ᠰᠢᠶᠠᠨ ᠤ ︽ᠳᠠᠪᠠᠯᠭᠠᠯᠠᠬᠤ ᠶᠡᠭᠡ ᠲᠦᠷᠭᠡᠨ ᠭᠤᠣᠯ · ᠦᠯᠵᠡᠶᠢᠲᠦ ᠶᠢᠰᠦᠨ ᠨᠤᠭᠤᠯᠤᠭ᠎ᠠ︾ ︽ᠵᠢᠦ ᠯᠦᠩ ᠸᠠᠨ ᠬᠤᠨᠳᠠᠭᠠᠲᠤ︾  ᠤᠯᠠᠨ ᠲᠦᠮᠡᠨ ᠤ ᠢᠳᠡᠷᠡᠭᠦᠨ ᠠᠯᠬᠤᠭ᠎ᠠ ᠪᠠᠷ ᠶᠠᠪᠤᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/9/17
    9 ᠰᠠᠷ᠎ᠠ ᠶᠢᠨ 9 ᠤ ᠡᠳᠦᠷ᠂ ᠠᠷᠠᠳ ᠣᠯᠠᠨ ᠤ ᠪᠡᠶ᠎ᠡ ᠮᠠᠬᠠᠪᠣᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠡᠷᠡᠭᠦᠯ ᠥᠭᠡᠳᠡᠷᠬᠡᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠥᠳᠡᠯᠭᠡᠭᠡᠨ ᠤ ᠬᠥᠭᠵᠢᠯᠲᠡ ᠶᠢ ᠠᠬᠢᠭᠤᠯᠵᠤ᠂ ᠮᠠᠨ ᠤ ᠰᠢᠶᠠᠨ ᠵᠢᠦ ᠴᠢᠦᠶ ᠱᠠᠨ ᠠᠮᠢ ᠠᠬᠤᠶ ᠶᠢᠨ  ᠴᠡᠴᠡᠷᠯᠢᠭ ᠲᠤ ︽ᠳᠠᠪᠠᠯᠭᠠᠯᠠᠬᠤ ᠶᠡᠭᠡ ᠲᠦᠷᠭᠡᠨ ᠭᠤᠣᠯ · ᠦᠯᠵᠡᠶᠢᠲᠦ ᠶᠢᠰᠦᠨ ᠨᠤᠭᠤᠯᠤᠭ᠎ᠠ︾᠂ ︽ᠵᠢᠦ ᠯᠦᠩ ᠸᠠᠨ ᠬᠤᠨᠳᠠᠭᠠᠲᠤ︾ ᠣᠯᠠᠨ ᠲᠦᠮᠡᠨ ᠤ ᠢᠳᠡᠷᠡᠭᠦᠨ ᠠᠯᠬᠤᠭ᠎ᠠ ᠪᠠᠷ ᠶᠠᠪᠤᠬᠤ ᠠᠵᠢᠯᠯᠠᠭ᠎ᠠ ᠶᠢ ᠡᠷᠬᠢᠯᠡᠪᠡ᠃    ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠣᠤ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ  ᠶᠢᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠡᠦ ᠵᠢᠶᠠᠨ ᠴᠢᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠤᠤ ᠵᠢᠶᠠᠨ ᠵᠢᠶᠦ᠋ᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠰᠦ ᠹᠤᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠷᠧᠨ ᠴᠠᠩ ᠸᠠᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠠᠨ ᠶᠦᠩ᠂ ᠬᠤᠲᠠ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠤ᠂ ᠷᠧᠨ ᠴᠠᠩ ᠸᠠᠩ ᠠᠵᠢᠯᠯᠠᠭ᠎ᠠ ᠶᠢ ᠡᠷᠬᠢᠯᠡᠪᠡ᠃   ᠵᠤᠤ ᠵᠢᠶᠠᠨ ᠵᠢᠶᠦ᠋ᠨ ᠠᠵᠢᠯᠯᠠᠭ᠎ᠠ ᠶᠢᠨ ᠳᠤᠮᠳᠠ ᠪᠠᠶᠠᠷ ᠤᠨ ᠦᠭᠡ ᠬᠡᠯᠡᠵᠦ᠂ ᠲᠡᠷᠡ ᠵᠢᠭᠠᠵᠤ ᠭᠠᠷᠭᠠᠭᠰᠠᠨ ᠨᠢ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠨᠢᠭᠦᠯᠬᠦ ᠪᠣᠯ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠶᠠᠷᠢᠶ᠎ᠠ ᠪᠣᠯᠤᠨ ᠪᠦᠬᠦ ᠠᠷᠠᠳ ᠤᠨ  ᠪᠡᠶ᠎ᠡ ᠴᠢᠭᠢᠷᠠᠭᠵᠢᠭᠤᠯᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ  ᠪᠤᠲᠠᠲᠦ ᠠᠵᠢᠯᠯᠠᠭ᠎ᠠ ᠮᠥᠨ᠂ ᠪᠠᠰᠠ ᠴᠤ ᠪᠥᠬᠦ ᠰᠢᠶᠠᠨ ᠤ ᠰᠣᠶᠣᠯ ᠪᠡᠶ᠎ᠡ ᠶᠢᠨ ᠲᠠᠮᠢᠷ ᠤᠨ ᠦᠢᠯᠡᠰ ᠲᠤ ᠬᠦᠴᠦᠨ ᠨᠡᠮᠡᠷᠢᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠪᠡᠶ᠎ᠡ ᠶᠢᠨ ᠲᠠᠮᠢᠷ ᠢ ᠬᠥᠭᠵᠢᠭᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠪᠣᠯᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠦᠵᠡᠵᠦ ᠰᠣᠨᠣᠰᠬᠤ ᠳᠤᠷᠠᠲᠠᠶ ᠠᠷᠭ᠎ᠠ ᠮᠠᠶ᠋ᠢᠭ ᠢ ᠠᠪᠴᠤ᠂ ᠠᠮᠢᠳᠤᠷᠠᠯ ᠲᠠᠢ ᠣᠶᠢᠷᠠᠳᠬᠤ᠂ ᠣᠯᠠᠨ ᠲᠦᠮᠡᠨ ᠲᠠᠢ ᠣᠶᠢᠷᠠᠳᠬᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠥᠬᠦ ᠰᠢᠶᠠᠨ ᠳᠤ ︽ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠶᠢ  ᠡᠷᠬᠢᠮᠯᠡᠨ᠂ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃    ᠶᠣᠰᠣᠯᠠᠯ ᠳᠠᠭᠤᠰᠤᠭᠰᠠᠨ ᠤ ᠳᠠᠷᠠᠭ᠎ᠠ᠂ ᠳᠣᠬᠢᠶᠠᠨ ᠤ ᠫᠤᠤ ᠳᠤᠤᠭᠠᠷᠬᠤ ᠶᠢ ᠳᠠᠭᠠᠯᠳᠤᠨ ᠤᠷᠤᠯᠳᠤᠭᠠᠨ ᠵᠢᠩᠬᠢᠨᠢ ᠪᠠᠷ ᠡᠬᠢᠯᠡᠪᠡ᠃ ᠰᠢᠶᠠᠨ ᠤ ᠵᠠᠮ ᠬᠠᠷᠢᠯᠴᠠᠭᠠᠨ ᠤ ᠮᠣᠷᠢᠲᠤ ᠴᠠᠭᠳᠠᠭ᠎ᠠ ᠶᠢᠨ ᠳᠠᠭᠠᠭᠤᠯᠭ᠎ᠠ ᠳᠣᠣᠷ᠎ᠠ᠂ ᠤᠷᠤᠯᠳᠤᠭᠠᠨ ᠳᠤ ᠣᠷᠣᠯᠴᠠᠭᠰᠠᠨ 520 ᠲᠠᠮᠢᠷᠴᠢᠨ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠪᠠᠳᠠᠷᠠᠩᠭᠤᠶ᠂ ᠢᠳᠡᠷᠡᠭᠦᠨ ᠠᠯᠬᠤᠭ᠎ᠠ ᠪᠠᠷ ᠵᠢᠦ ᠴᠢᠦᠶ ᠱᠠᠨ ᠠᠭᠤᠯᠠᠨ ᠤ ᠠᠮᠢ ᠠᠬᠤᠶ ᠶᠢᠨ ᠴᠡᠴᠡᠷᠯᠢᠭ ᠤᠨ ᠪᠡᠶ᠎ᠡ  ᠴᠢᠬᠢᠷᠠᠭᠵᠢᠭᠤᠯᠬᠤ ᠵᠠᠮ ᠢᠶᠠᠷ ᠬᠤᠶᠠᠷ ᠲᠣᠭᠤᠷᠢᠭ ᠠᠯᠬᠤᠨ᠎ᠠ᠃ ᠤᠷᠤᠯᠳᠤᠭᠠᠨ ᠤ ᠶᠠᠪᠤᠴᠠ ᠳᠤ᠂ ᠤᠷᠤᠯᠳᠤᠭᠤᠨ ᠳᠤ ᠣᠷᠣᠯᠴᠠᠭᠰᠠᠨ ᠠᠩᠭᠢ ᠶᠢᠨ ᠭᠡᠰᠢᠭᠦᠳ ᠬᠤᠭᠤᠷᠣᠨᠳᠣ ᠪᠠᠨ ᠬᠦᠴᠦ  ᠨᠡᠮᠡᠵᠦ᠂ ᠲᠣᠭᠲᠠᠭᠰᠠᠨ ᠬᠤᠭᠤᠴᠠᠭᠠᠨ ᠳᠣᠲᠣᠷ᠎ᠠ ᠰᠠᠭᠠᠳ ᠦᠭᠡᠶ ᠵᠠᠮᠨᠠᠵᠤ  ᠪᠠᠶᠢᠪᠠ᠃ ᠲᠤᠰ ᠤᠳᠠᠭᠠᠨ ᠤ ᠤᠷᠤᠯᠳᠤᠭᠠᠨ ᠳᠤ ᠨᠡᠶᠢᠲᠡ 10 ᠲᠥᠯᠥᠭᠡᠯᠡᠭᠴᠢ ᠤᠷᠤᠯᠳᠤᠭᠠᠨ ᠳᠤ ᠣᠷᠣᠯᠴᠠᠵᠤ᠂ ᠲᠤᠰ ᠲᠤᠰ  ᠵᠦᠸᠧᠽᠢ ᠱᠠᠨ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠪᠠ ᠳᠤᠮᠳᠠᠳᠤ ᠰᠤᠷᠭᠠᠭᠤᠯᠢ ᠶᠢᠨ ᠰᠤᠷᠤᠭᠴᠢ᠂ ᠤᠶᠤᠲᠠᠳ ᠤᠨ  ᠲᠦᠯᠦᠭᠡᠯᠡᠭᠴᠢ ᠠᠴᠠ ᠢᠷᠡᠯᠲᠡ ᠲᠠᠢ ᠶᠤᠮ᠃    ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ᠱᠠᠩᠨᠠᠯ ᠣᠯᠭᠤᠬᠤ ᠶᠣᠰᠣᠯᠠᠯ ᠶᠠᠪᠤᠭᠤᠯᠵᠤ᠂ ᠰᠢᠶᠠᠨ ᠤ ᠤᠳᠤᠷᠢᠳᠤᠯᠭ᠎ᠠ ᠲᠤᠰ ᠲᠤᠰ ᠱᠠᠩᠨᠠᠯ ᠣᠯᠤᠭᠰᠠᠨ ᠪᠦᠯᠬᠦᠮ ᠪᠠ ᠬᠤᠪᠢ ᠬᠥᠮᠦᠨ ᠳᠤ ᠱᠠᠩᠨᠠᠯ ᠣᠯᠭᠤᠪᠠ᠃                 ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2