ᠵᠢᠭᠠᠰᠤ ᠤᠰᠤᠨ ᠤ ᠬᠠᠷᠢᠴᠠᠭ᠎ᠠ ᠲᠠᠢ 8 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ | ᠱᠦᠵᠢ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ ᠠᠩᠭᠢ ᠪᠠᠨ ᠳᠠᠭᠠᠭᠤᠯᠤᠨ ᠰᠢᠶᠠᠨ ᠤ ᠭᠠᠯ ᠤᠨᠲᠠᠷᠠᠭᠠᠬᠤ | ᠶᠡᠭᠡ ᠠᠩᠭᠢ ᠶᠢᠨ ᠪᠦᠬᠦ ᠵᠢᠯᠣᠭᠤᠳᠤᠭᠴᠢ ᠪᠠᠶᠢᠯᠳᠤᠭᠴᠢ ᠪᠣᠯᠤᠨ ᠴᠡᠷᠢᠭ ᠠᠴᠠ ᠬᠠᠯᠠᠭᠳᠠᠭᠰᠠᠳ ᠤᠨ ᠬᠡᠰᠡᠭ | ᠲᠥᠯᠥᠭᠡᠯᠡᠭᠴᠢ ᠶᠢ ᠲᠣᠬᠤᠨᠢᠭᠤᠯᠵᠤ᠂ ᠲᠡᠳᠡᠨ ᠢ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠬᠦᠷᠭᠡᠨ | ᠪᠠᠶᠠᠷ ᠤᠨ ᠡᠳᠦᠷ ᠤᠨ ᠳᠣᠲᠣᠨᠣ ᠮᠡᠨᠳᠦᠴᠢᠯᠡᠯ ᠳᠡᠪᠰᠢᠭᠦᠯᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠰᠦ ᠹᠧᠨ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ | ᠬᠡᠯᠲᠡᠰ ᠤᠨ ᠤᠯᠤᠰ ᠲᠥᠷᠥ ᠶᠢᠨ ᠭᠡᠰᠢᠭᠦᠨ ᠯᠢᠦ ᠰᠢᠤᠸᠠᠢ ᠹᠧᠩ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃ | | ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠳᠤ ᠯᠢ ᠶᠢᠩ ᠨᠡᠷ ᠭᠠᠯ ᠤᠨᠲᠠᠷᠠᠭᠠᠬᠤ ᠶᠡᠭᠡ ᠠᠩᠭᠢ ᠶᠢᠨ | ᠬᠠᠷᠢᠭᠤᠴᠠᠯᠭᠠᠲᠠᠨ ᠨᠥᠬᠦᠳ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠲᠡᠳᠡᠨ ᠤ ᠠᠵᠢᠯ᠂ ᠰᠤᠷᠤᠯᠴᠠᠯᠭ᠎ᠠ᠂ | ᠪᠣᠯᠪᠠᠰᠤᠷᠠᠯ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠪᠠ᠃ ᠯᠢ ᠶᠢᠩ ᠵᠢᠭᠠᠵᠤ ᠭᠠᠷᠭᠠᠭᠰᠠᠨ ᠨᠢ᠂ | ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠶᠢᠨ ᠪᠦᠬᠦ ᠳᠠᠷᠤᠭ᠎ᠠ ᠪᠠᠶᠢᠯᠳᠤᠭᠴᠢ ᠨᠠᠮ ᠳᠠᠭᠠᠨ ᠦᠨᠡᠨᠴᠢ ᠰᠢᠳᠤᠷᠭᠤ ᠪᠠᠶᠢᠵᠤ | ᠂ ᠠᠷᠠᠳ ᠲᠦᠮᠡᠨ ᠤ ᠲᠥᠯᠥᠭᠡ ᠦᠨᠡᠨ ᠰᠡᠳᠬᠢᠯ ᠠᠴᠠ ᠪᠠᠨ ᠵᠢᠳᠬᠦᠵᠦ᠂ ᠠᠷᠠᠳ ᠣᠯᠠᠨ ᠤ ᠬᠠᠮᠤᠭ ᠤᠨ ᠬᠡᠷᠡᠭᠴᠡᠭᠡ ᠲᠠᠢ᠂ | ᠭᠠᠮᠰᠢᠭ ᠤᠨ ᠪᠠᠶᠢᠳᠠᠯ ᠬᠠᠮᠤᠭ ᠤᠨ ᠠᠶᠤᠯᠲᠠᠶ ᠭᠠᠵᠠᠷ ᠣᠷᠣᠨ ᠳᠤ ᠢᠮᠠᠭᠲᠠ ᠡᠷᠡᠯᠬᠡᠭᠯᠡᠨ ᠪᠠᠶᠢᠯᠳᠤᠵᠤ᠂ ᠰᠢᠶᠠᠨ ᠤ | ᠬᠡᠪᠴᠢᠶᠡᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠣᠯᠤᠨ ᠨᠡᠶᠢᠭᠡᠮ ᠤᠨ ᠥᠨᠢ ᠤᠳᠠᠭᠠᠨ ᠠᠮᠤᠷ | ᠲᠦᠪᠰᠢᠨ ᠢ ᠠᠬᠢᠭᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠵᠡᠶ᠃ ᠲᠡᠷᠡ ᠭᠠᠯ ᠤᠨᠲᠠᠷᠠᠭᠠᠬᠤ ᠶᠡᠭᠡ ᠠᠩᠭᠢ | ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠵᠠᠯᠭᠠᠮᠵᠢᠯᠠᠬᠤ ᠶᠢ ᠬᠦᠰᠡᠵᠡᠶ᠃ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠯ ᠦᠭᠡ ᠶᠢᠨ ᠵᠣᠷᠢᠭ ᠰᠠᠨᠠᠭ᠎ᠠ ᠶᠢ | ᠦᠷᠭᠦᠯᠵᠢᠯᠡᠨ ᠪᠠᠳᠠᠷᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠴᠠᠭ ᠢᠮᠠᠭᠲᠠ ᠪᠠᠴᠢᠮ ᠪᠠᠶᠢᠳᠠᠯ ᠢ ᠠᠷᠭᠠᠴᠠᠬᠤ ᠳᠠᠶᠢᠨ ᠤ ᠪᠡᠯᠡᠳᠬᠡᠯ ᠤᠨ ᠪᠠᠶᠢᠳᠠᠯ ᠢᠶᠠᠨ ᠪᠠᠲᠤᠯᠠᠵᠤ᠂ ᠪᠠᠶᠢᠯᠳᠤᠵᠤ | ᠴᠢᠳᠠᠨ᠎ᠠ᠂ ᠪᠠᠶᠢᠯᠳᠤᠭᠠᠨ ᠢᠯᠠᠯᠲᠠ ᠣᠯᠵᠤ᠂ ᠴᠢᠩᠭ᠎ᠠ ᠰᠡᠷᠭᠡᠶᠢᠯᠡᠨ ᠰᠠᠬᠢᠵᠤ᠂ ᠪᠥᠬᠦ ᠰᠢᠶᠠᠨ ᠤ ᠭᠠᠯ ᠤᠨᠲᠠᠷᠠᠭᠠᠬᠤ ᠠᠮᠤᠷ | ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ | | ᠳᠠᠷᠠᠭ᠎ᠠ ᠨᠢ᠂ ᠯᠢ ᠶᠢᠩ ᠳ᠋ᠡ ᠢᠦᠢ ᠱᠤ᠋ ᠰᠢᠶᠠᠩ ᠳᠤ ᠭᠦᠨᠵᠡᠭᠡᠶᠢᠷᠡᠵᠦ᠂ ᠴᠡᠷᠢᠭ ᠠᠴᠠ ᠬᠠᠯᠠᠭᠳᠠᠭᠰᠠᠳ ᠶᠠᠩ ᠪᠦᠦ | ᠵᠦ ᠶᠢ ᠪᠣᠯᠭᠤᠭᠠᠨ ᠲᠣᠬᠤᠨᠢᠭᠤᠯᠪᠠ᠃ ᠯᠢ ᠶᠢᠩ ᠡᠪᠦᠭᠡᠨ ᠲᠠᠢ ᠳᠣᠲᠣᠨᠣ ᠪᠠᠷ ᠶᠠᠷᠢᠯᠴᠠᠵᠤ᠄ ᠶᠠᠩ ᠪᠦᠦ ᠵᠦ ᠶᠢᠨ ᠪᠡᠶ᠎ᠡ | ᠮᠠᠬᠠᠪᠣᠳ ᠤᠨ ᠪᠠᠶᠢᠳᠠᠯ ᠠᠮᠢᠳᠤᠷᠠᠯ ᠤᠨ ᠪᠠᠶᠢᠳᠠᠯ ᠪᠣᠯᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠨᠥᠬᠦᠪᠥᠷᠢ | ᠵᠡᠷᠭᠡ ᠪᠠᠶᠢᠳᠠᠯ ᠢ ᠨᠠᠷᠢᠨ ᠠᠰᠠᠭᠤᠭᠰᠠᠨ ᠤ ᠬᠠᠮᠲᠤ ᠲᠡᠭᠦᠨ ᠳᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠳᠣᠲᠣᠨᠣ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠢ ᠳᠠᠮᠵᠢᠭᠤᠯᠵᠠᠶ᠃ ᠲᠡᠭᠦᠨ ᠤ ᠴᠡᠷᠢᠭ ᠠᠴᠠ | ᠬᠠᠯᠠᠭᠳᠠᠭᠰᠠᠳ ᠤᠨ ᠰᠢᠯᠢᠳᠡᠭ ᠤᠯᠠᠮᠵᠢᠯᠠᠯ ᠢᠶᠠᠨ ᠢᠮᠠᠭᠲᠠ ᠪᠠᠷᠢᠮᠲᠠᠯᠠᠵᠤ᠂ ᠭᠠᠷᠮᠠᠭᠠᠶ ᠪᠡᠯᠡ ᠮᠥᠩᠭᠦ ᠶᠢᠨ | ᠪᠠᠶᠢᠭᠤᠯᠤᠯᠲᠠ ᠳᠤ ᠦᠯᠡᠳᠡᠪᠦᠷᠢ ᠢᠯᠴᠢ ᠪᠠᠨ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠵᠡᠶ᠃ | | ᠲᠣᠬᠤᠨᠢᠭᠤᠯᠬᠤ ᠶᠠᠪᠤᠴᠠ ᠳᠤ᠂ ᠯᠢ ᠶᠢᠩ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠᠨ ᠠᠴᠠ | ᠬᠠᠯᠠᠭᠳᠠᠭᠰᠠᠳ ᠪᠣᠯᠤᠨ ᠬᠠᠷᠠᠭᠠᠯᠵᠠᠯ ᠬᠦᠷᠲᠡᠬᠦ ᠡᠲᠡᠭᠡᠳ ᠤᠨ ᠠᠮᠤᠷ ᠲᠦᠪᠰᠢᠨ ᠠᠶᠤᠯ ᠲᠦᠭᠰᠢᠭᠦᠷᠢ ᠶᠢ ᠴᠠᠭ ᠢᠮᠠᠭᠲᠠ | ᠴᠡᠭᠡᠵᠢᠯᠡᠬᠦ ᠬᠡᠷᠡᠭᠲᠡᠶ᠃ ᠲᠡᠳᠡᠨ ᠤ ᠠᠮᠢᠳᠤᠷᠠᠯ ᠳᠤᠮᠳᠠ ᠲᠤᠯᠭᠠᠷᠠᠭᠰᠠᠨ ᠪᠣᠳᠠᠲᠠᠶ ᠬᠦᠴᠢᠷᠳᠡᠯ ᠢ ᠲᠣᠬᠢᠲᠠᠶ ᠰᠢᠢᠳᠪᠦᠷᠢᠯᠡᠵᠦ | ᠂ ᠰᠠᠨᠠᠭᠠᠴᠢᠯᠠᠭ᠎ᠠ ᠠᠴᠠ ᠪᠠᠨ ᠲᠡᠳᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠲᠡᠳᠡᠨ ᠢ ᠥᠲᠡᠯᠪᠡᠯ ᠠᠰᠠᠷᠠᠮᠵᠢ ᠲᠠᠢ | ᠪᠣᠯᠭᠠᠵᠤ᠂ ᠥᠲᠡᠯᠦᠭᠡ ᠨᠠᠰᠤ ᠪᠠᠨ ᠠᠮᠤᠷ ᠲᠠᠶᠢᠪᠤᠩ ᠥᠩᠭᠡᠷᠡᠭᠦᠯᠦᠨ᠎ᠡ ᠭᠡᠮᠡᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |