᠦᠢᠯᠡᠰ᠂ ᠲᠠᠷᠢᠶᠠᠯᠠᠩ ᠪᠠ ᠬᠡᠲᠦ ᠳᠡᠯᠭᠡᠭᠦᠷ ᠢ ᠵᠣᠯᠭᠠᠭᠤᠯᠬᠤ᠂ | ᠰᠤᠷᠭᠠᠨ ᠬᠥᠮᠦᠵᠢᠯ ᠡᠮᠨᠡᠯᠭᠡ᠂ ᠴᠢᠳᠠᠪᠤᠷᠢᠲᠠᠨ ᠢᠶᠠᠷ ᠲᠤᠰᠠᠯᠠᠬᠤ᠂ ᠵᠤᠭᠠᠴᠠᠯ ᠢᠶᠠᠷ ᠬᠠᠪᠰᠤᠷᠤᠨ ᠲᠡᠳᠬᠦᠬᠦ ᠵᠡᠷᠭᠡ | ᠬᠦᠷᠢᠶᠡᠨ ᠤ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭ᠎ᠠ ᠪᠣᠳᠠᠲᠠᠶ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠡᠭᠦᠯ ᠬᠤᠷᠢᠶᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ | ᠴᠤᠤᠶᠠᠩ ᠲᠣᠭᠤᠷᠢᠭ ᠤᠨ ᠰᠤᠷᠭᠠᠨ ᠬᠥᠮᠦᠵᠢᠯ᠂ ᠬᠡᠷᠡᠭᠯᠡᠭᠡ᠂ ᠵᠢᠭᠤᠯᠴᠢᠯᠠᠯ᠂ ᠠᠵᠤ ᠤᠶᠢᠯᠡᠰ ᠵᠡᠷᠭᠡ ᠲᠠᠯ᠎ᠠ ᠪᠠᠷ | ᠦᠷᠭᠦᠯᠵᠢᠯᠡᠨ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃ ᠨᠡᠩ ᠣᠯᠠᠨ ᠡᠯᠪᠡᠭ ᠪᠠᠶᠠᠯᠢᠭ ᠦᠷ᠎ᠡ ᠪᠦᠲᠦᠭᠡᠯ | ᠣᠯᠵᠤ᠂ ᠨᠡᠩ ᠣᠯᠠᠨ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠵᠤ᠂ ᠨᠡᠩ | ᠭᠦᠨ ᠵᠤᠵᠠᠭᠠᠨ ᠨᠥᠬᠦᠷᠯᠡᠯ ᠪᠠᠶᠢᠭᠤᠯᠤᠨ᠎ᠠ᠃ | | ᠸᠠᠩ ᠬᠤᠤ ᠵᠦᠸᠧᠽᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠪᠠᠨ | ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠳᠤ ᠪᠠᠶᠠᠷ ᠬᠦᠷᠭᠡᠪᠡ᠃ ᠲᠡᠷᠡ ᠵᠢᠭᠠᠵᠤ ᠭᠠᠷᠭᠠᠭᠰᠠᠨ ᠨᠢ᠂ ᠴᠤᠤᠶᠠᠩ | ᠲᠣᠭᠤᠷᠢᠭ ᠤᠨ ᠬᠢᠨ ᠲᠠᠢ ᠪᠠᠨ ᠠᠳᠠᠯᠢ ᠪᠠᠷ ᠭᠠᠷᠮᠠᠭᠠᠶ ᠬᠥᠭᠵᠢᠯᠲᠡ ᠶᠢ ᠳᠡᠮᠵᠢᠵᠦ᠂ ᠦᠷ᠎ᠡ ᠪᠦᠲᠦᠮᠵᠢ ᠪᠠᠨ | ᠪᠠᠬᠢᠵᠢᠭᠦᠯᠬᠦ᠂ ᠨᠢᠭᠡᠳᠦᠯᠲᠡᠶ ᠲᠥᠯᠥᠪᠵᠢᠭᠦᠯᠬᠦ᠂ ᠰᠣᠯᠢᠯᠴᠠᠭ᠎ᠠ ᠪᠠᠨ ᠭᠦᠨᠵᠡᠭᠡᠶᠢᠷᠡᠭᠦᠯᠬᠦ ᠲᠠᠯ᠎ᠠ ᠪᠠᠷ ᠦᠷᠭᠦᠯᠵᠢᠯᠡᠨ | ᠬᠦᠴᠦᠯᠡᠨ᠎ᠡ᠃ ᠣᠨᠴᠠᠯᠢᠭᠲᠤ ᠠᠵᠤ ᠦᠢᠯᠡᠰ ᠤᠨ ᠪᠤᠶᠢᠵᠢᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠤᠤᠶᠠᠩ | ᠠᠵᠤ ᠠᠬᠤᠶᠢᠯᠠᠯ ᠤᠨ ᠪᠡᠯᠡ ᠮᠥᠩᠭᠦ ᠪᠠᠷ ᠬᠥᠳᠡᠭᠡ ᠠᠵᠤ ᠠᠬᠤᠶ ᠶᠢᠨ ᠲᠥᠷᠥᠯ ᠵᠦᠢᠯ ᠢ ᠪᠦᠲᠦᠭᠡᠨ ᠪᠠᠶᠢᠭᠤᠯᠵᠤ᠂ | ᠣᠨᠴᠠᠯᠢᠭᠲᠤ ᠠᠵᠤ ᠤᠶᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ᠃ ᠣᠯᠠᠨ ᠲᠦᠮᠡᠨ ᠤ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ︔ ᠺᠠᠳ᠋ᠷ ᠴᠢᠳᠠᠪᠤᠷᠢᠲᠠᠨ ᠢ ᠳᠡᠮᠵᠢᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠨᠡᠩ ᠣᠯᠠᠨ ᠰᠢᠯᠢᠳᠡᠭ ᠺᠠᠳ᠋ᠷ ᠢ ᠭᠠᠷᠮᠠᠭᠠᠶ ᠴᠢᠳᠠᠪᠤᠷᠢ ᠳᠤ ᠲᠣᠮᠢᠯᠠᠵᠤ᠂ ᠪᠦᠲᠦᠮᠵᠢᠲᠡᠶ | ᠶᠠᠪᠤᠭᠳᠠᠵᠤ ᠴᠢᠳᠠᠬᠤ ᠤᠶᠢᠯᠠᠭᠠᠭᠳᠠᠬᠤᠨ᠂ ᠮᠡᠷᠭᠡᠵᠢᠯ᠂ ᠮᠡᠳᠡᠭᠡ ᠵᠠᠩᠭᠢ᠂ ᠲᠤᠷᠰᠢᠯᠭ᠎ᠠ ᠵᠡᠷᠭᠡ ᠶᠢ ᠭᠠᠷᠮᠠᠭᠠᠶ | ᠴᠢᠳᠠᠪᠤᠷᠢ ᠳᠤ ᠬᠦᠷᠭᠡᠬᠦ︔ ᠣᠯᠠᠨ ᠨᠡᠶᠢᠲᠡ ᠶᠢᠨ ᠤᠶᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ | ᠦᠷᠭᠦᠯᠵᠢᠯᠡᠨ ᠳᠡᠮᠵᠢᠵᠦ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠠᠵᠢᠯ ᠣᠯᠭᠤᠯᠲᠠ᠂ | ᠵᠢᠭᠤᠯᠴᠢᠯᠠᠯ ᠵᠡᠷᠭᠡ ᠲᠠᠯ᠎ᠠ ᠪᠠᠷ ᠡᠷᠴᠢᠮ ᠢᠶᠠᠨ ᠲᠠᠰᠤᠷᠠᠯᠲᠠ ᠤᠢᠭᠡᠢ ᠨᠡᠮᠡᠭᠳᠡᠭᠦᠯᠦᠨ᠎ᠡ᠃ ᠲᠡᠷᠡ ᠬᠡᠯᠡᠭᠰᠡᠨ ᠨᠢ᠂ ᠠᠬ᠎ᠠ | ᠳᠡᠭᠦᠦ ᠬᠤᠶᠠᠷ ᠰᠡᠳᠬᠢᠯ ᠨᠢᠭᠡᠳᠦᠨ᠂ ᠬᠤᠷᠴᠠ ᠠᠰᠢᠭ ᠨᠢ ᠠᠯᠲᠠ ᠲᠠᠰᠤᠷᠠᠵᠤ᠂ ᠬᠤᠶᠠᠷ ᠲᠠᠯ᠎ᠠ ᠪᠠᠷ ᠢᠶᠠᠨ | ᠰᠠᠶᠢᠲᠤᠷ ᠬᠠᠮᠵᠢᠯᠴᠠᠵᠤ᠂ ᠨᠢᠭᠲᠠ ᠬᠠᠮᠵᠢᠯᠴᠠᠬᠤ ᠪᠠᠷ ᠳᠠᠮᠵᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠯᠠᠪᠲᠠᠶ ᠥᠨᠳᠥᠷ ᠴᠢᠨᠠᠷ ᠲᠠᠢ ᠣᠯᠬᠤ ᠶᠢ ᠢᠲᠡᠭᠡᠵᠦ ᠪᠠᠶᠢᠨ᠎ᠠ᠃ | ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | | 2012 ᠣᠨ ᠳᠤ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ | ᠲᠡᠳᠬᠦᠭᠰᠡᠨ ᠠᠴᠠ ᠨᠠᠰᠢ᠂ ᠴᠤᠤᠶᠠᠩ ᠲᠣᠭᠤᠷᠢᠭ ᠨᠢ ᠠᠵᠤ ᠦᠢᠯᠡᠰ᠂ ᠠᠵᠢᠯ ᠣᠯᠭᠤᠯᠲᠠ᠂ ᠡᠮ ᠡᠮᠨᠡᠯᠭᠡ᠂ ᠠᠮᠤᠷ | ᠲᠦᠪᠰᠢᠨ ᠤᠰᠤ ᠤᠮᠳᠠ᠂ ᠣᠨᠳᠣᠣ ᠭᠠᠵᠠᠷ ᠲᠤ ᠨᠡᠭᠦᠯᠭᠡᠬᠦ᠂ ᠴᠢᠳᠠᠪᠤᠷᠢᠲᠠᠨ ᠰᠣᠯᠢᠯᠴᠠᠬᠤ᠂ ᠵᠡᠭᠡᠯᠢ | ᠭᠤᠳᠤᠮᠵᠢ ᠪᠠᠷ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠮᠠᠨ ᠤ ᠰᠢᠶᠠᠨ ᠳᠤ ᠬᠦᠴᠦᠲᠡᠶ ᠳᠡᠮᠵᠢᠯᠭᠡ ᠦᠵᠡᠭᠦᠯᠵᠦ᠂ | ᠭᠠᠷᠮᠠᠭᠠᠶ ᠪᠡᠯᠡ ᠣᠷᠣᠭᠤᠯᠵᠤ ᠶᠠᠳᠠᠭᠤ ᠠᠴᠠ ᠠᠩᠭᠢᠵᠢᠷᠠᠭᠤᠯᠬᠤ ᠠᠬᠢᠴᠠ ᠶᠢ ᠲᠦᠷᠭᠡᠳᠬᠡᠬᠦ᠂ ᠭᠠᠷᠮᠠᠭᠠᠶ ᠪᠡᠯᠡ | ᠣᠷᠣᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ | ᠲᠦᠢᠯ ᠤᠨ ᠴᠢᠬᠤᠯᠠ ᠦᠢᠯᠡᠳᠦᠯ ᠦᠵᠡᠭᠦᠯᠵᠡᠶ᠃ | | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |