ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠪᠡᠯᠡ ᠮᠥᠩᠭᠦ ᠲᠦᠷᠦᠯ ᠵᠦᠢᠯ ᠤᠨ ᠠᠵᠢᠯ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2020-08-06
    ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠪᠡᠯᠡ ᠮᠥᠩᠭᠦ ᠪᠤᠯᠢᠶᠠᠯᠳᠤᠨ ᠪᠣᠳᠠᠲᠤ ᠦᠷ᠎ᠡ ᠪᠦᠲᠦᠮᠵᠢ ᠣᠯᠵᠤ ᠪᠥᠬᠦ ᠰᠢᠶᠠᠨ ᠤ ᠨᠡᠶᠢᠲᠡ ᠶᠢᠨ ᠥᠮᠴᠢᠯᠡᠯ ᠤᠨ  ᠪᠤᠰᠤ ᠠᠵᠤ ᠠᠬᠤᠶ ᠶᠢᠨ ᠬᠥᠭᠵᠢᠯᠲᠡ ᠪᠣᠯᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ ᠰᠡᠳᠬᠢᠮᠵᠢ ᠪᠠᠨ ᠲᠠᠰᠤᠷᠠᠯᠲᠠ ᠤᠢᠭᠡᠢ ᠰᠢᠨᠡᠳᠬᠡᠵᠦ᠂ ᠠᠷᠭ᠎ᠠ ᠬᠡᠮᠵᠢᠶ᠎ᠡ ᠪᠠᠨ ᠬᠠᠯᠠᠨ ᠰᠠᠶᠢᠵᠢᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠶᠢ ᠴᠢᠩᠭ᠎ᠠ ᠠᠳᠬᠤᠵᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠪᠡᠭᠡᠵᠢᠩ ᠲᠢᠶᠠᠨᠵᠢᠨ ᠾᠧᠪᠧᠶ᠂ ᠬᠥᠬᠡ ᠮᠥᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢᠨ ᠠᠵᠠ ᠲᠣᠬᠢᠶᠠᠯ ᠤᠨ ᠲᠣᠭᠤᠷᠢᠨ ᠳᠤ᠂ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳᠡᠰᠢᠭᠦᠯᠬᠦ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ᠂ ᠠᠷᠠᠯᠵᠢᠶ᠎ᠠ ᠬᠤᠳᠠᠯᠳᠤᠭ᠎ᠠ ᠪᠠᠷᠠᠭ᠎ᠠ ᠶᠢᠨ ᠭᠦᠢᠯᠭᠡᠭᠡ᠂ ᠵᠢᠭᠤᠯᠴᠢᠯᠠᠯ ᠵᠡᠷᠭᠡ ᠠᠵᠤ ᠦᠢᠯᠡᠰ ᠤᠨ ᠲᠣᠭᠤᠷᠢᠨ ᠳᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ᠂ ᠲᠥᠷᠥᠯ ᠵᠦᠢᠯ ᠤᠨ ᠬᠡᠷᠡᠭᠯᠡᠬᠦ ᠭᠠᠵᠠᠷ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠪᠡᠯᠡ ᠣᠷᠣᠭᠤᠯᠤᠯᠲᠠ ᠶᠢ ᠲᠡᠳᠡᠨ ᠠᠪᠴᠢᠷᠠᠵᠤ᠂ ᠲᠥᠷᠥᠯ ᠵᠦᠢᠯ ᠢ ᠴᠢᠷᠮᠠᠶᠢᠨ ᠣᠯᠬᠤ ᠬᠡᠷᠡᠭᠲᠡᠶ᠃ ᠥᠪᠥᠷ ᠮᠣᠩᠭᠤᠯ ᠤᠨ ᠵᠦᠸᠧᠽᠢ ᠰᠢᠶᠠᠨ ᠤ 100MWp ᠪᠡᠭᠡᠵᠢᠩ ᠥᠪᠥᠷ ᠮᠣᠩᠭᠤᠯ ᠤᠨ ᠭᠡᠷᠡᠯ ᠸᠣᠯᠲ ᠢᠶᠠᠷ ᠴᠠᠬᠢᠯᠭᠠᠨ ᠭᠠᠷᠭᠠᠬᠤ ᠶᠢ ᠬᠠᠪᠰᠤᠷᠤᠨ ᠲᠡᠳᠬᠦᠬᠦ‍ ᠨᠢᠭᠡ ᠲᠥᠷᠥᠯ ᠵᠦᠢᠯ ᠢ ᠨᠢᠭᠡᠨᠲᠡ ᠨᠠᠢᠳᠠᠪᠤᠷᠢᠵᠢᠭᠤᠯᠵᠤ᠂ 3.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠲᠥᠷᠥᠯ ᠵᠦᠢᠯ ᠢ ᠪᠦᠷᠢᠳᠬᠡᠨ ᠳᠠᠩᠰᠠᠯᠠᠭᠤᠯᠬᠤ ᠵᠢᠭᠠᠪᠤᠷᠢ ᠠᠪᠬᠤ ᠮᠡᠳᠡᠭᠦᠯᠦᠯᠲᠡ ᠶᠢ ᠨᠢᠭᠡᠨᠲᠡ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠪᠡ︔ ᠶᠠᠭ ᠶᠠᠷᠢᠯᠴᠠᠵᠤ  ᠪᠠᠶᠢᠭ᠎ᠠ ᠲᠥᠷᠥᠯ ᠵᠦᠢᠯ 2 ᠵᠦᠢᠯ ᠪᠠᠶᠢᠨ᠎ᠠ᠄ 1. ᠶᠦᠨᠨᠠᠨ ᠤ ᠱᠢ ᠫᠢᠩ ᠰᠢᠶᠠᠨ ᠤ ᠬᠤᠸᠠ ᠶᠣᠣ ᠪᠤᠷᠴᠠᠭ ᠤᠨ ᠪᠦᠲᠦᠭᠡᠭᠳᠡᠬᠦᠨ ᠠᠵᠤ ᠤᠶᠢᠯᠡᠳᠪᠦᠷᠢ ᠠᠷᠠᠯᠵᠢᠶᠠᠨ ᠤ ᠬᠢᠵᠠᠭᠠᠷᠲᠦ ᠺᠣᠮᠫᠠᠨᠢ ᠶᠢᠨ ᠵᠢᠯ ᠳᠤ 3 ᠲᠦᠮᠡᠨ ᠲᠣᠨ ᠰᠢᠷ᠎ᠠ ᠪᠤᠷᠴᠠᠭ ᠤᠨ ᠢᠳᠡᠭᠡᠨ ᠪᠣᠯᠪᠠᠰᠤᠷᠠᠭᠤᠯᠬᠤ ᠲᠥᠷᠥᠯ ᠵᠦᠢᠯ ᠢ ᠰᠢᠢᠳᠪᠦᠷᠢᠯᠡᠨ᠎ᠡ︔ 2. ᠤᠯᠠᠭᠠᠨᠴᠠᠪ ᠬᠤᠲᠠ ᠶᠢᠨ 100MWp ᠭᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠯᠤᠰ ᠠᠴᠠ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠣᠯᠤᠨ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠳᠤ ᠴᠢᠭᠯᠡᠭᠦᠯᠦᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠡᠶᠢᠲᠡᠯᠡᠭᠰᠡᠨ ᠬᠠᠮᠢᠶ᠎ᠠ ᠪᠦᠬᠦᠢ ᠲᠥᠷᠥ ᠶᠢᠨ ᠪᠤᠳᠤᠯᠭ᠎ᠠ ᠪᠣᠯᠤᠨ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠠᠷᠠᠳ ᠤᠨ ᠠᠮᠢᠳᠤᠷᠠᠯ᠂ ᠨᠡᠶᠢᠭᠡᠮ ᠤᠨ ᠤᠶᠢᠯᠡᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠡᠶ᠃ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠶᠠᠳᠠᠭᠤ ᠠᠴᠠ  ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠲᠠᠯ᠎ᠠ ᠪᠠᠷ ᠲᠥᠷᠥᠯ ᠵᠦᠢᠯ ᠢ ᠲᠥᠰᠦᠪᠯᠡᠵᠦ᠂ ᠪᠡᠯᠡ ᠮᠥᠩᠭᠦ ᠲᠡᠮᠡᠴᠡᠨ ᠣᠯᠬᠤ ᠲᠠᠯ᠎ᠠ ᠪᠠᠷ ᠪᠦᠲᠦᠮᠵᠢᠲᠡᠶ ᠨᠠᠢᠳᠠᠪᠤᠷᠢᠵᠢᠭᠤᠯᠪᠠ᠃ 1 — 6 ᠳ᠋ᠤᠭᠠᠷ ᠰᠠᠷ᠎ᠠ ᠳᠤ᠂ ᠨᠢᠭᠡᠨᠲᠡ 7 ᠲᠥᠷᠥᠯ  ᠵᠦᠢᠯ ᠢ ᠴᠢᠷᠮᠠᠶᠢᠨ ᠣᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠨᠡᠶᠢᠲᠡ 1.63 ᠳ᠋ᠦᠩᠰᠢᠭᠤᠷ ᠲᠥᠭᠦᠷᠢᠭ ᠪᠠᠭᠤᠯᠭᠠᠪᠠ᠃                 ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ    
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2