ᠪᠥᠬᠦ ᠰᠢᠶᠠᠨ ᠤ ᠡᠯ᠎ᠡ ᠱᠠᠲᠤᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠪᠠᠶᠢᠭᠤᠯᠤᠮᠵᠢ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠳᠤ᠄ | ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠤᠯ ᠢᠶᠠᠨ ᠪᠣᠯᠭᠠᠳᠠᠭ᠂ ᠠᠮᠤ ᠬᠦᠨᠡᠰᠦ ᠠᠮᠤ ᠪᠤᠳᠠᠭ᠎ᠠ ᠪᠠᠷ | ᠲᠡᠷᠢᠭᠦᠨ ᠳᠤ ᠲᠠᠯᠪᠢᠳᠠᠭ᠃ ᠠᠮᠤ ᠪᠤᠳᠠᠭ᠎ᠠ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠶᠢᠨ ᠡᠷᠬᠢᠮ | ᠨᠠᠨᠳᠢᠨ ᠡᠬᠢ ᠪᠠᠶᠠᠯᠢᠭ ᠮᠥᠨ᠂ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ | ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠮᠥᠨ᠃ ᠠᠮᠤ ᠪᠤᠳᠠᠭᠠᠨ ᠤ ᠠᠰᠠᠭᠤᠳᠠᠯ ᠪᠣᠯ ᠠᠵᠤ ᠠᠬᠤᠶ ᠶᠢᠨ | ᠠᠰᠠᠭᠤᠳᠠᠯ ᠮᠥᠷᠲᠡᠭᠡᠨ ᠪᠠᠰᠠ ᠤᠯᠤᠰ ᠲᠥᠷᠥ ᠶᠢᠨ ᠠᠰᠠᠭᠤᠳᠠᠯ ᠮᠥᠨ᠃ ᠮᠠᠨ ᠤ ᠤᠯᠤᠰ ᠤᠨ ᠬᠥᠮᠦᠨ ᠠᠮᠠ | ᠣᠯᠠᠨ᠂ ᠭᠠᠵᠠᠷ ᠰᠢᠷᠣᠶ ᠶᠢᠨ ᠡᠬᠢ ᠪᠠᠶᠠᠯᠢᠭ ᠬᠦᠷᠦᠯᠴᠡᠬᠦ ᠦᠭᠡᠶ᠂ ᠤᠰᠤᠨ ᠤ ᠡᠬᠢ ᠪᠠᠶᠠᠯᠢᠭ ᠳᠤᠲᠠᠮᠠᠭ ᠪᠠᠶᠢᠬᠤ | ᠤᠯᠤᠰ ᠤᠨ ᠦᠨᠳᠦᠰᠦᠨ ᠪᠠᠶᠢᠳᠠᠯ ᠨᠢ ᠨᠡᠯᠢᠶᠡᠳ ᠤᠷᠲᠤ ᠬᠤᠭᠤᠴᠠᠭᠠᠨ ᠤ ᠳᠣᠲᠣᠷ᠎ᠠ ᠠᠮᠤ ᠪᠤᠳᠠᠭᠠᠨ ᠤ ᠬᠠᠩᠭᠠᠯᠭ᠎ᠠ | ᠬᠡᠷᠡᠭᠴᠡᠭᠡ ᠮᠥᠨ ᠯᠡ ᠪᠠᠴᠢᠮ ᠲᠡᠩᠴᠡᠭᠦᠷᠢᠲᠡᠶ ᠪᠠᠶᠢᠳᠠᠯ ᠳᠤ ᠪᠠᠶᠢᠬᠤ ᠶᠢ ᠲᠣᠭᠲᠠᠭᠠᠵᠠᠢ᠃ ᠶᠡᠷᠦᠩᠬᠡᠶ ᠱᠦᠵᠢ | ᠰᠢ ᠶᠢᠨ ᠫᠢᠩ ᠤᠨ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠦᠢᠯᠡ ᠠᠵᠢᠯᠯᠠᠭ᠎ᠠ ᠶᠢ ᠬᠤᠷᠢᠭᠯᠠᠬᠤ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠠᠮᠤ ᠪᠤᠳᠠᠭ᠎ᠠ ᠶᠢ | ᠪᠦᠷᠢᠯᠭᠡᠨ ᠰᠦᠢᠳᠬᠡᠬᠦ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠠᠷᠪᠢᠯᠠᠨ ᠭᠠᠮᠨᠠᠬᠤ ᠳᠠᠳᠭᠠᠯ ᠢ ᠦᠨᠡᠨᠬᠦ | ᠬᠥᠮᠦᠵᠢᠭᠦᠯᠵᠦ᠂ ᠨᠡᠶᠢᠭᠡᠮ ᠳᠠᠶᠠᠭᠠᠷ ᠲᠤ ᠪᠦᠷᠢᠯᠭᠡᠨ ᠰᠦᠢᠳᠬᠡᠬᠦ᠂ ᠠᠷᠪᠢᠯᠠᠨ ᠭᠠᠮᠨᠠᠬᠤ ᠪᠠᠷ ᠢᠷᠠᠭᠤ ᠠᠯᠳᠠᠷ ᠢᠶᠠᠨ | ᠪᠣᠯᠭᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠵᠦᠸᠧᠽᠢ ᠰᠢᠶᠠᠨ ᠤ ᠪᠠᠶᠢᠭᠤᠯᠭ᠎ᠠ ᠶᠢᠨ | ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄ | ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ | ᠬᠡᠷᠡᠭᠵᠢᠭᠦᠯᠦᠨ᠎ᠡ᠃ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠪᠣᠯ ᠳᠤᠮᠳᠠᠳᠤ ᠶᠢᠨ ᠦᠨᠳᠦᠰᠦᠲᠡᠨ ᠤ ᠰᠢᠯᠢᠳᠡᠭ | ᠵᠠᠩ ᠮᠣᠷᠠᠯ ᠮᠥᠨ᠃ ᠣᠳᠣᠬᠠᠨ ᠳᠤ᠂ ︽ᠬᠡᠯᠡᠨ ᠤ ᠦᠵᠦᠭᠦᠷ ᠳᠡᠭᠡᠷᠡᠬᠢ ᠪᠦᠷᠢᠯᠭᠡᠨ ᠰᠦᠢᠳᠬᠡᠬᠦ︾ ᠦᠵᠡᠭᠳᠡᠯ | ᠪᠠᠶᠢᠨ ᠪᠠᠶᠢᠨ ᠭᠠᠷᠴᠤ ᠪᠠᠶᠢᠨ᠎ᠠ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ | ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠬᠥᠳᠡᠯᠮᠦᠷᠢ ᠶᠢ ᠬᠦᠨᠳᠦᠳᠬᠡᠵᠦ᠂ ᠠᠵᠢᠯᠴᠢ ᠠᠷᠪᠢᠴᠢ ᠠᠷᠪᠢᠯᠠᠨ | ᠭᠠᠮᠨᠠᠬᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠶᠡᠬᠡᠪᠡᠷ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠢᠳᠡᠵᠦ᠂ | ᠪᠣᠯᠪᠠᠰᠤᠨ ᠢᠶᠠᠷ ᠬᠤᠭᠤᠯᠠᠯᠠᠬᠤ ᠶᠢ ᠪᠡᠶᠡᠯᠡᠭᠦᠯᠵᠦ ᠂ ᠣᠶᠤᠨᠯᠢᠭ ᠬᠡᠷᠡᠭᠯᠡᠭᠡ ᠨᠢ ᠪᠣᠯᠪᠠᠰᠤᠨ ᠡᠷᠡᠭᠦᠯ ᠴᠢᠭᠢᠷᠠᠭ᠂ | ᠪᠣᠬᠢᠷᠲᠤᠯ ᠦᠭᠡᠶ ᠣᠷᠴᠢᠨ ᠲᠣᠭᠤᠷᠢᠨ ᠢ ᠬᠠᠮᠠᠭᠠᠯᠠᠬᠤ ᠤᠢᠢᠯᠠᠭᠠᠭᠳᠠᠬᠤᠨ ᠢ ᠡᠳᠦᠷ ᠲᠤᠲᠤᠮ ᠤᠨ ᠠᠮᠢᠳᠤᠷᠠᠯ ᠳᠤ | ᠠᠭᠤᠰᠬᠠᠨ᠎ᠠ᠃ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ︽ᠦᠯᠦ ᠪᠦᠷᠢᠯᠭᠡᠬᠦ ᠠᠵᠢᠯᠯᠠᠭ᠎ᠠ︾ ᠳᠤ | ᠢᠳᠡᠪᠬᠢᠲᠡᠶ ᠤᠷᠤᠯᠴᠠᠵᠤ᠂ ᠠᠯᠪᠠᠨ ᠰᠠᠪᠬ᠎ᠠ ᠨᠡᠶᠢᠲᠡ ᠶᠢᠨ ᠰᠢᠨᠠᠭ᠎ᠠ ᠶᠢ ᠤᠬᠠᠮᠰᠠᠷ ᠠᠴᠠ ᠪᠠᠨ ᠬᠡᠷᠡᠭᠯᠡᠵᠦ᠂ ᠠᠮᠤ | ᠪᠤᠳᠠᠭ᠎ᠠ ᠶᠢ ᠪᠦᠷᠢᠯᠭᠡᠬᠦ᠂ ᠣᠶᠤᠨᠴᠢ ᠪᠤᠰᠤ ᠬᠡᠷᠡᠭᠯᠡᠭᠡ ᠬᠢᠬᠦ᠂ ᠬᠤᠷᠢᠮ ᠪᠡᠯᠪᠡᠰᠦᠷᠡᠯ ᠤᠨ ᠪᠠᠶᠠᠷ ᠢ ᠶᠡᠭᠡ ᠪᠠᠷ ᠬᠢᠬᠦ | ᠵᠡᠷᠭᠡ ᠮᠠᠭᠤ ᠰᠤᠷᠲᠠᠯ ᠢ ᠬᠠᠮᠲᠤᠪᠠᠷ ᠡᠰᠡᠷᠭᠦᠴᠡᠨ ᠬᠤᠷᠢᠭᠯᠠᠵᠤ᠂ ᠬᠥᠮᠦᠨ ᠪᠦᠬᠦᠨ ᠡᠷᠬᠢᠮ ᠳᠡᠭᠡᠳᠦ ᠶᠣᠰᠣ | ᠰᠤᠷᠲᠠᠬᠤᠨ ᠤ ᠦᠢᠯᠡᠳᠦᠯᠭᠡᠵᠢᠭᠦᠯᠦᠭᠴᠢ᠂ ᠪᠣᠯᠪᠠᠰᠤᠨ ᠬᠡᠪ ᠰᠤᠷᠲᠠᠯ ᠤᠨ ᠬᠠᠮᠠᠭᠠᠯᠠᠭᠴᠢ᠂ ᠰᠠᠶᠢᠨ ᠰᠠᠶᠢᠬᠠᠨ | ᠠᠮᠢᠳᠤᠷᠠᠯ ᠤᠨ ᠡᠭᠦᠳᠦᠭᠴᠢ ᠪᠣᠯᠬᠤ ᠪᠠᠷ ᠴᠢᠷᠮᠠᠶᠢᠬᠤ ᠬᠡᠷᠡᠭᠲᠡᠶ᠃ | ᠬᠤᠶᠠᠷ᠂ ᠬᠤᠭᠤᠯᠠᠨ ᠭᠡᠷ ᠤᠨ ᠬᠠᠮᠢᠶᠠᠷᠤᠯᠲᠠ ᠶᠢ ᠴᠢᠩᠭᠠᠳᠬᠠᠵᠤ᠂ ᠠᠰᠠᠷᠠᠨ ᠲᠡᠵᠢᠭᠡᠬᠦ ᠰᠤᠷᠭᠠᠨ ᠬᠥᠮᠦᠵᠢᠯ ᠢ | ᠦᠷᠨᠢᠭᠦᠯᠬᠦ ᠬᠡᠷᠡᠭᠲᠡᠶ᠃ ᠡᠯ᠎ᠡ ᠱᠠᠲᠤᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠡᠷᠦᠩᠬᠡᠶ | ᠱᠦᠵᠢ ᠰᠢ ᠶᠢᠨ ᠫᠢᠩ ᠤᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ | ᠡᠰᠡᠷᠭᠦᠴᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠢᠳᠠᠪᠤᠷᠢᠵᠢᠭᠤᠯᠬᠤ᠂ | ᠠᠷᠪᠢᠯᠠᠨ ᠭᠠᠮᠨᠠᠬᠤ ᠬᠡᠯᠪᠡᠷᠢ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢ ᠡᠭᠦᠳᠦᠨ ᠪᠠᠶᠢᠭᠤᠯᠬᠤ ᠪᠠ ᠪᠤᠬᠢᠷᠳᠤᠯ | ᠦᠭᠡᠢ ᠬᠤᠭᠤᠯᠠᠨ ᠭᠡᠷ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠤᠭᠤᠯᠠᠨ ᠭᠡᠷ ᠤᠨ | ᠬᠤᠭᠤᠯᠠ ᠶᠢ ᠠᠷᠪᠢᠯᠠᠬᠤ ᠶᠢ ᠴᠢᠩᠭᠠᠳᠬᠠᠵᠤ᠂ ᠢᠳᠡᠭᠡᠨ ᠬᠤᠳᠠᠯᠳᠤᠨ ᠠᠪᠬᠤ᠂ ᠬᠠᠳᠠᠭᠠᠯᠠᠬᠤ ᠪᠠ | ᠪᠣᠯᠪᠠᠰᠤᠷᠠᠭᠤᠯᠬᠤ ᠵᠡᠷᠭᠡ ᠠᠵᠢᠯ ᠢ ᠰᠠᠶᠢᠲᠤᠷ ᠬᠢᠵᠤ᠂ ᠬᠡᠷᠡᠭᠴᠡᠭᠡᠨ ᠤ ᠬᠢᠨᠢ ᠬᠢᠷᠢ ᠪᠠᠷ ᠬᠠᠩᠭᠠᠨ᠎ᠠ᠃ ᠪᠦᠷᠢᠯᠭᠡᠨ | ᠰᠦᠢᠳᠬᠡᠬᠦ ᠦᠢᠯᠡ ᠠᠵᠢᠯᠯᠠᠭ᠎ᠠ ᠶᠢ ᠪᠣᠯᠵᠣᠨ ᠶᠠᠷᠢᠯᠴᠠᠵᠤ ᠰᠤᠷᠭᠠᠨ ᠴᠡᠭᠡᠷᠯᠡᠭᠦᠯᠬᠦ ᠳᠦᠷᠢᠮ ᠢ ᠬᠡᠷᠡᠭᠵᠢᠭᠦᠯᠦᠨ᠎ᠡ᠃ | ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠨᠤᠭᠤᠳ ᠲᠦᠷᠦᠭᠦᠯᠡᠨ ᠵᠢᠱᠢᠶ᠎ᠡ ᠦᠵᠡᠭᠦᠯᠬᠦ ᠤᠶᠢᠯᠡᠳᠤᠯ ᠢᠶᠠᠨ | ᠰᠠᠶᠢᠲᠤᠷ ᠪᠠᠳᠠᠷᠠᠭᠤᠯᠬᠤ ᠬᠡᠷᠡᠭᠲᠡᠶ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ | ᠰᠤᠷᠤᠭᠴᠢᠳ ᠤᠨ ᠠᠵᠢᠯᠴᠢ ᠠᠷᠪᠢᠴᠢ ᠠᠷᠪᠢᠯᠠᠨ ᠭᠠᠮᠨᠠᠬᠤ ᠥᠷᠢᠨ ᠲᠡᠵᠢᠭᠡᠬᠦ ᠰᠤᠷᠭᠠᠨ ᠬᠥᠮᠦᠵᠢᠯ ᠢ ᠴᠢᠩᠭᠠᠳᠬᠠᠵᠤ | ᠂ ᠪᠦᠷᠢᠯᠭᠡᠨ ᠰᠦᠢᠳᠬᠡᠬᠦ᠂ ᠠᠷᠪᠢᠯᠠᠨ ᠭᠠᠮᠨᠠᠬᠤ ᠪᠠᠷ ᠢᠷᠠᠭᠤ ᠠᠯᠳᠠᠷ ᠢᠶᠠᠨ ᠪᠣᠯᠭᠠᠬᠤ ᠠᠭᠤᠷ ᠠᠮᠢᠰᠬᠤᠯ ᠢ ᠪᠤᠢ | ᠪᠤᠯᠭᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠣᠬᠢᠬᠤ ᠬᠡᠮᠵᠢᠶ᠎ᠡ ᠪᠠᠷ ᠬᠤᠭᠤᠯᠠ | ᠵᠠᠬᠢᠶᠠᠯᠠᠭᠤᠯᠤᠨ᠂ ᠵᠣᠬᠢᠬᠤ ᠬᠡᠮᠵᠢᠶ᠎ᠡ ᠪᠠᠷ ᠢᠳᠡᠰᠢ ᠠᠪᠤᠭᠤᠯᠵᠤ᠂ ᠢᠳᠡᠰᠢ ᠭᠤᠯᠣᠬᠤ ᠦᠭᠡᠶ᠂ ᠪᠤᠳᠠᠭ᠎ᠠ ᠢᠳᠡᠬᠦ | ᠦᠭᠡᠶ᠂ ᠪᠤᠳᠠᠭ᠎ᠠ ᠤᠨᠠᠬᠤ ᠦᠭᠡᠶ᠂ ᠱᠠᠯᠢᠨ ᠪᠦᠷᠢᠯᠭᠡᠬᠦ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ | ᠬᠤᠷᠢᠭᠯᠠᠨ᠎ᠠ᠃ | ᠭᠤᠷᠪᠠ᠂ ᠭᠡᠷ ᠤᠨ ᠰᠤᠷᠲᠠᠯ ᠢ ᠤᠯᠠᠮᠵᠢᠯᠠᠨ ᠵᠠᠯᠭᠠᠮᠵᠢᠯᠠᠬᠤ ᠶᠢ ᠴᠢᠬᠤᠯᠠᠴᠢᠯᠠᠵᠤ᠂ ᠠᠵᠢᠯᠴᠢ ᠠᠷᠪᠢᠴᠢ ᠪᠠᠷ ᠭᠡᠷ | ᠪᠦᠯᠢ ᠡᠷᠬᠢᠯᠡᠬᠦ ᠶᠢ ᠰᠠᠨᠠᠭᠠᠴᠢᠯᠠᠬᠤ ᠬᠡᠷᠡᠭᠲᠡᠶ᠃ ᠭᠡᠷ ᠪᠦᠯᠢ ᠪᠣᠯᠭᠠᠨ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ | ᠰᠠᠶᠢᠨ ᠰᠠᠶᠢᠬᠠᠨ ᠭᠡᠷ ᠤᠨ ᠰᠤᠷᠲᠠᠯ ᠢ ᠵᠠᠯᠭᠠᠮᠵᠢᠯᠠᠵᠤ᠂ ᠨᠢᠭᠡ ᠮᠥᠬᠦᠯᠢᠭ ᠠᠮᠤ᠂ ᠨᠢᠭᠡ ᠳᠤᠰᠤᠯ ᠤᠰᠤ᠂ ᠨᠢᠭᠡ | ᠬᠡᠰᠡᠭ ᠴᠠᠬᠢᠯᠭᠠᠨ ᠢ ᠠᠷᠪᠢᠯᠠᠬᠤ ᠠᠴᠠ ᠡᠬᠢᠯᠡᠨ᠂ ᠦᠷ᠎ᠡ ᠬᠡᠦᠬᠡᠳ ᠢᠶᠠᠨ ᠬᠢᠯᠪᠠᠷ ᠪᠤᠰᠤ ᠪᠠᠷ ᠣᠯᠤᠭᠰᠠᠨ ᠠᠮᠤ | ᠪᠤᠳᠠᠭ᠎ᠠ ᠪᠠᠨ ᠨᠠᠨᠳᠢᠩᠨᠠᠵᠤ᠂ ᠬᠠᠲᠠᠭᠤᠵᠢᠯᠲᠠᠶ ᠪᠣᠷᠣᠭᠵᠢᠭᠤᠨ ᠠᠮᠢᠳᠤᠷᠠᠯ ᠤᠨ ᠳᠠᠳᠭᠠᠯ ᠢ ᠤᠬᠠᠮᠰᠠᠷ ᠠᠴᠠ ᠪᠠᠨ ᠪᠣᠶ | ᠪᠣᠯᠭᠠᠬᠤ ᠬᠡᠷᠡᠭᠲᠡᠶ᠃ ᠭᠡᠷ ᠤᠨ ᠠᠬᠠᠮᠠᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠦᠯᠢᠭᠡᠷ ᠵᠢᠱᠢᠶ᠎ᠡ ᠦᠵᠡᠭᠦᠯᠵᠦ᠂ | ᠨᠠᠷᠢᠨ ᠨᠢᠮᠪᠠᠶ ᠪᠣᠳᠣᠵᠤ᠂ ᠠᠵᠢᠯᠴᠢ ᠠᠷᠪᠢᠴᠢ ᠪᠠᠷ ᠠᠵᠤ ᠲᠥᠷᠥᠵᠦ᠂ ᠪᠣᠬᠢᠷᠲᠤᠯ ᠦᠭᠡᠶ ᠬᠡᠷᠡᠭᠯᠡᠭᠡᠨ ᠤ ᠡᠷᠡᠭᠦᠯ | ᠠᠮᠢᠳᠤᠷᠠᠯ ᠤᠨ ᠬᠡᠪ ᠵᠠᠭᠪᠤᠷ ᠢ ᠰᠠᠨᠠᠭᠠᠴᠢᠯᠠᠵᠤ᠂ ᠦᠷ᠎ᠡ ᠬᠡᠤᠬᠡᠳ ᠤᠨ ᠵᠦᠶ ᠵᠣᠬᠢᠰᠲᠠᠶ ᠢᠳᠡᠭᠡᠨ ᠤᠮᠳᠠᠭᠠᠨ ᠢ | ᠬᠥᠮᠦᠵᠢᠭᠦᠯᠦᠨ ᠵᠢᠯᠣᠭᠤᠳᠴᠤ᠂ ᠢᠳᠡᠰᠢ ᠭᠤᠯᠣᠬᠤ ᠦᠭᠡᠶ᠂ ᠬᠡᠲᠦᠷᠡᠲᠡᠯ᠎ᠡ ᠢᠳᠡᠵᠦ ᠤᠤᠭᠤᠬᠤ ᠦᠭᠡᠶ᠂ | ᠪᠦᠷᠢᠯᠭᠡᠨ ᠰᠦᠢᠳᠬᠡᠬᠦ ᠦᠭᠡᠶ ᠪᠠᠶᠢᠬᠤ ᠶᠢ ᠬᠥᠮᠦᠵᠢᠭᠦᠯᠦᠨ᠎ᠡ᠃ ᠵᠣᠬᠢᠬᠤ ᠬᠡᠮᠵᠢᠶ᠎ᠡ ᠪᠠᠷ ᠢᠳᠡᠭᠡᠨ ᠤᠮᠳᠠᠭᠠᠨ | ᠬᠤᠳᠠᠯᠳᠤᠨ ᠠᠪᠴᠤ᠂ ᠰᠢᠨᠵᠢᠯᠡᠬᠦ ᠤᠬᠠᠭᠠᠨᠴᠢ ᠪᠠᠷ ᠬᠠᠳᠠᠭᠠᠯᠠᠬᠤ᠂ ᠨᠠᠷᠢᠯᠢᠭ ᠪᠣᠯᠪᠠᠰᠤᠷᠠᠭᠤᠯᠬᠤ ᠵᠡᠷᠭᠡ | ᠭᠤᠭᠴᠤᠭ᠎ᠠ ᠶᠢ ᠴᠢᠬᠤᠯᠠᠴᠢᠯᠠᠨ ᠰᠠᠶᠢᠲᠤᠷ ᠬᠢᠵᠦ᠂ ᠬᠠᠪᠲᠠᠰᠤ ᠶᠢ ᠪᠦᠷᠢᠯᠭᠡᠨ ᠰᠦᠢᠳᠬᠡᠬᠦ᠂ ᠬᠥᠯᠳᠡᠭᠡᠭᠦᠷ ᠢ | ᠪᠦᠷᠢᠯᠭᠡᠨ ᠰᠦᠢᠳᠬᠡᠬᠦ ᠶᠢ ᠪᠠᠭᠠᠰᠬᠠᠨ᠎ᠠ᠃ | ᠳᠦᠷᠪᠡ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠬᠤ ᠬᠡᠷᠡᠭᠲᠡᠶ᠃ ᠣᠯᠠᠨ ᠨᠡᠶᠢᠲᠡ ᠶᠢᠨ ᠣᠷᠣᠨ ᠪᠠ ᠬᠤᠭᠤᠯᠠ ᠢᠳᠡᠬᠦ ᠲᠠᠯᠠᠪᠤᠷ ᠲᠤ ᠤᠬᠠᠭᠤᠯᠭ᠎ᠠ ᠶᠢᠨ | ᠤᠷᠢᠶ᠎ᠠ ᠨᠠᠭᠠᠵᠤ᠂ ᠨᠡᠶᠢᠲᠡ ᠶᠢᠨ ᠠᠰᠠᠷᠠᠮᠵᠢ ᠶᠢᠨ ᠵᠠᠷ ᠨᠡᠪᠲᠡᠷᠡᠭᠦᠯᠵᠦ᠂ ᠡᠷᠡᠭᠦᠯ ᠪᠥᠭᠡᠳ ᠪᠣᠯᠪᠠᠰᠤᠨ ᠢᠳᠡᠭᠡᠨ | ᠤᠮᠳᠠᠭᠠᠨ ᠤ ᠬᠡᠷᠡᠭᠯᠡᠭᠡᠨ ᠤ ᠠᠷᠭ᠎ᠠ ᠮᠠᠶ᠋ᠢᠭ ᠢ ᠤᠬᠠᠭᠤᠯᠬᠤ ᠬᠡᠷᠡᠭᠲᠡᠶ᠃ ᠤᠯᠠᠮᠵᠢᠯᠠᠯᠲᠤ ᠵᠠᠭᠤᠴᠢᠯᠠᠭᠤᠷ᠂ ᠰᠢᠨ᠎ᠡ | ᠵᠠᠭᠤᠴᠢᠯᠠᠭᠤᠷ ᠨᠢ ᠠᠵᠢᠯᠴᠢ ᠠᠷᠪᠢᠴᠢ ᠪᠠᠷ ᠠᠷᠪᠢᠯᠠᠨ ᠭᠠᠮᠨᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ | ᠥᠷᠭᠡᠨ ᠢᠶᠠᠷ ᠤᠬᠠᠭᠤᠯᠵᠤ᠂ ᠠᠮᠤ ᠪᠤᠳᠠᠭ᠎ᠠ ᠶᠢ ᠪᠦᠷᠢᠯᠭᠡᠨ ᠰᠦᠢᠳᠬᠡᠭᠰᠡᠨ ᠮᠠᠭᠤ ᠦᠢᠯᠡ ᠠᠵᠢᠯᠯᠠᠭ᠎ᠠ᠂ | ᠨᠡᠶᠢᠲᠡᠯᠢᠭ ᠬᠡᠷᠡᠭ ᠤᠨ ᠵᠢᠱᠢᠶ᠎ᠡ ᠪᠣᠯᠤᠨ ᠠᠵᠢᠯ ᠢᠶᠠᠨ ᠠᠬᠢᠭᠤᠯᠤᠭᠰᠠᠨ ᠨᠢ ᠬᠦᠴᠦᠨ ᠦᠭᠡᠶ ᠨᠢᠭᠡᠴᠡ ᠶᠢ ᠴᠠᠭ | ᠲᠤᠬᠠᠶ ᠳᠤᠨᠢ ᠢᠯᠡᠴᠢᠯᠡᠬᠦ ᠬᠡᠷᠡᠭᠲᠡᠶ᠃ ᠡᠯ᠎ᠡ ᠲᠥᠷᠥᠯ ᠤᠨ ᠢᠳᠡᠭᠡᠨ ᠤᠮᠳᠠᠭᠠᠨ ᠤ ᠠᠵᠤ ᠠᠬᠤᠶᠢᠯᠠᠯ᠂ ᠬᠤᠭᠤᠯᠠᠨ | ᠭᠡᠷ ᠤᠨ ᠬᠢᠨ ᠢᠯᠡᠷᠬᠡᠶ ᠭᠠᠵᠠᠷ ᠲᠤ ︽ᠰᠠᠶᠢᠲᠤᠷ ᠠᠷᠪᠢᠯᠠᠨ ᠭᠠᠮᠨᠠᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ︾᠂ | ︽ ᠦᠯᠦ ᠪᠦᠷᠢᠯᠭᠡᠬᠦ ᠠᠵᠢᠯᠯᠠᠭ᠎ᠠ︾᠂ ︽ᠪᠣᠯᠪᠠᠰᠤᠨ ᠢᠶᠠᠷ ᠬᠤᠭᠤᠯᠠ ᠢᠳᠡᠬᠦ︾᠂ ︽ ᠬᠡᠮᠵᠢᠶᠡᠨ ᠳᠣᠲᠣᠷ᠎ᠠ | ᠬᠤᠭᠤᠯᠠ ᠢᠳᠡᠵᠦ᠂ ᠮᠥᠬᠦᠯᠢᠭ ᠢ ᠨᠢ ᠪᠦᠷ ᠴᠡᠪᠡᠷᠯᠡᠬᠦ︾ ᠵᠡᠷᠭᠡ ᠰᠠᠨᠠᠭᠤᠯᠤᠮᠵᠢ ᠶᠢᠨ ᠫᠠᠶᠢᠰᠠ ᠨᠠᠭᠠᠵᠤ᠂ ᠨᠡᠶᠢᠭᠡᠮ | ᠳᠠᠶᠠᠭᠠᠷ ᠲᠤ ᠰᠠᠶᠢᠲᠤᠷ ᠭᠠᠮᠨᠠᠨ ᠠᠷᠪᠢᠯᠠᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ᠃ | ᠠᠷᠠᠳ ᠢᠷᠭᠡᠳ ᠪᠣᠯ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠳᠠᠭ᠂ ᠠᠮᠤ ᠬᠦᠨᠡᠰᠦ ᠪᠣᠯ ᠠᠷᠪᠢᠯᠠᠨ | ᠭᠠᠮᠨᠠᠵᠤ ᠶᠤᠰᠤ ᠰᠤᠷᠲᠠᠬᠤᠨ ᠢ ᠲᠡᠵᠢᠭᠡᠳᠡᠭ᠃ ᠠᠷᠪᠢᠯᠠᠨ ᠭᠠᠮᠨᠠᠬᠤ ᠪᠣᠯ ᠠᠵᠢᠯᠯᠠᠭ᠎ᠠ ᠮᠥᠨ᠂ ᠠᠷᠪᠢᠯᠠᠨ ᠭᠠᠮᠨᠠᠬᠤ | ᠪᠣᠯ ᠳᠠᠳᠬᠠᠯ ᠮᠥᠨ᠂ ᠠᠷᠪᠢᠯᠠᠨ ᠭᠠᠮᠨᠠᠬᠤ ᠪᠣᠯ ᠨᠡᠩ ᠴᠤ ᠡᠷᠬᠢᠮ ᠰᠤᠷᠲᠠᠯ ᠮᠥᠨ᠃ ᠥᠷᠭᠡᠨ ᠣᠯᠠᠨ ᠨᠠᠮ ᠤᠨ | ᠭᠡᠰᠢᠭᠦᠨ ᠺᠠᠳ᠋ᠷᠴᠤᠳ ᠲᠦᠷᠦᠭᠦᠯᠡᠨ ᠳᠠᠭᠤᠷᠢᠶᠠᠯ ᠦᠵᠡᠭᠦᠯᠬᠦ ᠦᠢᠯᠡᠳᠦᠯ ᠢᠶᠠᠨ ᠪᠠᠳᠠᠷᠠᠭᠤᠯᠵᠤ᠂ ᠥᠪᠡᠷ ᠤᠨ | ᠪᠡᠶ᠎ᠡ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠬᠠᠵᠠᠭᠤ ᠠᠴᠠ ᠪᠠᠨ ᠡᠬᠢᠯᠡᠨ | ᠬᠢᠵᠦ᠂ ᠪᠣᠯᠪᠠᠰᠤᠨ ᠠᠷᠪᠢᠴᠢ ᠭᠠᠮᠲᠠᠶ ᠬᠡᠷᠡᠭᠯᠡᠭᠡᠨ ᠤ ᠣᠶᠢᠯᠠᠭᠠᠭᠳᠠᠬᠤᠨ ᠪᠣᠯᠤᠨ ᠠᠮᠢᠳᠤᠷᠠᠯ ᠤᠨ ᠳᠠᠳᠬᠠᠯ ᠲᠠᠢ | ᠪᠣᠯᠵᠤ᠂ ᠠᠮᠤ ᠪᠤᠳᠠᠭ᠎ᠠ ᠪᠠᠨ ᠬᠠᠶᠢᠷᠠᠯᠠᠵᠤ ᠠᠮᠤ ᠪᠤᠳᠠᠭ᠎ᠠ ᠪᠠᠨ ᠭᠠᠮᠨᠠᠭᠰᠠᠨ ᠵᠢᠱᠢᠶᠡᠴᠢ ᠪᠣᠯᠬᠤ ᠪᠠᠷ ᠴᠢᠷᠮᠠᠶᠢᠶ᠎ᠠ᠃ | ᠪᠦᠬᠦ ᠨᠡᠶᠢᠭᠡᠮ ᠢᠶᠠᠷ ᠢᠶᠠᠨ ᠢᠳᠡᠪᠬᠢᠲᠡᠶ ᠬᠥᠳᠡᠯᠦᠯᠴᠡᠵᠦ᠂ ᠪᠣᠯᠪᠠᠰᠤᠨ ᠦᠢᠯᠡ ᠠᠵᠢᠯᠯᠠᠭ᠎ᠠ ᠲᠠᠢ ᠭᠠᠷ ᠠᠳᠬᠤᠵᠤ᠂ | ᠱᠠᠯᠢᠨ ᠪᠦᠷᠢᠯᠭᠡᠬᠦ ᠮᠠᠭᠤ ᠳᠠᠳᠬᠠᠯ ᠠᠴᠠ ᠰᠠᠯᠵᠤ᠂ ᠠᠮᠤ ᠪᠤᠳᠠᠭ᠎ᠠ ᠪᠠᠨ ᠨᠠᠨᠳᠢᠩᠨᠠᠵᠤ᠂ ᠪᠦᠷᠢᠯᠭᠡᠨ ᠰᠦᠢᠳᠬᠡᠬᠦ ᠶᠢ | ᠬᠤᠷᠢᠭᠯᠠᠨ ᠵᠣᠭᠰᠣᠭᠠᠵᠤ᠂ ᠠᠯᠢ ᠴᠢᠳᠠᠬᠤ ᠪᠠᠷ ᠠᠷᠪᠢᠯᠠᠨ ᠭᠠᠮᠨᠠᠬᠤ᠂ ᠪᠦᠷᠢᠯᠭᠡᠨ ᠰᠦᠶ᠋ᠳᠬᠡᠬᠦ ᠶᠢ ᠡᠰᠡᠷᠭᠦᠴᠡᠬᠦ | ᠶᠠᠪᠤᠳᠠᠯ ᠢ ᠰᠢᠨ᠎ᠡ ᠴᠠᠭ ᠦᠶ᠎ᠡ ᠶᠢᠨ ᠥᠷᠲᠡᠭ ᠤᠨ ᠬᠠᠨᠳᠤᠯᠭ᠎ᠠ ᠪᠠ ᠦᠢᠯᠡ ᠠᠵᠢᠯᠯᠠᠭ᠎ᠠ ᠶᠢᠨ ᠵᠢᠷᠤᠮᠵᠢᠯ ᠪᠣᠯᠭᠠᠵᠤ | ᠂ ᠰᠢᠨ᠎ᠡ ᠴᠠᠭ ᠤᠨ ᠥᠩᠭᠡᠲᠦ ᠬᠡᠪ ᠰᠤᠷᠲᠠᠯ ᠤᠨ ᠵᠦᠭᠯᠡᠭᠦᠷ ᠪᠣᠯᠭᠠᠬᠤ ᠪᠠᠷ ᠴᠢᠷᠮᠠᠶᠢᠬᠤ ᠬᠡᠷᠡᠭᠲᠡᠶ᠃ | ᠵᠦᠸᠧᠽᠢ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶᠠᠨ ᠤ ᠤᠬᠠᠭᠤᠯᠭ᠎ᠠ | 2020 ᠣᠨ ᠤ 8 ᠰᠠᠷ᠎ᠠ ᠶᠢᠨ 26 ᠤ ᠡᠳᠦᠷ |