ᠴᠤᠤᠶᠠᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢ ᠠᠬᠢᠭᠤᠯᠬᠤ ᠰᠠᠯᠠᠭᠠᠨ ᠤ ᠳᠠᠷᠤᠭ᠎ᠠ ᠯᠢᠦ ᠶᠠᠨ ᠵᠢᠶᠧ ᠮᠠᠨ ᠤ ᠰᠢᠶᠠᠨ ᠳᠤ ᠢᠷᠡᠵᠦ ᠵᠤᠯᠭᠠᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020/9/17
    9 ᠰᠠᠷ᠎ᠠ ᠶᠢᠨ 8 ᠤ ᠡᠳᠦᠷ᠂ ᠪᠡᠭᠡᠵᠢᠩ ᠬᠤᠲᠠ ᠶᠢᠨ ᠴᠤᠤᠶᠠᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢ ᠠᠬᠢᠭᠤᠯᠬᠤ ᠰᠠᠯᠠᠭᠠᠨ ᠤ ᠳᠠᠷᠤᠭ᠎ᠠ ᠯᠢᠦ ᠶᠠᠨ ᠵᠢᠶᠧ ᠮᠠᠨ ᠤ ᠰᠢᠶᠠᠨ ᠲᠠᠢ ᠬᠥᠳᠡᠯᠮᠦᠷᠢ ᠤᠶᠢᠯᠡᠴᠢᠯᠡᠭᠡ ᠶᠢᠨ ᠬᠠᠮᠵᠢᠯᠴᠠᠭ᠎ᠠ ᠶᠢᠨ ᠠᠵᠢᠯ ᠢᠶᠠᠨ ᠵᠤᠯᠭᠠᠭᠤᠯᠬᠤ ᠪᠠᠷ ᠢᠷᠡᠪᠡ᠃    9 ᠤ ᠡᠳᠦᠷ ᠤᠨ ᠦᠳᠡ ᠶᠢᠨ ᠡᠮᠦᠨ᠎ᠡ ᠰᠢᠶᠠᠨ ᠤ ᠲᠦᠩ ᠯᠧ ᠠᠭᠤᠳᠠᠮ ᠲᠠᠯᠠᠪᠠᠶ ᠳᠤ ︽ᠪᠡᠭᠡᠵᠢᠩ ᠬᠤᠲᠠ ᠶᠢᠨ ᠴᠤᠤᠶᠠᠩ ᠲᠤᠭᠤᠷᠢᠭ — ᠥᠪᠥᠷ ᠮᠣᠩᠭᠤᠯ ᠤᠨ ᠵᠦᠸᠧᠽᠢ ᠰᠢᠶᠠᠨ ᠤ 2020 ᠣᠨ ᠤ ︿ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠤᠶᠢᠯᠡᠴᠢᠯᠡᠭᠡᠨ ᠤ ᠬᠠᠮᠵᠢᠯᠴᠠᠭ᠎ᠠ﹀ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠬᠤᠷᠠᠯ︾ ᠬᠢᠪᠠ᠃ ᠪᠡᠭᠡᠵᠢᠩ ᠬᠤᠲᠠ ᠶᠢᠨ ᠴᠤᠤᠶᠠᠩ ᠲᠣᠭᠤᠷᠢᠭ ᠤᠨ 14 ᠠᠵᠤ ᠠᠬᠤᠶᠢᠯᠠᠯ ᠠᠵᠢᠯᠲᠠᠨ ᠡᠯᠰᠡᠬᠦ ᠬᠤᠷᠠᠯ ᠳᠤ ᠣᠷᠣᠯᠴᠠᠵᠤ᠂ ᠯᠢᠦ ᠶᠠᠨ ᠵᠢᠶᠧ ᠠᠵᠢᠯᠲᠠᠨ ᠡᠯᠰᠡᠬᠦ ᠬᠤᠷᠠᠯ ᠤᠨ ᠡᠬᠢᠯᠡᠬᠦ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃    ᠠᠵᠢᠯᠲᠠᠨ ᠡᠯᠰᠡᠬᠦ ᠬᠤᠷᠠᠯ ᠤᠨ ᠡᠬᠢᠯᠡᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠯᠢᠦ ᠶᠠᠨ ᠵᠢᠶᠧ ᠨᠡᠷ ᠰᠢᠶᠠᠨ ᠤ ᠣᠨᠳᠣᠤ ᠭᠠᠵᠠᠷ ᠲᠤ ᠨᠡᠭᠦᠭᠰᠡᠨ ᠠᠷᠠᠳ ᠢ ᠨᠡᠭᠦᠯᠭᠡᠬᠦ ᠵᠢᠵᠢᠭ ᠲᠣᠭᠤᠷᠢᠭ ᠲᠤ ᠤᠴᠢᠵᠤ ᠣᠨᠳᠣᠤ ᠭᠠᠵᠠᠷ ᠲᠤ ᠨᠡᠭᠦᠯᠭᠡᠵᠦ ᠲᠥᠪᠬᠢᠨᠡᠭᠦᠯᠬᠦ ᠭᠠᠵᠠᠷ ᠤᠨ ᠠᠵᠢᠯ ᠣᠯᠭᠤᠯᠲᠠ ᠶᠢᠨ ᠤᠶᠢᠯᠡᠴᠢᠯᠡᠭᠡᠨ ᠤ ᠠᠵᠢᠯ ᠤᠨ ᠥᠷᠲᠡᠭᠡ ᠪᠠ ᠶᠠᠳᠠᠭᠤ ᠶᠢ ᠲᠡᠳᠬᠦᠬᠦ  ᠤᠶᠢᠯᠡᠳᠪᠦᠷᠢ ᠶᠢᠨ ᠲᠠᠰᠤᠭ ᠢ ᠲᠣᠭᠤᠷᠢᠨ ᠦᠵᠡᠵᠦ᠂ ᠮᠠᠨ ᠤ ᠰᠢᠶᠠᠨ ᠤ ᠣᠨᠳᠣᠤ ᠭᠠᠵᠠᠷ ᠲᠤ ᠨᠡᠭᠦᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠵᠢᠯ ᠣᠯᠭᠤᠭᠰᠠᠨ ᠪᠠᠶᠢᠳᠠᠯ ᠳᠤ  ᠭᠦᠨᠵᠡᠭᠡᠢ ᠪᠠᠶᠢᠴᠠᠭᠠᠨ ᠰᠤᠳᠤᠯᠤᠯᠲᠠ ᠬᠢᠪᠡ᠃    ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ᠵᠦᠸᠧᠽᠢ ᠱᠠᠨ ᠪᠠᠯᠭᠠᠰᠤᠨ ᠤ ᠵᠢᠷᠭᠤᠳᠤᠭᠠᠷ ᠰᠤᠮᠤ ᠲᠣᠰᠬᠤᠨ ᠳᠤ  ᠪᠡᠭᠡᠵᠢᠩ ᠥᠪᠥᠷ ᠮᠣᠩᠭᠤᠯ ᠤᠨ ᠬᠥᠳᠡᠯᠮᠦᠷᠢ  ᠤᠶᠢᠯᠡᠴᠢᠯᠡᠭᠡᠨ ᠤ ᠬᠠᠮᠵᠢᠯᠴᠠᠭ᠎ᠠ ᠶᠢᠨ ᠶᠠᠷᠢᠯᠴᠠᠬᠤ ᠬᠤᠷᠠᠯ ᠬᠢᠪᠠ᠃ ᠤᠯᠠᠭᠠᠨᠴᠠᠪ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠶᠠᠨ ᠤ ᠠᠵᠢᠯ ᠣᠯᠭᠤᠯᠲᠠ ᠶᠢᠨ ᠲᠣᠪᠴᠢᠶ᠎ᠠ᠂ ᠵᠦᠸᠧᠽᠢ ᠱᠠᠨ ᠪᠠᠯᠭᠠᠰᠤᠨ ᠤ ᠬᠠᠮᠢᠶ᠎ᠠ ᠪᠦᠬᠦᠢ ᠤᠳᠤᠷᠢᠳᠤᠯᠭ᠎ᠠ᠂ ᠰᠢᠶᠠᠨ ᠤ ᠳᠣᠲᠣᠷᠠᠬᠢ ᠠᠳᠠᠯ ᠤᠶᠢᠯᠡᠰ ᠴᠣᠭᠴᠠᠯᠠᠵᠤ ᠴᠢᠨᠡᠭᠡᠯᠢᠭᠵᠢᠭᠰᠡᠨ ᠳᠠᠭᠠᠭᠤᠯᠤᠭᠴᠢ ᠶᠢᠨ ᠲᠥᠯᠥᠭᠡᠯᠡᠭᠴᠢ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠥᠮᠦᠰ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠰᠢᠶᠠᠨ ᠤ ᠠᠵᠢᠯ ᠣᠯᠭᠤᠬᠤ ᠲᠣᠪᠴᠢᠶ᠎ᠠ ᠶᠢᠨ ᠬᠠᠷᠢᠭᠤᠴᠠᠯᠭᠠᠲᠠᠨ 2020 ᠣᠨ ᠤ ᠮᠠᠨ ᠤ ᠰᠢᠶᠠᠨ ᠤ ᠬᠥᠳᠡᠯᠮᠦᠷᠢ ᠤᠶᠢᠯᠡᠴᠢᠯᠡᠭᠡᠨ ᠤ ᠬᠠᠮᠵᠢᠯᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠪᠠ ᠣᠷᠣᠰᠢᠵᠤ ᠪᠠᠶᠢᠭ᠎ᠠ ᠬᠦᠴᠢᠷᠳᠡᠯ ᠢ ᠬᠠᠷᠢᠭᠤ ᠮᠡᠳᠡᠭᠦᠯᠪᠡ᠃ ᠬᠤᠶᠠᠷ ᠲᠠᠯ᠎ᠠ ᠪᠠᠷ ᠢᠶᠠᠨ ᠮᠠᠨ ᠤ ᠰᠢᠶᠠᠨ ᠤ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠠᠵᠢᠯ ᠢ ᠭᠦᠨᠵᠡᠭᠡᠢ ᠰᠤᠳᠤᠯᠤᠨ ᠶᠠᠷᠢᠯᠴᠠᠪᠠ᠃ ᠯᠢᠦ ᠶᠠᠨ ᠵᠢᠶᠧ ᠮᠠᠨ ᠤ ᠰᠢᠶᠠᠨ ᠤ ᠬᠥᠳᠡᠯᠮᠦᠷᠢ ᠤᠶᠢᠯᠡᠴᠢᠯᠡᠭᠡ ᠶᠢᠨ ᠬᠠᠮᠵᠢᠯᠴᠠᠭ᠎ᠠ ᠶᠢᠨ ᠠᠵᠢᠯ ᠢ ᠨᠤᠲᠠᠯᠠᠵᠤ  ᠂ ᠬᠤᠲᠠ ᠶᠢᠨ ᠠᠵᠢᠯ ᠣᠯᠭᠤᠯᠲᠠ ᠶᠢᠨ ᠲᠣᠪᠴᠢᠶ᠎ᠠ ᠶᠢᠨ ᠳᠠᠷᠤᠭ᠎ᠠ ᠯᠢ ᠸᠧᠶ ᠳ᠋ᠦᠩ  ᠴᠤᠤᠶᠠᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠦᠸᠧᠽᠢ ᠰᠢᠶᠠᠨ ᠤ ᠬᠥᠳᠡᠯᠮᠦᠷᠢ ᠤᠶᠢᠯᠡᠴᠢᠯᠡᠭᠡ ᠪᠠᠷ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠠᠵᠢᠯ ᠳᠤ ᠬᠠᠩᠭᠠᠭᠰᠠᠨ ᠬᠦᠴᠦᠲᠡᠶ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠡᠯ᠎ᠡ ᠲᠠᠯ᠎ᠠ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠯᠣᠯᠴᠠᠭ᠎ᠠ ᠪᠠᠨ  ᠴᠢᠩᠭᠠᠳᠬᠠᠵᠤ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠡᠯ᠎ᠡ ᠵᠦᠢᠯ ᠤᠨ ᠠᠵᠢᠯ ᠢ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃
                ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2