ᠴᠤᠤᠶᠠᠩ ᠲᠣᠭᠤᠷᠢᠭ — ᠥᠪᠥᠷ ᠮᠣᠩᠭᠤᠯ ᠤᠨ ᠵᠦᠸᠧᠽᠢ ᠰᠢᠶᠠᠨ 2020 ᠤᠨ ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠤᠶᠢᠯᠡᠴᠢᠯᠡᠭᠡᠨ ᠤ ᠬᠠᠮᠵᠢᠯᠴᠠᠭ᠎ᠠ︾ ᠨᠠᠮᠤᠷ ᠤᠨ ᠤᠯᠠᠷᠢᠯ ᠤᠨ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠬᠤᠷᠠᠯ ᠮᠠᠨ ᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2020/9/17
    9 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 9 ᠴᠠᠭ ᠲᠤ ᠮᠠᠨ ᠤ ᠰᠢᠶᠠᠨ ᠲᠦᠩ ᠯᠧ ᠠᠭᠤᠳᠠᠮ ᠲᠠᠯᠠᠪᠠᠶ ᠳᠤ ︽ᠪᠡᠭᠡᠵᠢᠩ ᠬᠤᠲᠠ ᠶᠢᠨ ᠴᠤᠤᠶᠠᠩ ᠲᠣᠭᠤᠷᠢᠭ — ᠥᠪᠥᠷ ᠮᠣᠩᠭᠤᠯ ᠤᠨ ᠵᠦᠸᠧᠽᠢ ᠰᠢᠶᠠᠨ ᠤ 2020 ᠣᠨ ᠤ ︿ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠤᠶᠢᠯᠡᠴᠢᠯᠡᠭᠡᠨ ᠤ ᠬᠠᠮᠵᠢᠯᠴᠠᠭ᠎ᠠ﹀ ᠨᠠᠮᠤᠷ ᠤᠨ ᠤᠯᠠᠷᠢᠯ ᠤᠨ ᠲᠤᠬᠠᠶ ᠶᠢᠨ ᠲᠠᠯᠠᠪᠠᠢ ᠶᠢᠨ ᠠᠵᠢᠯᠲᠠᠨ ᠡᠯᠰᠡᠬᠦ ᠬᠤᠷᠠᠯ︾ ᠬᠢᠪᠠ᠃ ᠪᠡᠭᠡᠵᠢᠩ ᠬᠤᠲᠠ ᠶᠢᠨ ᠴᠤᠤᠶᠠᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ  ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢ ᠠᠬᠢᠭᠤᠯᠬᠤ ᠰᠠᠯᠠᠭᠠᠨ ᠤ ᠳᠠᠷᠤᠭ᠎ᠠ ᠯᠢᠦ ᠶᠠᠨ ᠵᠢᠶᠧ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠬᠤ ᠲᠣᠪᠴᠢᠶ᠎ᠠ ᠶᠢᠨ ᠮᠠᠯᠴᠢᠨ ᠲᠠᠷᠢᠶᠠᠴᠢᠨ ᠤ ᠬᠠᠮᠢᠶᠠᠷᠤᠯᠲᠠ ᠶᠢᠨ ᠭᠠᠵᠠᠷ ᠤᠨ ᠳᠡᠳ᠋ ᠪᠠᠶᠢᠴᠠᠭᠠᠨ ᠰᠤᠳᠤᠯᠤᠭᠴᠢ ᠯᠠᠨ ᡁᠢ ᠵᠢᠶᠦ᠋ᠨ᠂ ᠤᠯᠠᠭᠠᠨᠴᠠᠪ ᠬᠤᠲᠠ ᠶᠢᠨ ᠠᠵᠢᠯ ᠣᠯᠭᠤᠯᠲᠠ ᠶᠢᠨ ᠲᠣᠪᠴᠢᠶ᠎ᠠ ᠶᠢᠨ ᠳᠠᠷᠤᠭ᠎ᠠ ᠯᠢ ᠸᠧᠶ ᠳ᠋ᠦᠩ᠂ ᠵᠦᠸᠧᠽᠢ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠸᠠᠩ ᠢᠦᠶ ᠸᠧᠶ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ ᠣᠯᠭᠤᠬᠤ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ  ᠲᠤᠪᠴᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠠᠵᠢᠯᠴᠢᠨ ᠤ ᠡᠪᠯᠡᠯ᠂ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠲᠠᠨ ᠡᠯᠰᠡᠬᠦ ᠴᠤᠭᠯᠠᠭᠠᠨ ᠤ ᠡᠬᠢᠯᠡᠯᠲᠡ ᠶᠢᠨ ᠶᠣᠰᠣᠯᠠᠯ ᠳᠤ ᠣ‌‍ᠷᠣᠯᠴᠠᠪᠠ᠃    ᠠᠵᠢᠯᠲᠠᠨ ᠡᠯᠰᠡᠬᠦ ᠬᠤᠷᠠᠯ ᠡᠬᠢᠯᠡᠬᠦ ᠶᠣᠰᠣᠯᠠᠯ ᠢ ᠵᠦᠸᠧᠽᠢ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠶᠠᠩ ᠮᠢᠩ ᠬᠦᠶ ᠡᠷᠬᠢᠯᠡᠵᠡᠶ᠃ ᠵᠦᠸᠧᠽᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠸᠠᠩ ᠢᠦᠶ ᠸᠧᠶ᠂ ᠪᠡᠭᠡᠵᠢᠩ ᠬᠤᠲᠠ ᠶᠢᠨ ᠴᠤᠤᠶᠠᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢ ᠠᠬᠢᠭᠤᠯᠬᠤ ᠰᠠᠯᠠᠭᠠᠨ ᠤ ᠳᠠᠷᠤᠭ᠎ᠠ ᠯᠢᠦ ᠶᠠᠨ ᠵᠢᠶᠧ ᠲᠤᠰ ᠲᠤᠰ ᠦᠭᠡ ᠬᠡᠯᠡᠵᠡᠶ᠃    ᠲᠤᠰ ᠤᠳᠠᠭᠠᠨ ᠤ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠳᠤ ᠣᠷᠣᠨ ᠤ ᠳᠣᠲᠣᠷ᠎ᠠ ᠭᠠᠳᠠᠨᠠᠬᠢ 28 ᠠᠵᠤ ᠠᠬᠤᠶᠢᠯᠠᠯ ︵ᠡᠭᠦᠨ ᠳᠤ ᠪᠡᠭᠡᠵᠢᠩ ᠬᠤᠲᠠ ᠶᠢᠨ 14 ᠠᠵᠤ ᠠᠬᠤᠶᠢᠯᠠᠯ︶ ᠣᠷᠣᠯᠴᠠᠵᠠᠶ᠃ 142 ᠠᠵᠢᠯ ᠤᠨ ᠪᠠᠶᠢᠷᠢ ᠬᠠᠩᠭᠠᠵᠤ᠂ 11302 ᠠᠵᠢᠯ ᠤᠨ ᠬᠦᠮᠦᠨ ᠤ ᠲᠤᠭ᠎ᠠ ᠬᠠᠩᠭᠠᠪᠠ᠃ ᠲᠤᠬᠠᠶ ᠶᠢᠨ ᠲᠠᠯᠠᠪᠠᠶ ᠳᠤ ᠣᠷᠣᠯᠴᠠᠭᠰᠠᠨ ᠬᠥᠮᠦᠨ ᠤᠳᠠᠭ᠎ᠠ 600 ᠬᠥᠮᠦᠨ ᠤᠳᠠᠭ᠎ᠠ ᠳᠤ ᠬᠦᠷᠴᠦ᠂ ᠠᠩᠬ᠎ᠠ ᠠᠯᠬᠤᠮ 56 ᠬᠥᠮᠦᠨ ᠳᠤ ᠠᠵᠢᠯ ᠣᠯᠭᠤᠬᠤ ᠰᠠᠨᠠᠮᠵᠢ ᠲᠠᠢ ᠪᠣᠯᠪᠠ ︵ᠪᠡᠭᠡᠵᠢᠩ ᠤᠨ ᠠᠵᠤ ᠠᠬᠤᠶᠢᠯᠠᠯ 35  ᠬᠦᠮᠦᠨ᠂ ᠲᠤᠬᠠᠶ ᠶᠢᠨ ᠭᠠᠵᠠᠷ ᠤᠨ ᠠᠵᠤ ᠠᠬᠤᠶᠢᠯᠠᠯ 21 ᠬᠥᠮᠦᠨ︶᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠳᠠᠩᠰᠠᠯᠠᠯᠲᠠ ᠪᠠ ᠠᠵᠢᠯ ᠡᠷᠢᠬᠦ ᠳᠠᠩᠰᠠᠯᠠᠯᠲᠠ 40 ᠭᠠᠷᠤᠶ ᠬᠥᠮᠦᠨ᠂ 100 ᠭᠠᠷᠤᠶ ᠬᠥᠮᠦᠨ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠤᠬᠠᠭᠤᠯᠭ᠎ᠠ ᠶᠢᠨ ᠮᠠᠲ᠋ᠧᠷᠢᠶᠠᠯ ᠪᠠ ᠠᠵᠢᠯᠯᠠᠭᠠᠨ ᠤ ᠪᠣᠳᠠᠰ 600 ᠭᠠᠷᠤᠶ ᠬᠤᠪᠢ ᠲᠠᠷᠬᠠᠭᠠᠵᠠᠶ᠃   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠠᠵᠢᠯᠴᠢᠨ ᠬᠡᠷᠡᠭᠯᠡᠬᠦ ᠠᠵᠤ ᠠᠬᠤᠶᠢᠯᠠᠯ ᠤᠨ ᠠᠵᠢᠯᠲᠠᠨ ᠡᠯᠰᠡᠬᠦ ᠵᠥᠪᠯᠡᠯᠭᠡ ᠠᠪᠬᠤ ᠳᠠᠩᠰᠠᠯᠠᠯ ᠠᠴᠠ ᠭᠠᠳᠠᠨ᠎ᠠ᠂ ᠰᠢᠶᠠᠨ ᠤ ᠠᠵᠢᠯ ᠣᠯᠭᠤᠬᠤ ᠲᠣᠪᠴᠢᠶ᠎ᠠ ᠪᠠᠰᠠ ᠰᠤᠶᠢᠳᠬᠡᠯ ᠬᠤᠷᠢᠶᠠᠬᠤ ᠦᠭᠡᠶ ᠪᠠᠷ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ᠂ ᠰᠤᠶᠢᠳᠬᠡᠯ ᠬᠤᠷᠢᠶᠠᠬᠤ ᠦᠭᠡᠶ ᠪᠠᠷ ᠠᠵᠢᠯ ᠡᠷᠢᠬᠦ ᠳᠠᠩᠰᠠᠯᠠᠯᠲᠠ ᠬᠢᠬᠦ ᠪᠠ ᠡᠷᠬᠢᠯᠡᠭᠰᠡᠨ ᠠᠵᠢᠯ ᠲᠠᠨᠢᠯᠴᠠᠭᠤᠯᠬᠤ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ  ᠲᠤᠭᠲᠠᠭᠠᠯ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠡᠷᠭᠡ ᠨᠡᠶᠢᠲᠡ ᠶᠢᠨ ᠠᠰᠠᠷᠠᠮᠵᠢ ᠶᠢᠨ ᠤᠶᠢᠯᠡᠴᠢᠯᠡᠭᠡ ᠶᠢ ᠥᠷᠨᠢᠭᠦᠯᠵᠡᠶ᠃
                ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2