ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠵᠦᠸᠧᠽᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠤᠪᠴᠢᠶ᠎ᠠ ᠶᠢᠨ ᠵᠦᠸᠧᠽᠢ ᠬᠤᠪᠢᠶᠠᠷᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠤ ᠨᠡᠭᠦᠷᠡᠰᠦᠨ ᠤ ᠡᠬᠢ  ᠪᠠᠶᠠᠯᠢᠭ ᠤᠨ ᠬᠦᠷᠢᠶᠡᠨ ᠤ ᠲᠤᠰᠬᠠᠶ ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2020-08-05
    ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠣᠰᠣᠭᠠᠷ᠂ 8 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠨᠢ ᠵᠦᠸᠧᠽᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠦᠸᠧᠽᠢ ᠬᠤᠪᠢᠶᠠᠷᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠴᠠᠭᠳᠠᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠪᠠ᠃
   ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠬᠥᠮᠦᠰ ᠬᠤᠷᠠᠯ ᠳᠤ ᠣᠷᠣᠯᠴᠠᠪᠠ
   ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠨ ᠳᠡᠳ᠋ ᠡᠷᠬᠢᠯᠡᠭᠴᠢ ᠯᠢᠦ ᠷᠦᠨ ᠧᠨ ᠬᠤᠲᠠ ᠶᠢᠨ ᠨᠠᠮ ᠤᠨ ᠬᠤᠷᠢᠶᠠᠨ ᠤ ᠱᠦᠵᠢ ᠹᠸᠢ ᠳ᠋ᠦᠩ ᠪᠢᠨ ᠨᠥᠬᠦᠷ ᠤᠨ ᠴᠠᠭᠳᠠᠨ ᠪᠠᠶᠢᠴᠠᠭᠠᠬᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ ᠴᠠᠭᠳᠠᠨ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠡᠢ᠃ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢ ᡁᠢ ᠮᠢᠨ ᠴᠠᠭᠳᠠᠨ ᠪᠠᠶᠢᠴᠠᠭᠠᠬᠤ ᠳᠤᠭᠤᠶᠢᠯᠠᠩ ᠢ ᠲᠥᠯᠥᠭᠡᠯᠡᠨ ᠲᠤᠰᠬᠠᠶ ᠴᠠᠭᠳᠠᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠤᠤ ᠵᠢᠶᠠᠨ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ  ᠰᠠᠶᠢᠲᠤᠷ ᠬᠢᠬᠦ ᠲᠤᠬᠠᠶ ᠣᠪᠣᠷ ᠢᠶᠠᠨ  ᠢᠯᠡᠳᠬᠡᠵᠡᠢ᠃    ᠯᠢ ᡁᠢ ᠮᠢᠨ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠳᠠᠭᠠᠨ ᠵᠢᠭᠠᠵᠤ ᠭᠠᠷᠭᠠᠭᠰᠠᠨ ᠨᠢ᠂ ᠵᠦᠸᠧᠽᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠵᠦᠸᠧᠽᠢ ᠰᠢᠶᠠᠨ ᠤ ᠬᠤᠪᠢᠶᠠᠷᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠦᠷᠢᠶᠡᠨ ᠳᠤ ᠵᠦᠸᠧᠽᠢ ᠰᠢᠶᠠᠨ ᠤ ᠠᠵᠤ ᠠᠬᠤᠶ ᠶᠢᠨ ᠬᠥᠭᠵᠢᠯᠲᠡ ᠳᠤ ᠵᠣᠬᠢᠬᠤ ᠬᠤᠪᠢ ᠨᠡᠮᠡᠷᠢ ᠦᠵᠡᠭᠦᠯᠦᠭᠰᠡᠨ ᠪᠣᠯᠪᠠᠴᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠶᠢ ᠰᠤᠷᠤᠯᠴᠠᠨ ᠲᠤᠤᠱᠯᠠᠭᠤᠯᠬᠤ ᠵᠢᠴᠢ  ᠵᠢᠭᠠᠪᠦᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠠᠪᠤᠳᠠᠯ ᠠᠳᠠᠯᠢ ᠪᠤᠰᠤ  ᠬᠡᠮᠵᠢᠶ᠎ᠡ ᠪᠠᠷ ᠣᠷᠣᠰᠢᠵᠤ ᠪᠠᠶᠢᠨ᠎ᠠ︔ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠢ  ᠭᠦᠨᠵᠡᠭᠡᠶᠢᠷᠡᠭᠦᠯᠦᠭᠰᠡᠨ ᠦᠭᠡᠢ ᠵᠡᠷᠭᠡ ᠠᠰᠠᠭᠤᠳᠠᠯ ᠢ ᠲᠦᠯᠬᠢᠨ ᠠᠬᠢᠭᠤᠯᠪᠠ᠃
   ᠯᠢᠦ ᠷᠦᠨ ᠧᠨ ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠴᠠᠭᠳᠠᠨ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠲᠣᠳᠣᠷᠬᠠᠶ ᠱᠠᠭᠠᠷᠳᠠᠯᠭ᠎ᠠ ᠲᠤᠷᠠᠳᠴᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠮᠠᠨ ᠤ ᠤᠷᠤᠨ ᠳᠤ ᠱᠠᠭᠠᠷᠳᠠᠭᠰᠠᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢ ᠦᠨᠡᠨᠬᠦ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ  ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ  ᠦᠨᠡᠨᠬᠦ ᠰᠢᠢᠳᠪᠦᠷᠢᠯᠡᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠥᠷᠥ ᠶᠢᠨ ᠱᠠᠭᠠᠷᠳᠠᠯᠭ᠎ᠠ ᠶᠢ ᠲᠡᠷᠡ  ᠶᠤᠰᠤᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠨᠡᠨ ᠬᠦ ᠮᠡᠳᠡᠷᠡᠬᠦ᠂ ᠦᠨᠡᠨ ᠬᠦ ᠡᠷᠭᠢᠴᠡᠭᠦᠯᠦᠨ ᠪᠣᠳᠣᠵᠤ᠂ ᠦᠨᠡᠨ ᠬᠦ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠳᠤ᠂ ᠪᠠᠷᠢᠮᠵᠢᠶ᠎ᠠ ᠲᠠᠢ ᠬᠠᠷᠢᠴᠠᠭᠤᠯᠤᠨ ᠲᠤᠰᠬᠠᠶ ᠴᠡᠭᠴᠡᠯᠡᠨ ᠵᠠᠰᠠᠬᠤ ᠬᠡᠷᠡᠭᠲᠡᠶ᠃ ᠲᠦᠷᠢᠮ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠳᠦᠷ ᠲᠤᠲᠤᠮ ᠤᠨ ᠬᠢᠨᠠᠯᠲᠠ ᠲᠠᠯᠪᠢᠯᠲᠠ ᠶᠢ  ᠴᠢᠩᠭᠠᠳᠬᠠᠵᠤ᠂ ᠴᠠᠭᠳᠠᠨ ᠪᠠᠶᠢᠴᠠᠭᠠᠬᠤ ︽ᠰᠡᠭᠦᠯᠴᠢ ᠶᠢᠨ ᠬᠠᠭᠠᠰ ᠶᠠᠪᠤᠳᠠᠯ︾ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃    ᠵᠤᠤ ᠵᠢᠶᠠᠨ ᠵᠢᠶᠦ᠋ᠨ ᠶᠠᠷᠢᠶ᠎ᠠ ᠲᠠᠯᠪᠢᠬᠤ ᠳᠠᠭᠠᠨ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠬᠦ ᠬᠡᠷᠡᠭᠲᠡᠶ︔ ᠴᠡᠭᠴᠡᠯᠡᠨ ᠰᠠᠶᠢᠵᠢᠷᠠᠭᠤᠯᠬᠤ ᠲᠥᠰᠦᠯ ᠢ ᠬᠢᠨᠠᠮᠠᠭᠠᠶ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠲᠣᠳᠣᠷᠬᠠᠶᠢᠯᠠᠪᠠ︔ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠴᠡᠭᠴᠡᠯᠡᠨ  ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ︔ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠣᠳᠠᠲᠤ ᠠᠵᠢᠯᠯᠠᠭ᠎ᠠ᠂ ᠪᠣᠳᠠᠲᠠᠶ ᠦᠷ᠎ᠡ ᠪᠦᠲᠦᠭᠡᠯ ᠢᠶᠠᠷ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠢᠯᠡᠷᠡᠭᠦᠯᠬᠦ ᠬᠡᠷᠡᠭᠲᠡᠶ᠃ ᠡᠭᠦᠨ ᠤ ᠳᠤ ᠬᠠᠮᠲᠤ ᠱᠠᠭᠠᠷᠳᠠᠭᠰᠠᠨ ᠨᠢ᠂ ᠴᠠᠭᠳᠠᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠤᠯᠤᠰ ᠲᠥᠷᠥ ᠶᠢᠨ ᠡᠭᠦᠷᠭᠡᠯᠡᠯ᠂ ᠴᠠᠭᠳᠠᠨ ᠪᠠᠶᠢᠴᠠᠭᠠᠯᠲᠠ ᠶᠢᠨ ᠴᠡᠭᠴᠡᠯᠡᠨ  ᠰᠠᠶᠢᠵᠢᠷᠠᠭᠤᠯᠬᠤ ᠡᠭᠦᠷᠭᠡ ᠶᠢ ᠡᠷᠡᠰ ᠪᠡᠶᠡᠯᠡᠭᠦᠯᠵᠦ  ᠂ ᠣᠳᠣᠬᠠᠨ ᠤ ᠡᠯ᠎ᠡ  ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃    ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠴᠠᠭᠳᠠᠨ ᠪᠠᠶᠢᠴᠠᠭᠠᠬᠤ ᠠᠯᠪᠠᠨ ᠭᠡᠷ ᠤᠨ ᠬᠠᠮᠢᠶ᠎ᠠ ᠪᠦᠬᠦᠢ ᠤᠳᠤᠷᠢᠳᠤᠯᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠦᠸᠧᠽᠢ ᠬᠤᠪᠢᠶᠠᠷᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃             ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2