ᠪᠡᠭᠡᠵᠢᠩ ᠤᠨ ᠴᠤᠤᠶᠠᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠦᠸᠧᠽᠢ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/9/17
    9 ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠴᠤᠤᠶᠠᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠤ ᠶᠦᠨ ᠵᠢᠶᠧ ᠨᠠᠷ ᠮᠠᠨ ᠤ ᠰᠢᠶᠠᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ  ᠬᠠᠮᠵᠢᠯᠴᠠᠭᠠᠨ ᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠵᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠰᠢᠶᠠᠨ ᠤ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠬᠡᠯᠡᠯᠴᠡᠭᠡᠷ ᠤᠨ ᠭᠦᠢᠴᠡᠳᠬᠡᠯ ᠲᠤᠭ᠎ᠠ ᠶᠢᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠬᠦ ᠶᠢᠨ ᠬᠠᠮᠲᠤ ᠳᠠᠷᠠᠭᠠᠴᠢ ᠶᠢᠨ ᠠᠯᠬᠤᠮ ᠳᠤ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢ ᠬᠡᠷᠬᠢᠨ ᠥᠷᠨᠢᠭᠦᠯᠬᠦ ᠲᠤᠬᠠᠶ ᠰᠠᠨᠠᠭᠤᠯᠭ᠎ᠠ ᠳᠤᠷᠠᠳᠪᠠ᠃ ᠬᠤᠶᠠᠷ ᠲᠠᠯ᠎ᠠ ᠪᠠᠷ ᠢᠶᠠᠨ ᠤᠳᠤᠷᠢᠳᠤᠯᠭ᠎ᠠ ᠨᠠᠷ ᠤᠨ ᠬᠠᠷᠢᠯᠴᠠᠨ ᠰᠤᠷᠪᠤᠯᠵᠢᠯᠠᠬᠤ᠂ ᠴᠢᠳᠠᠪᠤᠷᠢᠲᠠᠨ ᠤ ᠰᠤᠯᠢᠯᠴᠠᠭ᠎ᠠ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ᠂ ᠬᠤᠤᠰᠯᠠᠯ ᠪᠣᠯᠵᠤ ᠬᠠᠪᠰᠤᠷᠤᠨ ᠲᠡᠳᠬᠦᠬᠦ ᠵᠡᠷᠭᠡ ᠠᠵᠢᠯ ᠤᠨ ᠲᠤᠬᠠᠶ ᠥᠷᠭᠡᠨ ᠢᠶᠠᠷ ᠰᠣᠯᠢᠯᠴᠠᠵᠠᠶ᠃ ᠳᠠᠷᠠᠭᠠᠴᠢ ᠶᠢᠨ ᠠᠯᠬᠤᠮ ᠤᠨ ᠠᠵᠢᠯ ᠤᠨ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠪᠠ᠃    ᠯᠢ ᠵᠦᠩ ᠰᠢᠶᠠᠨ ᠤ ᠳᠡᠳ᠋ ᠳᠠᠷᠤᠭ᠎ᠠ ᠬᠤᠤ ᠶᠦᠨ ᠵᠢᠶᠧ ᠨᠡᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ᠂ ᠦᠷᠭᠦᠯᠵᠢᠯᠡᠨ 2020 ᠣᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠᠷ ᠰᠢᠨ᠎ᠡ ᠭᠠᠷᠤᠭ᠎ᠠ ᠪᠣᠯᠭᠠᠵᠤ᠂ ᠨᠡᠩ ᠨᠢᠭᠲᠠ᠂ ᠨᠡᠩ ᠥᠷᠭᠡᠨ ᠳᠡᠯᠭᠡᠷ᠂ ᠨᠡᠩ ᠭᠦᠨᠵᠡᠭᠡᠶ ᠨᠡᠪᠲᠡᠷᠡᠯᠴᠡᠭᠡ ᠬᠠᠷᠢᠯᠴᠠᠭ᠎ᠠ᠂ ᠰᠤᠷᠤᠯᠴᠠᠯᠭ᠎ᠠ ᠬᠢᠵᠦ᠂ ᠴᠤᠤ ᠵᠦᠸᠧ ᠬᠤᠶᠠᠷ ᠭᠠᠵᠠᠷ ᠤᠨ ᠬᠠᠮᠲᠤᠪᠠᠷ ᠪᠠᠶᠢᠭᠤᠯᠵᠤ ᠬᠠᠮᠲᠤᠪᠠᠷ ᠠᠰᠢᠭ ᠬᠦᠷᠲᠡᠬᠦ ᠶᠢ  ᠴᠢᠷᠮᠡᠶᠢᠨ ᠠᠬᠢᠭᠤᠯᠵᠤ᠂ ᠬᠤᠶᠠᠷ ᠭᠠᠵᠠᠷ ᠤᠨ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ᠃
                ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2