ᠰᠢᠶᠡᠨ ᠤ  ᠳᠠᠷᠤᠭ᠎ᠠ ᠯᠢ ᠶᠢᠩ ᠬᠤᠩ ᠵᠤᠤ ᠰᠢᠶᠠᠩ᠂  ᠴᠢ ᠰᠢᠶᠠ ᠶᠢᠩ ᠪᠠᠯᠭᠠᠰᠤᠨ ᠳᠤ ᠭᠦᠨᠵᠡᠭᠡᠶᠢᠷᠡᠨ ᠰᠧ ᠬᠤᠤ ᠳ᠋ᠢ ᠨᠡᠭᠦᠷᠡᠰᠦᠨ ᠠᠭᠤᠷᠬᠠᠢ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠪᠠ ᠠᠵᠤ  ᠤᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠲᠠᠭᠤ ᠬᠠᠶᠠᠭᠳᠠᠮᠠᠯ ᠪᠣᠳᠠᠰ ᠤᠨ ᠰᠢᠭᠠᠷᠤ ᠶᠢᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ  ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020/9/10
    9 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠶᠢᠩ ᠬᠤᠩ ᠵᠤᠤ ᠰᠢᠶᠠᠩ ᠤᠨ ᠰᠧ ᠬᠤᠤ ᠳ᠋ᠢ ᠨᠡᠭᠦᠷᠡᠰᠦᠨ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠲᠤᠬᠠᠶ ᠶᠢᠨ ᠲᠠᠯᠠᠪᠠᠶ ᠪᠣᠯᠤᠨ ᠴᠢ ᠰᠢᠶᠠ ᠶᠢᠩ ᠠᠵᠤ ᠤᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠠᠯᠠᠪᠠᠶ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ  ᠴᠢᠬᠤᠯᠠᠴᠢᠯᠠᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠲᠦᠷᠭᠡᠳᠬᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠴᠢᠨᠠᠷ  ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠦᠨ᠎ᠡ  ᠭᠡᠮᠡᠨ ᠱᠠᠭᠠᠷᠳᠠᠪᠠ᠃
   ᠬᠤᠩ ᠵᠤᠤ ᠰᠢᠶᠠᠩ ᠤᠨ ᠰᠧ ᠬᠤᠤ ᠳ᠋ᠢ ᠨᠡᠭᠦᠷᠡᠰᠦᠨ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ  ᠢ ᠵᠠᠰᠠᠬᠤ ᠢᠨᠵᠧᠨᠧᠷᠢᠩ ᠤᠨ ᠲᠤᠬᠠᠶ ᠶᠢᠨ ᠲᠠᠯᠠᠪᠠᠶ ᠳᠤ᠂ ᠯᠢ ᠶᠢᠩ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠵᠤ᠂ ᠬᠠᠵᠠᠭᠤ ᠶᠢᠨ ᠤᠷᠭᠤᠮᠠᠯ ᠤᠨ ᠪᠦᠷᠬᠦᠴᠡ ᠶᠢᠨ ᠰᠡᠷᠭᠦᠭᠰᠡᠨ ᠪᠠᠶᠢᠳᠠᠯ ᠢ ᠪᠠᠶᠢᠴᠠᠭᠠᠨ ᠦᠵᠡᠵᠦ᠂ ᠲᠡᠷᠡ ᠴᠢᠬᠤᠯᠠᠴᠢᠯᠠᠭᠰᠠᠨ ᠨᠢ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠤᠯᠤᠰ ᠲᠥᠷᠥ ᠶᠢᠨ ᠵᠣᠭᠰᠣᠴᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠠᠯᠢᠪᠠ ᠬᠦᠴᠢᠷ ᠪᠡᠷᠬᠡᠰᠢᠶᠡᠯ ᠠᠴᠠ ᠠᠶᠤᠬᠤ ᠰᠡᠳᠬᠢᠯᠭᠡ ᠶᠢ ᠢᠯᠠᠨ ᠳᠠᠪᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠨ᠎ᠠ᠃ ᠲᠡᠷᠡ ᠲᠦᠷᠦᠭᠦᠦ ᠨᠢᠭᠡ ᠬᠤᠭᠤᠴᠠᠭᠠᠨ ᠤ ᠵᠠᠰᠠᠯᠲᠠ ᠶᠢᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠵᠠᠰᠠᠬᠤ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠵᠠᠭᠤ ᠲᠠᠯ᠎ᠠ ᠶᠢ ᠲᠡᠭᠰᠢᠯᠡᠬᠦ ᠪᠠ ᠰᠢᠷᠣᠶ ᠬᠥᠷᠪᠡᠭᠦᠯᠬᠦ ᠶᠢ ᠲᠦᠷᠭᠡᠳᠬᠡᠵᠦ᠂ ᠲᠡᠷᠡᠴᠢᠯᠡᠨ ᠮᠠᠨ ᠤ ᠰᠢᠶᠠᠨ ᠤ ᠠᠭᠤᠷ ᠠᠮᠢᠰᠬᠤᠯ ᠤᠨ ᠣᠨᠴᠠᠯᠢᠭ ᠲᠠᠢ ᠤᠶᠠᠯᠳᠤᠭᠤᠯᠤᠨ ᠨᠣᠭᠤᠭᠠᠷᠠᠭᠤᠯᠤᠯᠲᠠ ᠶᠢᠨ ᠠᠮᠢ ᠠᠬᠤᠶ ᠶᠢ ᠵᠠᠰᠠᠨ ᠰᠡᠷᠭᠦᠭᠡᠬᠦ ᠶᠢ ᠵᠣᠬᠢᠶᠠᠨ ᠪᠠᠶᠢᠭᠤᠯᠬᠤ ᠬᠡᠷᠡᠭᠲᠡᠶ ᠭᠡᠪᠡ᠃
   ᠰᠧ ᠬᠤᠤ ᠳ᠋ᠢ ᠨᠡᠭᠦᠷᠡᠰᠦᠨ ᠠᠭᠤᠷᠬᠠᠶ ᠶᠢᠨ ᠪᠠᠶᠢᠴᠠᠭᠠᠨ ᠰᠤᠳᠤᠯᠤᠯᠲᠠ ᠪᠠᠨ ᠳᠠᠭᠤᠰᠬᠠᠭᠰᠠᠨ ᠤ ᠳᠠᠷᠠᠭ᠎ᠠ᠂ ᠯᠢ ᠶᠢᠩ ᠴᠢ ᠰᠢᠶᠠ ᠶᠢᠩ ᠪᠠᠯᠭᠠᠰᠤᠨ ᠤ ᠶᠤᠸᠠᠨ ᠱᠠᠨ ᠽᠢ ᠲᠣᠰᠬᠤᠨ ᠳᠤ ᠬᠦᠷᠴᠦ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠲᠣᠭᠤᠷᠢᠭ ᠤᠨ ᠡᠩ ᠤᠨ ᠬᠠᠶᠠᠭᠳᠠᠮᠠᠯ ᠪᠣᠳᠠᠰ ᠤᠨ ᠰᠢᠭᠠᠷᠤ ᠶᠢᠨ ᠲᠠᠯᠠᠪᠤᠷ ᠤᠨ ᠪᠦᠲᠦᠭᠡᠨ  ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠦᠵᠡᠪᠡ᠃ ᠲᠡᠷᠡ ᠪᠠᠷᠢᠯᠭ᠎ᠠ ᠶᠢᠨ ᠠᠵᠤ ᠠᠬᠤᠶᠢᠯᠠᠯ ᠢ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ  ᠢ ᠦᠨᠡᠨ ᠬᠦ  ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠬᠢᠴᠠ ᠶᠢ ᠵᠠᠪᠳᠤᠵᠤ᠂ ᠰᠡᠭᠦᠯ ᠬᠤᠷᠢᠶᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠬᠡᠨ ᠪᠡᠶᠡᠯᠡᠭᠦᠯᠵᠦ᠂ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ᠂  ᠤᠶᠢᠯᠡᠳᠤᠯ ᠢ ᠨᠢ ᠡᠷᠲᠡᠬᠡᠨ ᠪᠠᠳᠠᠷᠠᠭᠤᠯᠬᠤ ᠪᠠᠷ ᠴᠢᠷᠮᠠᠶᠢᠬᠤ ᠬᠡᠷᠡᠭᠲᠡᠶ᠃
   ᠪᠠᠶᠢᠴᠠᠭᠠᠨ ᠰᠤᠳᠤᠯᠬᠤ ᠶᠠᠪᠤᠴᠠ ᠳᠤ᠂ ᠯᠢ ᠶᠢᠩ ᠪᠠᠰᠠ ᠬᠤᠩ ᠵᠤᠤ ᠰᠢᠶᠠᠩ ᠤᠨ ᠳ᠋ᠦᠩ ᠾᠧ ᠽᠢ — ᠳ᠋ᠠ ᠲᠠᠨ 563 ᠰᠢᠶᠠᠨ ᠤ ᠵᠠᠮ᠂ ᠢ ᠳ᠋ᠦᠩ ᠳ᠋ᠦᠩ  ᠰᠢᠩ ᠬᠢᠮᠢ ᠶᠢᠨ ᠠᠵᠤ ᠤᠶᠢᠯᠡᠳᠪᠦᠷᠢ ᠶᠢᠨ ᠺᠣᠮᠫᠠᠨᠢ ᠶᠢᠨ ᠲᠥᠪᠯᠡᠷᠡᠭᠦᠯᠦᠨ  ᠡᠵᠡᠮᠳᠡᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃
                    ᠤᠷᠴᠢᠭᠤᠯᠤᠭᠴᠢ ᠨᠠᠶᠢᠷᠠᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2