ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020/9/23
   ᠬᠥᠲᠥᠯᠥᠭᠴᠢ᠄ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠰᠢ ᠢᠮᠠᠭᠲᠠ ︽ᠣᠯᠠᠨ ᠲᠦᠮᠡᠨ ᠤ ᠬᠡᠷᠡᠭᠴᠡᠭᠡ︾ ᠪᠠᠷ ᠡᠭᠦᠰᠦᠯᠲᠡ ᠪᠣᠯᠭᠠᠬᠤ ᠶᠢ ᠪᠠᠷᠢᠮᠲᠠᠯᠠᠵᠤ᠂ ︽ᠣᠯᠠᠨ ᠲᠦᠮᠡᠨ ᠬᠠᠨᠤᠮᠵᠢᠲᠠᠢ︾ ᠪᠠᠷ ᠲᠤᠰᠤᠯᠲᠠ ᠪᠣᠯᠭᠠᠵᠤ᠂ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠲᠤᠯᠠᠨ᠎ᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠶᠢ ᠴᠢᠩᠭᠠᠳᠬᠠᠬᠤ ᠶᠢᠨ ᠲᠥᠯᠥᠭᠡ᠂ ᠥᠨᠥᠳᠦᠷ ᠪᠢᠳᠡ ᠵᠠᠪᠰᠢᠶᠠᠨ ᠢᠶᠠᠷ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶᠠᠨ ᠤ ᠳᠠᠷᠤᠭ᠎ᠠ ᠬᠠᠨ ᠵᠢᠤᠸᠠᠨ ᠨᠥᠬᠦᠷ ᠢ ᠤᠷᠢᠵᠤ᠂ ᠣᠯᠠᠨ ᠲᠠᠢ ᠬᠠᠮᠲᠤ ᠬᠠᠮᠢᠶ᠎ᠠ ᠪᠦᠬᠦᠢ ᠠᠰᠠᠭᠤᠳᠠᠯ ᠢ ᠶᠠᠷᠢᠯᠴᠠᠪᠠ᠃   ᠠᠰᠠᠭᠤᠯᠲᠠ᠄ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠪᠣᠯ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂  ᠪᠠᠶᠢᠭᠤᠯᠤᠭᠰᠠᠨ ᠤ ᠳᠠᠷᠠᠭ᠎ᠠ ᠡᠭᠦᠷᠭᠡᠯᠡᠬᠦ ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠤᠷᠢ ᠨᠢ ᠶᠠᠭᠤ ᠶᠠᠭᠤ ᠪᠣᠶ︖    ᠬᠠᠷᠢᠭᠤᠯᠲᠠ᠄ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠶᠢᠨ ᠡᠭᠦᠷᠭᠡᠯᠡᠬᠦ ᠭᠤᠤᠯ ᠡᠭᠦᠷᠭᠡ  ᠬᠠᠷᠢᠴᠠᠭᠤᠯᠭ᠎ᠠ ᠨᠢ ᠳᠣᠤᠷᠠᠬᠢ ᠬᠡᠳᠦᠨ ᠲᠠᠯ᠎ᠠ ᠪᠣᠶ᠄ 1. ᠲᠣᠰ ᠱᠠᠲᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶ᠎ᠠ  ᠵᠢᠷᠤᠮᠵᠢᠯ᠂ ᠲᠥᠬᠦᠷ ᠳᠦᠷᠢᠮ  ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ 2. ᠰᠢᠶᠠᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠳᠤᠷᠠᠳᠨ᠎ᠠ᠃ 3. ᠪᠦᠬᠦ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠪᠦᠬᠦ ᠰᠢᠶᠠᠨ ᠤ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ  ᠪᠠᠷᠢᠮᠵᠢᠶᠠᠭᠤᠯᠬᠤ᠂ ᠳᠦᠷᠢᠮᠵᠢᠭᠦᠯᠬᠦ ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ ᠴᠣᠮᠬᠠᠳᠬᠠᠵᠤ᠂ ᠨᠢᠭᠡᠳᠦᠯᠲᠡᠶ  ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ 4. ᠰᠢᠶᠠᠨ ᠤ ᠲᠣᠰ ᠱᠠᠲᠤᠨ ᠤ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠲᠢᠩᠬᠢᠮ ᠤᠨ ᠠᠵᠢᠯᠯᠠᠭᠠᠨ ᠤ  ᠬᠠᠮᠢᠶᠠᠷᠣᠯᠲᠠ ᠶᠢ ᠵᠢᠯᠣᠭᠤᠳᠤᠨ᠎ᠠ᠃ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ  ᠵᠤᠶᠢᠯᠡᠰ ᠢ  ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ  ᠂ ᠬᠢᠨᠠᠯᠲᠠ ᠲᠠᠯᠪᠢᠨ ᠬᠠᠮᠢᠶᠠᠷᠤᠨ᠎ᠠ᠃ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠶᠠᠰᠤ ᠴᠢᠨᠠᠷ  ᠢ ᠦᠨᠡᠯᠡᠨ ᠵᠢᠱᠢᠬᠦ ᠠᠵᠢᠯ ᠢ ᠬᠠᠷᠢᠭᠤᠴᠠᠨ ᠦᠷᠨᠢᠭᠦᠯᠦᠨ᠎ᠡ᠃ 5. ᠰᠢᠶᠠᠨ ᠤ ᠲᠣᠰ ᠱᠠᠲᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠳᠠᠪᠴᠠᠩ ᠤᠨ ᠬᠡᠷᠡᠭᠯᠡᠯᠲᠡ ᠶᠢ ᠠᠬᠢᠭᠤᠯᠬᠤ ᠠᠵᠢᠯ ᠢ ᠬᠠᠷᠢᠭᠤᠴᠠᠵᠤ᠂ ᠪᠦᠬᠦ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠤᠶᠢᠯᠡᠴᠢᠯᠡᠭᠡᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠢᠨᠠᠯᠲᠠ ᠲᠠᠯᠪᠢᠵᠤ ᠬᠠᠮᠢᠶᠠᠷᠤᠨ᠎ᠠ᠃ 6. ᠪᠦᠬᠦ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠣᠯᠤᠨ ᠤᠨ ᠤ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠳᠤ ᠬᠤᠯᠪᠣᠭᠳᠠᠬᠤ  ᠵᠠᠭᠠᠯᠳᠤᠬᠤ᠂  ᠰᠠᠨᠠᠭᠤᠯᠭ᠎ᠠ ᠳᠤᠷᠠᠳᠬᠤ ᠠᠵᠢᠯ ᠢ ᠬᠦᠯᠢᠶᠡᠨ ᠠᠪᠴᠤ  ᠰᠢᠢᠳᠪᠦᠷᠢᠯᠡᠬᠦ ᠬᠡᠷᠡᠭᠲᠡᠶ᠃    ᠠᠰᠠᠭᠤᠯᠲᠠ᠄ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠨᠢ ᠤᠯᠤᠰ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠡᠷᠬᠢᠨ ᠲᠤᠤᠱᠯᠠᠭᠤᠯᠤᠨ ᠬᠡᠷᠡᠭᠵᠢᠭᠦᠯᠳᠡᠭ ᠪᠣᠶ︖    ᠬᠠᠷᠢᠭᠤᠯᠲᠠ᠄ ᠮᠠᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠯᠪᠣᠭᠳᠠᠯ ᠪᠦᠬᠦᠢ ᠲᠦᠷᠦ ᠶᠢᠨ  ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠲᠠᠯ᠎ᠠ ᠪᠠᠷ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠬᠢᠪᠡ᠄     ︵ᠨᠢᠭᠡ︶ ︽ᠪᠠᠭᠤᠯᠭᠠᠬᠤ ᠬᠠᠮᠢᠶᠠᠷᠬᠤ  ᠤᠶᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠤᠨ᠎ᠠ   ᠠᠳᠡ ᠪᠢ ᠣᠯᠠᠨ ᠳᠤ ᠤᠷᠢᠳᠠᠪᠠᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠭᠡᠰᠡᠨ ᠤᠳᠬ᠎ᠠ ᠶᠢ ᠲᠠᠶᠢᠯᠪᠤᠷᠢᠯᠠᠵᠤ ᠥᠭᠬᠦᠶ᠎ᠡ᠃ ᠪᠠᠭᠤᠯᠭᠠᠬᠤ ᠬᠠᠮᠢᠶᠠᠷᠬᠤ ᠤᠶᠢᠯᠡᠴᠢᠯᠡᠬᠦ ᠭᠡᠳᠡᠭ ᠨᠢ ᠳᠠᠷᠤᠶ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠤᠶᠢᠯᠡᠴᠢᠯᠡᠭᠡ ᠶᠢ ᠰᠢᠯᠢᠳᠡᠭᠵᠢᠭᠦᠯᠬᠦ ᠶᠢᠨ ᠲᠣᠪᠴᠢ ᠨᠡᠷ᠎ᠡ ᠪᠣᠯᠤᠨ᠎ᠠ᠃ ︽ᠲᠠᠯᠪᠢᠬᠤ︾ ᠭᠡᠳᠡᠭ ᠨᠢ ᠲᠥᠪ ᠵᠠᠰᠠᠭ ᠤᠨ ᠣᠷᠳᠣᠨ ᠠᠴᠠ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠵᠤ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ ᠪᠠ ᠬᠠᠤᠯᠢ ᠴᠠᠭᠠᠵᠠ ᠠᠴᠠ ᠡᠷᠬᠡ ᠣᠯᠭᠤᠭᠰᠠᠨ ᠦᠭᠡᠢ ᠵᠠᠰᠠᠭ ᠵᠠᠬᠢᠷᠭᠠᠨ ᠤ ᠡᠷᠬᠡ ᠶᠢ ᠪᠠᠭᠠᠰᠬᠠᠬᠤ ᠶᠢ ᠵᠢᠭᠠᠵᠤ ᠪᠠᠶᠢᠨ᠎ᠠ︔ ᠣᠯᠠᠨ ᠰᠠᠯᠠᠭ᠎ᠠ ᠮᠥᠴᠢᠷ ᠤᠨ ᠳᠠᠬᠢᠨ ᠳᠠᠪᠲᠠᠨ ᠬᠠᠮᠢᠶᠠᠷᠬᠤ ᠵᠠᠰᠠᠭ ᠵᠠᠬᠢᠷᠭᠠᠨ ᠤ ᠡᠷᠬᠡ ᠶᠢ ᠢᠯᠭᠠᠷᠠᠭᠤᠯᠪᠠ᠃ ︽ᠬᠠᠮᠢᠶᠠᠷᠬᠤ︾ ᠭᠡᠳᠡᠭ ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢᠨ ᠰᠢᠨ᠎ᠡ ᠶᠢ ᠡᠭᠦᠳᠬᠦ ᠪᠠ ᠴᠢᠩᠭᠠᠳᠬᠠᠵᠤ᠂ ᠰᠢᠨ᠎ᠡ ᠮᠡᠷᠭᠡᠵᠢᠯ ᠰᠢᠨ᠎ᠡ ᠪᠠᠶᠢᠭᠤᠯᠤᠯ ᠢ ᠠᠰᠢᠭᠯᠠᠨ ᠬᠢᠨᠠᠨ  ᠬᠠᠮᠢᠶᠠᠷᠬᠤ ᠪᠠᠶᠢᠭᠤᠯᠤᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ ᠶᠢ ᠵᠢᠭᠠᠵᠤ ᠪᠠᠶᠢᠨ᠎ᠠ᠃ ︽ᠪᠠᠭᠠᠰᠬᠠᠬᠤ︾ ᠭᠡᠳᠡᠭ ᠨᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠲᠤ ᠭᠠᠷ ᠲᠦᠷᠦᠭᠦ ᠶᠢ ᠪᠠᠭᠠᠰᠬᠠᠬᠤ ᠶᠢ ᠵᠢᠭᠠᠵᠤ ᠪᠠᠶᠢᠨ᠎ᠠ᠃ ᠵᠠᠬ᠎ᠠ ᠳᠡᠯᠭᠡᠭᠦᠷ ᠤᠨ ᠶᠠᠪᠤᠳᠠᠯ ᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠠᠰᠠᠭ ᠵᠠᠬᠢᠷᠭᠠᠨ ᠤ ᠬᠢ ᠨᠠᠨ ᠵᠥᠪᠰᠢᠶᠡᠷᠡᠬᠦ ᠵᠡᠷᠭᠡ ᠠᠵᠢᠯᠯᠠᠭ᠎ᠠ ᠶᠢ ᠪᠠᠭᠠᠰᠬᠠᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠵᠠᠰᠠᠭ ᠵᠠᠬᠢᠷᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠪᠠ ᠰᠢᠨ᠎ᠡ ᠶᠢ ᠡᠭᠦᠳᠬᠦ ᠴᠢᠳᠠᠪᠤᠷᠢ ᠶᠢ ᠠᠬᠢᠭᠤᠯᠤᠨ᠎ᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠣᠯ ᠠᠷᠠᠳ ᠲᠦᠮᠡᠨ ᠤ ᠬᠦᠰᠡᠯ ᠡᠷᠡᠮᠡᠯᠵᠡᠯ ᠮᠥᠨ᠂  ᠵᠠᠰᠠᠭ ᠶᠠᠪᠤᠭᠤᠯᠬᠤ ᠶᠢᠨ ᠬᠠᠨᠳᠤᠰᠢ ᠮᠥᠨ᠃     ᠮᠠᠨ ᠤ ᠲᠣᠪᠴᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠪᠠᠳᠠᠨ ᠪᠠᠶᠢᠴᠠᠭᠠᠯᠲᠠ ᠪᠠᠷ ᠲᠣᠬᠢᠶᠠᠯ  ᠪᠤᠯᠭᠠᠵᠤ᠂ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠶᠢ ᠪᠡᠶᠡᠯᠡᠭᠦᠯᠬᠦ ᠶᠢ ᠠᠬᠢᠭᠤᠯᠤᠨ᠎ᠠ ︽ᠭᠤᠷᠪᠠ ᠶᠢ ᠲᠥᠪᠯᠡᠷᠡᠭᠦᠯᠬᠦ︾ ᠭᠡᠳᠡᠭ ᠨᠢ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠶᠢ ᠴᠥᠮ ᠨᠢᠭᠡ ᠰᠠᠯᠠᠭ᠎ᠠ ᠲᠠᠰᠤᠭ ᠲᠤ ᠲᠥᠪᠯᠡᠷᠡᠭᠦᠯᠬᠦ᠂ ᠲᠤᠬᠠᠶᠢᠯᠠᠪᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ᠂ ᠬᠢᠨᠠᠨ ᠵᠥᠪᠰᠢᠶᠡᠷᠡᠬᠦ ᠰᠠᠯᠠᠭ᠎ᠠ ᠶᠢ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠡᠰᠢ ᠲᠥᠪᠯᠡᠷᠡᠭᠦᠯᠬᠦ ᠶᠢ ᠵᠢᠭᠠᠵᠤ ᠪᠤᠶ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ  ᠵᠦᠢᠯᠡᠰ ᠢ ᠡᠯᠧᠺᠲᠷᠣᠨ ᠵᠠᠰᠠᠭ ᠤᠨ ᠶᠠᠪᠤᠳᠠᠯ ᠤᠨ ᠲᠠᠪᠴᠠᠩ ᠳᠤ ᠲᠦᠪᠯᠡᠷᠡᠭᠦᠯᠦᠨ᠎ᠡ᠃ ︽ᠭᠤᠷᠪᠠ ᠶᠢ ᠪᠣᠳᠠᠲᠠᠶᠢᠵᠢᠭᠤᠯᠬᠤ︾ ᠭᠡᠳᠡᠭ ᠨᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠰᠠᠭᠤᠷᠢᠰᠢᠵᠤ᠂ ᠬᠢᠨᠠᠨ ᠵᠥᠪᠰᠢᠶᠡᠷᠡᠬᠦ ᠡᠷᠬᠡ ᠣᠯᠭᠤᠬᠤ ᠴᠣᠩᠬᠤ ᠶᠢ ᠪᠣᠳᠠᠲᠠᠶᠢᠵᠢᠭᠤᠯᠵᠤ᠂ ᠡᠯᠧᠺᠲᠷᠣᠨ ᠬᠢᠨᠠᠨ ᠪᠠᠶᠢᠴᠠᠭᠠᠯᠲᠠ ᠶᠢ ᠪᠣᠳᠠᠲᠠᠶᠢᠵᠢᠭᠤᠯᠤᠨ᠎ᠠ᠃ ᠬᠢᠨᠠᠨ ᠵᠥᠪᠰᠢᠶᠡᠷᠡᠬᠦ ᠤᠴᠢᠷ ᠶᠠᠪᠤᠳᠠᠯ ᠪᠦᠬᠦᠢ ᠰᠠᠯᠠᠭ᠎ᠠ ᠮᠥᠴᠢᠷ ᠤᠨ ᠣᠷᠣᠭᠤᠯᠬᠤ ᠶᠣᠰᠣᠲᠠᠶ ᠶᠣᠰᠣᠭᠠᠷ᠂ ᠶᠡᠭᠡ ᠲᠢᠩᠬᠢᠮ ᠠᠴᠠ ᠭᠠᠳᠠᠨ᠎ᠠ ᠬᠢᠨᠠᠨ ᠵᠥᠪᠰᠢᠶᠡᠷᠡᠬᠦ ᠵᠠᠷᠴᠢᠮ ᠦᠭᠡᠢ᠂ ᠡᠯ᠎ᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠶᠡᠬᠡᠪᠡᠷ ᠵᠣᠬᠢᠴᠠᠭᠤᠯᠵᠤ᠂ 8 ᠰᠠᠷ᠎ᠠ ᠳᠤ ᠲᠢᠩᠬᠢᠮ ᠳᠤ ᠰᠠᠭᠤᠭ᠎ᠠ ᠰᠠᠯᠠᠭ᠎ᠠ ᠮᠥᠴᠢᠷ 11 ᠰᠢᠨ᠎ᠡ ᠪᠠᠷ ᠨᠡᠮᠡᠭᠳᠡᠵᠦ᠂ ᠡᠭᠦᠨ ᠳᠤ ᠠᠷᠠᠳ ᠲᠤ ᠲᠥᠬᠦᠮ ᠦᠵᠡᠭᠦᠯᠬᠦ ᠤᠶᠢᠯᠡᠴᠢᠯᠡᠭᠡᠨ ᠤ ᠰᠠᠯᠠᠭ᠎ᠠ ᠮᠥᠴᠢᠷ 6᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ 5᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠨᠢ ᠪᠦᠬᠦᠯᠢ ᠪᠠᠶᠢᠭᠤᠯᠤᠮᠵᠢ ᠶᠢᠨ ᠲᠦᠷᠢᠮ ᠢᠶᠠᠷ ᠣᠷᠣᠵᠤ ᠰᠠᠭᠤᠪᠠ᠃ ᠣᠳᠣᠬᠠᠨ ᠳᠤ᠂ ᠶᠡᠭᠡ ᠲᠢᠩᠬᠢᠮ ᠳᠤ ᠨᠡᠶᠢᠲᠡ 23 ᠰᠠᠯᠠᠭ᠎ᠠ ᠮᠥᠴᠢᠷ᠂ 64 ᠴᠣᠩᠬᠤ ᠣᠷᠣᠵᠤ ᠰᠠᠭᠤᠵᠤ ᠪᠠᠶᠢᠨ᠎ᠠ᠃ 165 ᠬᠥᠮᠦᠨ᠂ 204 ᠵᠦᠢᠯ ᠣᠷᠣᠵᠤ ᠰᠠᠭᠤᠬᠤ ᠤᠴᠢᠷ ᠶᠠᠪᠤᠳᠠᠯ᠂ 2019 ᠣᠨ ᠳᠤ ᠨᠡᠶᠢᠲᠡ 186844 ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠦᠢᠯᠡᠰ ᠢ ᠰᠢᠢᠳᠪᠦᠷᠢᠯᠡᠵᠦ᠂ ︽ᠨᠢᠭᠡ ᠯᠡ ᠡᠭᠦᠳᠡ ᠪᠠᠷ ᠣᠷᠣᠵᠤ︾  ᠤᠶᠢᠯᠡᠴᠢᠯᠡᠬᠦ ᠶᠢ ᠪᠡᠶᠡᠯᠡᠭᠦᠯᠬᠦ ᠶᠢ ᠠᠬᠢᠭᠤᠯᠪᠠ᠃    ︵ᠬᠤᠶᠠᠷ︶ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠤᠯᠤᠰ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ     ᠮᠠᠨ ᠤ ᠲᠣᠪᠴᠢᠶ᠎ᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠶ  ᠤᠶᠢᠯᠡᠴᠢᠯᠡᠭᠡ ᠬᠠᠩᠭᠠᠬᠤ ᠶᠢᠨ ᠲᠥᠯᠥᠭᠡ᠂ ᠶᠡᠭᠡ ᠲᠢᠩᠬᠢᠮ ᠤᠨ ᠡᠯ᠎ᠡ ᠴᠣᠩᠬᠤᠨ ᠤ ᠬᠠᠷᠢᠭᠤᠴᠠᠯᠭᠠᠲᠠᠨ ᠳᠤ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠤᠯ ᠪᠠ ᠰᠡᠷᠡᠮᠵᠢᠯᠡᠭᠦᠯᠬᠦ ᠬᠥᠮᠦᠵᠢᠯ ᠬᠢᠪᠡ᠃ ᠡᠭᠦᠨ ᠠᠴᠠ ᠭᠠᠳᠠᠨ᠎ᠠ ᠪᠠᠰᠠ ᠶᠡᠭᠡ ᠲᠢᠩᠬᠢᠮ ᠤᠨ ᠡᠳᠦᠷ ᠪᠦᠷᠢ ᠶᠢᠨ ᠲᠣᠭᠤᠷᠢᠨ ᠪᠠᠶᠢᠴᠠᠭᠠᠬᠤ ᠳᠦᠷᠢᠮ  ᠢ ᠪᠠᠶᠢᠭᠤᠯᠵᠤ᠂ ᠵᠢᠵᠢᠭᠦᠷ ᠤᠨ ᠬᠦᠰᠦᠨᠦᠭᠲᠦ ᠶᠢ ᠲᠣᠭᠲᠠᠭᠠᠪᠠ᠃ ᠬᠠᠷᠢᠭᠤᠴᠠᠯᠭ᠎ᠠ ᠡᠭᠦᠷᠭᠡᠯᠡᠭᠴᠢ ᠪᠠᠨ ᠨᠠᠷᠢᠯᠢᠭᠵᠢᠭᠤᠯᠵᠤ᠂ ᠡᠳᠦᠷ ᠪᠦᠷᠢ ᠴᠠᠭ ᠬᠤᠪᠢᠶᠠᠨ ᠶᠡᠭᠡ ᠲᠢᠩᠬᠢᠮ ᠤᠨ ᠡᠯ᠎ᠡ ᠴᠣᠩᠬᠤᠨ ᠤ ᠠᠵᠢᠯ ᠳᠤ ᠭᠠᠷᠤᠭᠰᠠᠨ ᠪᠠᠶᠢᠳᠠᠯ᠂ ᠠᠵᠢᠯ ᠤᠨ ᠰᠤᠷᠲᠠᠯ ᠪᠣᠯᠤᠨ ᠠᠮᠤᠷ ᠲᠦᠪᠰᠢᠨ ᠤ  ᠪᠠᠶᠢᠳᠠᠯ ᠳᠤ ᠪᠠᠶᠢᠴᠠᠭᠠᠯᠲᠠ ᠬᠢᠨ᠎ᠡ᠃ ᠶᠡᠭᠡ ᠲᠢᠩᠬᠢᠮ ᠤᠨ ᠠᠮᠤᠷ ᠲᠦᠪᠰᠢᠨ ᠡᠮᠬᠢ ᠵᠢᠷᠤᠮ ᠲᠠᠢ ᠠᠵᠢᠯᠯᠠᠬᠤ ᠶᠢ ᠦᠨᠡᠨ ᠬᠦ ᠪᠠᠲᠤᠯᠠᠨ᠎ᠠ᠃ 8 ᠰᠠᠷ᠎ᠠ ᠶᠢᠨ 27 ᠤ ᠡᠳᠦᠷ ᠮᠠᠨ ᠤ ᠲᠣᠪᠴᠢᠶ᠎ᠠ ᠰᠢᠶᠠᠨ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠲᠠᠢ ᠬᠤᠯᠪᠣᠭᠠᠯᠠᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠤᠨ ᠡᠯ᠎ᠡ ᠴᠣᠩᠬᠤᠪᠴᠢ ᠶᠢᠨ ᠠᠵᠢᠯ ᠤᠨ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠪᠠᠶᠢᠳᠠᠯ ᠵᠢᠴᠢ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠪᠠᠶᠢᠳᠠᠯ ᠳᠤ ᠲᠤᠰᠬᠠᠶ ᠰᠢᠪᠠᠳᠠᠨ ᠪᠠᠶᠢᠴᠠᠭᠠᠯᠲᠠ ᠬᠢᠵᠡᠶ᠃ ᠨᠡᠶᠢᠲᠡ 7 ᠰᠠᠯᠠᠭ᠎ᠠ ᠮᠥᠴᠢᠷ ᠴᠣᠩᠬᠤᠨ ᠤ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠳᠤᠲᠠᠭᠳᠠᠭᠰᠠᠨ᠂ ᠠᠵᠢᠯ ᠤᠨ ᠪᠠᠶᠢᠷᠢ ᠳᠤᠲᠠᠭᠳᠠᠭᠰᠠᠨ᠂ ᠠᠵᠢᠯ ᠤᠨ ᠪᠠᠶᠢᠷᠢ ᠡᠭᠡᠯᠵᠢᠯᠡᠭᠰᠡᠨ ᠵᠡᠷᠭᠡ ᠠᠰᠠᠭᠤᠳᠠᠯ ᠳᠤ ᠬᠤᠯᠪᠣᠭᠳᠠᠭᠰᠠᠨ ᠮᠠᠨ ᠤ ᠲᠣᠪᠴᠢᠶ᠎ᠠ ᠰᠢᠪᠠᠳᠠᠨ ᠪᠠᠶᠢᠴᠠᠭᠠᠭᠰᠠᠨ ᠪᠠᠶᠢᠳᠠᠯ ᠢᠶᠠᠨ ᠴᠠᠭ ᠲᠤᠬᠠᠶ ᠳᠤᠨᠢ ᠵᠠᠷᠯᠠᠨ ᠮᠡᠳᠡᠭᠳᠡᠵᠦ᠂ ᠲᠢᠩᠬᠢᠮ ᠳᠤ ᠰᠠᠭᠤᠭ᠎ᠠ ᠡᠯ᠎ᠡ ᠰᠠᠯᠠᠭ᠎ᠠ ᠮᠥᠴᠢᠷ ᠤᠨ ᠬᠢᠨ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂  ᠤᠷᠤᠰᠢᠵᠤ  ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠬᠡᠷᠡᠭᠲᠡᠶ᠃ ᠡᠶᠢᠮᠦ ᠪᠠᠶᠢᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃     ᠡᠭᠦᠨ ᠠᠴᠠ ᠭᠠᠳᠠᠨ᠎ᠠ᠂ ᠮᠠᠨ ᠤ ᠲᠣᠪᠴᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠡᠭᠦᠳᠡ ᠪᠠᠨ ᠨᠡᠭᠡᠭᠡᠵᠦ ᠢᠳᠬᠠᠯ ᠬᠤᠷᠢᠶᠠᠬᠤ ᠶᠠᠷᠢᠯᠴᠠᠬᠤ ᠬᠤᠷᠠᠯ ᠵᠡᠷᠭᠡ ᠬᠡᠯᠪᠡᠷᠢ ᠪᠠᠷ ᠰᠠᠬᠢᠯᠭ᠎ᠠ ᠪᠠᠲᠤ ᠰᠤ‌‍ᠷᠲᠠᠯ ᠤᠨ ᠪᠠᠶᠢᠭᠤᠯᠤᠯᠲᠠ ᠶᠢ ᠴᠢᠩᠭᠠᠳᠬᠠᠪᠠ᠃ 2019 ᠣᠨ ᠤ 10 ᠰᠠᠷ᠎ᠠ ᠶᠢᠨ 12 ᠤᠨ ᠡᠳᠦᠷ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠪᠣᠯᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠤᠨ ᠪᠠᠭ ᠤᠨ ᠪᠦᠷᠢᠯᠳᠦᠬᠦᠨ᠂ ᠪᠥᠬᠦ ᠨᠠᠮ ᠤᠨ ᠭᠡᠰᠢᠭᠦᠨ ᠺᠠᠳ᠋ᠷ ᠵᠢᠴᠢ ᠰᠠᠬᠢᠯᠭ᠎ᠠ ᠪᠠᠲᠤ ᠪᠠᠶᠢᠴᠠᠭᠠᠬᠤ  ᠳᠤᠭᠤᠶᠢᠯᠠᠩ ᠤᠨ ᠳᠠᠷᠤᠭ᠎ᠠ ᠵᠦᠸᠧᠽᠢ ᠰᠢᠶᠠᠨ ᠤ ᠯᠢ ᠬᠤᠸᠠ ᠪᠠᠯᠭᠠᠰᠤᠨ ᠤ ᠵᠠᠰᠠᠭ ᠤᠨ ᠣᠷᠳᠣᠨ ᠳᠤ ᠬᠦᠷᠴᠦ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠳᠤ ᠣᠷᠣᠯᠴᠠᠵᠤ᠂ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢ  ᠲᠤᠭᠤᠷᠢᠨ ᠦᠵᠡᠪᠡ᠃ ᠲᠣᠰ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ᠂ ᠨᠡᠶᠢᠲᠡᠯᠢᠭ ᠦᠢᠯᠡ ᠶᠠᠪᠤᠳᠠᠯ᠂ ᠬᠡᠷᠡᠭ ᠤᠨ ᠵᠢᠱᠢᠶ᠎ᠡ ᠬᠥᠮᠦᠰ ᠢ ᠰᠡᠷᠡᠮᠵᠢᠯᠡᠭᠦᠯᠵᠦ᠂ ᠭᠦᠨ ᠰᠡᠳᠬᠢᠭᠦᠰᠢᠲᠡᠶ ᠨᠢ ᠺᠠᠳ᠋ᠷ ᠢ ᠨᠢᠭᠡ ᠤᠳᠠᠭᠠᠨ ᠤ ᠭᠦᠨ ᠭᠦᠨᠵᠡᠭᠡᠶ ᠦᠵᠡᠯ ᠰᠠᠨᠠᠭᠠᠨ ᠤ ᠤᠬᠢᠶᠠᠯ ᠬᠦᠷᠲᠡᠭᠡᠵᠦ᠂ ᠨᠠᠮ ᠤᠨ ᠭᠡᠰᠢᠭᠦᠨ ᠺᠠᠳ᠋ᠷ ᠤᠨ ᠰᠢᠨ᠎ᠡ ᠴᠠᠭ ᠦᠶ᠎ᠡ ᠶᠢᠨ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ᠂ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠠᠷᠢᠭᠤᠨ ᠴᠢᠬᠡᠴᠢ ᠪᠠᠷ ᠵᠠᠰᠠᠭ ᠪᠠᠷᠢᠬᠤ ᠦᠵᠡᠯ ᠤᠬᠠᠮᠰᠠᠷ ᠢ  ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠷᠠᠭᠤᠯᠬᠤ ᠨᠢ ᠴᠢᠬᠤᠯᠠ ᠰᠤᠷᠭᠠᠨ ᠬᠥᠮᠦᠵᠢᠭᠦᠯᠬᠦ ᠠᠴᠢ ᠬᠤᠯᠪᠣᠭᠳᠠᠯ ᠲᠠᠢ ᠶᠤᠮ᠃ 2019 ᠣᠨ ᠤ 11 ᠰᠠᠷ᠎ᠠ ᠶᠢᠨ 5 ᠤ ᠡᠳᠦᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠭᠤᠣᠯ ᠰᠡᠳᠦᠪᠲᠦ ᠬᠥᠮᠦᠵᠢᠯ ᠤᠨ ᠡᠭᠦᠳᠡ ᠪᠠᠨ ᠨᠡᠭᠡᠭᠡᠵᠦ ᠢᠳᠬᠠᠯ ᠬᠤᠷᠢᠶᠠᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠵᠦ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠠᠷᠢᠯᠴᠠᠬᠤ ᠬᠤᠷᠠᠯ  ᠬᠤᠷᠠᠯᠳᠤᠭᠤᠯᠵᠤ᠂ ᠬᠤᠷᠠᠯ ᠳᠡᠭᠡᠷ᠎ᠡ ᠲᠢᠩᠬᠢᠮ ᠳᠤ ᠰᠠᠭᠤᠭ᠎ᠠ ᠡᠯ᠎ᠡ ᠰᠠᠯᠠᠭ᠎ᠠ ᠮᠥᠴᠢᠷ ᠤᠨ ᠭᠤᠣᠯ  ᠬᠠᠷᠢᠭᠤᠴᠠᠯᠭᠠᠲᠠᠨ ᠮᠠᠨ ᠤ ᠰᠢᠶᠠᠨ ᠤ ᠡᠯ᠎ᠡ ᠠᠵᠤ ᠠᠬᠤᠶᠢᠯᠠᠯ ᠤᠨ ᠠᠵᠤ ᠠᠬᠤᠶᠢᠯᠠᠯ ᠡᠷᠬᠢᠯᠡᠬᠦ᠂ ᠬᠢᠨᠠᠨ ᠵᠥᠪᠰᠢᠶᠡᠷᠡᠬᠦ  ᠤᠶᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠶᠠᠪᠤᠴᠠ ᠳᠤ ᠲᠤᠯᠭᠠᠷᠠᠭᠰᠠᠨ ᠡᠪᠡᠷᠰᠢᠶᠡᠯ᠂ ᠬᠦᠴᠢᠷ ᠠᠰᠠᠭᠤᠳᠠᠯ ᠪᠠ ᠲᠦᠭᠵᠢᠷᠡᠯ ᠢ ᠴᠢᠩ ᠰᠡᠳᠬᠢᠯ ᠠᠴᠠ ᠪᠠᠨ ᠰᠣᠨᠣᠰᠴᠤ᠂ ᠪᠠᠰᠠ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠠᠷᠠᠳ ᠲᠤ ᠳᠥᠭᠦᠮ ᠠᠵᠤ ᠠᠬᠤᠶᠢᠯᠠ ᠳᠤ ᠠᠰᠢᠭᠲᠠᠢ ᠪᠠᠶᠢᠬᠤ  ᠲᠤᠬᠠᠢ ᠰᠠᠨᠠᠯ ᠰᠠᠨᠠᠭᠤᠯᠭ᠎ᠠ ᠶᠢ 7 ᠵᠤᠷᠪᠤᠰ ᠴᠤᠭᠯᠠᠭᠤᠯᠵᠤ᠂ ᠪᠢᠳᠡᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠴᠢᠬᠤᠯᠠ ᠯᠠᠪᠯᠠᠯᠲᠠ ᠪᠠ ᠦᠨᠳᠦᠰᠦᠯᠡᠯ ᠬᠠᠩᠭᠠᠪᠠ᠃ ᠮᠠᠨ ᠤ ᠲᠣᠪᠴᠢᠶ᠎ᠠ ᠶᠢᠨ ᠴᠤᠭᠯᠠᠭᠤᠯᠤᠭᠰᠠᠨ ᠰᠠᠨᠠᠯ᠂ ᠰᠠᠨᠠᠭᠤᠯᠭ᠎ᠠ ᠳᠤ ᠴᠢᠭᠯᠡᠭᠦᠯᠦᠨ ᠲᠡᠷᠡ ᠳᠠᠷᠤᠶ ᠳᠤᠨᠢ  ᠪᠠᠶᠢᠴᠠᠭᠠᠵᠤ ᠲᠡᠷᠡ ᠳᠠᠷᠤᠶ ᠳᠤᠨᠢ ᠥᠭᠡᠷᠡᠴᠢᠯᠡᠬᠦ ᠶᠢ ᠪᠠᠷᠢᠮᠲᠠᠯᠠᠵᠤ᠂ ᠤᠳᠤ ᠨᠢᠭᠡᠨᠲᠡ ᠠᠰᠠᠭᠤᠳᠠᠯ ᠢ ᠦᠨᠳᠦᠰᠦᠨ ᠳᠡᠭᠡᠨ ᠴᠡᠭᠴᠡᠯᠡᠨ ᠰᠠᠶᠢᠵᠢᠷᠠᠭᠤᠯᠵᠤ ᠳᠠᠭᠤᠰᠬᠠᠭᠰᠠᠨ ᠪᠥᠭᠡᠳ ᠰᠠᠶᠢᠨ ᠦᠷ᠎ᠡ ᠪᠦᠲᠦᠮᠵᠢ ᠤᠯᠪᠠ᠃    ︵ᠭᠤᠷᠪᠠ︶ ᠤᠯᠤᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ  ᠳᠠᠰᠤᠷᠠᠯᠲᠠ ᠦᠭᠡᠢ ᠰᠢᠯᠢᠳᠡᠭᠵᠢᠭᠦᠯᠪᠡ     ᠮᠠᠨ ᠤ ᠲᠣᠪᠴᠢᠶ᠎ᠠ ᠠᠷᠠᠳ ᠤᠨ ᠠᠰᠢᠭ ᠲᠤᠰᠠ ᠶᠢᠨ ᠠᠵᠤ ᠠᠬᠤᠶᠢᠯᠠᠯ ᠢᠶᠠᠷ ᠵᠣᠷᠢᠯᠲᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠢᠮᠠᠭᠲᠠ ᠪᠠᠷᠢᠮᠲᠠᠯᠠᠵᠠᠶ᠃ ᠡᠮᠬᠢ ᠵᠢᠷᠤᠮ ᠲᠠᠢ ᠤᠷᠤᠭᠰᠢᠯᠠᠬᠤ ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠪᠤᠷ  ᠢ ᠢᠳᠡᠪᠬᠢᠲᠡᠢ ᠲᠡᠭᠦᠯᠳᠡᠷᠵᠢᠭᠦᠯᠦᠨ ᠬᠥᠭᠵᠢᠭᠦᠯᠵᠦ᠂ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠴᠣᠮᠬᠠᠳᠬᠠᠵᠤ᠂ ᠠᠵᠢᠯ ᠶᠠᠪᠤᠳᠠᠯ  ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ  ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠬᠢ ᠶᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠶᠢᠮᠦ ᠠᠴᠠ ᠮᠠᠨ ᠤ ᠲᠣᠪᠴᠢᠶ᠎ᠠ ᠶᠡᠭᠡ ᠬᠡᠮᠵᠢᠶᠡᠨ ᠤ ᠠᠵᠢᠯ ᠬᠢᠵᠡᠶ᠃    ᠪᠦᠬᠦ ᠰᠢᠶᠠᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠯᠲᠡ ᠶᠢᠨ ᠠᠵᠢᠯ ᠢ ᠠᠬᠢᠭᠤᠯᠬᠤ ᠶᠢᠨ ᠲᠥᠯᠥᠭᠡ᠂ ᠰᠠᠯᠠᠭ᠎ᠠ ᠮᠥᠴᠢᠷ ᠤᠨ ᠲᠠᠪᠴᠠᠩ ᠤᠨ ᠠᠵᠢᠯᠯᠠᠭᠠᠨ ᠤ ᠲᠠᠯ᠎ᠠ ᠪᠠᠷ ᠬᠢ ᠪᠣᠳᠠᠲᠠᠶ ᠠᠰᠠᠭᠤᠳᠠᠯ ᠢ  ᠰᠢᠢᠳᠪᠦᠷᠢᠯᠡᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ  ᠤᠶᠢᠯᠡᠴᠢᠯᠡᠭᠡ︾ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠠᠪᠴᠠᠩ ᠤᠨ ᠬᠠᠮᠢᠶ᠎ᠠ ᠪᠦᠬᠦᠢ ᠵᠦᠢᠯᠡᠰ ᠤᠨ ᠠᠵᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠮᠠᠨ ᠤ ᠲᠣᠪᠴᠢᠶ᠎ᠠ 4 ᠰᠠᠷ᠎ᠠ ᠳᠤ ᠪᠦᠬᠦ ᠰᠢᠶᠠᠨ ᠤ ᠰᠠᠯᠠᠭ᠎ᠠ ᠮᠥᠴᠢᠷ ᠤᠨ ᠵᠣᠬᠢᠴᠠᠭᠤᠯᠬᠤ ᠬᠤᠷᠠᠯ ᠬᠢᠵᠦ᠂ 10 ᠳ᠋ᠤᠭᠠᠷ ᠰᠠᠷ᠎ᠠ ᠳᠤ ︽ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ  ᠤᠶᠢᠯᠡᠴᠢᠯᠡᠭᠡ ᠪᠠ ︿ᠢᠨᠲ᠋ᠧᠷ  ᠰᠦᠯᠵᠢᠶ᠎ᠡ + ᠬᠢᠨᠠᠯᠲᠠ ᠬᠠᠮᠢᠶᠠᠷᠤᠯᠲᠠ﹀ ᠶᠢ ᠲᠦᠯᠬᠢᠨ ᠠᠬᠢᠭᠤᠯᠵᠤ ᠲᠥᠪᠯᠡᠷᠡᠭᠦᠯᠦᠨ ᠠᠯᠪᠠᠯᠠᠬᠤ︾ ᠠᠵᠢᠯ ᠤᠨ ᠬᠤᠷᠠᠯ  ᠬᠤᠷᠠᠯᠳᠤᠭᠤᠯᠬᠤ ᠶᠢᠨ ᠬᠠᠮᠲᠤ ᠬᠤᠲᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠳᠤ ᠲᠤᠬᠠᠶᠢᠯᠠᠭᠰᠠᠨ ᠠᠵᠢᠯ ᠤᠨ  ᠪᠤᠯᠪᠠᠰᠤᠷᠠᠭᠤᠯᠤᠯ ᠬᠢᠯᠭᠡᠵᠡᠶ᠃ ᠨᠡᠶᠢᠳᠡ 28 ᠨᠢᠭᠡᠴᠡ ᠬᠤᠷᠠᠯ ᠳᠤ ᠣᠷᠣᠯᠴᠠᠪᠠ᠃ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ︵ᠨᠢᠭᠡᠴᠢ︶ ᠢ ᠵᠣᠬᠢᠶᠠᠨ ᠪᠠᠶᠢᠭᠤᠯᠵᠤ᠂ ᠲᠤᠰ ᠨᠢᠭᠡᠴᠢ ᠪᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤᠨ ᠳᠤ ᠵᠢᠭᠰᠠᠭᠠᠨ ᠣᠷᠣᠭᠤᠯᠬᠤ ᠠᠵᠢᠯ ᠤᠨ ᠠᠭᠤᠯᠠᠨ᠎ᠠ᠂ ︽ᠭᠤᠷᠪᠠ ᠶᠢ ᠲᠣᠭᠲᠠᠭᠠᠬᠤ︾ ᠲᠥᠰᠦᠯ ᠢ ᠦᠨᠳᠦᠰᠦᠯᠡᠨ ᠳᠠᠬᠢᠨ ᠲᠣᠬᠢᠷᠠᠭᠤᠯᠤᠯᠲᠠ ᠬᠢᠵᠦ᠂ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠷᠢᠮᠵᠢᠶ᠎ᠠ ᠶᠣᠰᠣᠭᠠᠷ ᠵᠢᠷᠤᠮᠵᠢᠭᠤᠯᠵᠤ᠂  ᠬᠢᠨᠠᠮᠠᠭᠠᠢ ᠡᠮᠬᠢᠯᠡᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠠᠪᠴᠠᠩ ᠳᠤ ᠲᠣᠰ ᠰᠠᠯᠠᠭ᠎ᠠ ᠮᠥᠴᠢᠷ ︵ᠨᠢᠭᠡᠴᠡ︶ ᠤᠨ ᠪᠠᠷᠢᠮᠵᠢᠶᠠᠵᠢᠭᠤᠯᠤᠭᠰᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ  ᠨᠠᠶᠢᠷᠠᠭᠤᠯᠤᠨ ᠵᠣᠬᠢᠶᠠᠨ᠎ᠠ᠃   ᠳᠥᠷᠪᠡᠨ ᠱᠠᠲᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠶᠢᠨ ᠲᠦᠯᠦᠭᠡ᠂ ᠮᠠᠨ ᠤ ᠲᠣᠪᠴᠢᠶ᠎ᠠ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠤ ᠡᠯᠧᠺᠲᠷᠣᠨ ᠨᠣᠮ ᠪᠢᠴᠢᠭ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠬᠠᠮᠢᠶ᠎ᠠ ᠪᠦᠬᠦᠢ ᠥᠪᠡᠷ ᠢᠶᠠᠨ  ᠤᠶᠢᠯᠡᠴᠢᠯᠡᠬᠦ ᠲᠥᠬᠦᠭᠡᠷᠦᠮᠵᠢ ᠨᠡᠮᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ ᠵᠠᠰᠠᠭ ᠤᠨ ᠶᠠᠪᠤᠳᠠᠯ ᠤᠨ ᠲᠥᠪ ᠤᠨ ᠪᠣᠶ ᠪᠦᠬᠦᠢ ᠴᠣᠩᠬᠤ ᠵᠢᠴᠢ 8 ᠰᠢᠶᠠᠩ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡᠨ ᠤ ᠲᠥᠪ ᠲᠤ ᠵᠠᠰᠠᠭ ᠤᠨ ᠶᠠᠪᠤᠳᠠᠯ ᠤᠨ ᠭᠠᠳᠠᠨᠠᠬᠢ ᠰᠦᠯᠵᠢᠶ᠎ᠡ ᠶᠢ ᠨᠡᠪᠲᠡᠷᠡᠭᠦᠯᠵᠡᠶ᠃ ᠲᠠᠷᠠᠭᠠᠴᠢ ᠶᠢᠨ ᠠᠯᠬᠤᠮ ᠳᠤ ︽ᠨᠢᠭᠡ ᠰᠦᠯᠵᠢᠶ᠎ᠡ ᠪᠠᠷ ᠨᠡᠶᠢᠳᠡᠮ  ᠭᠦᠢᠴᠡᠳᠬᠡᠬᠦ︾ ᠳᠤ ᠰᠠᠭᠤᠷᠢ ᠶᠢ ᠰᠠᠶᠢᠲᠤᠷ ᠲᠠᠯᠪᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃    ᠠᠰᠠᠭᠤᠯᠲᠠ᠄ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ︖   ᠬᠠᠷᠢᠭᠤᠯᠲᠠ᠄ ᠭᠠᠴᠠᠭᠠᠨ ᠤ ᠱᠠᠲᠤᠨ ᠤ ᠣᠷᠣᠯᠠᠨ ᠭᠦᠢᠴᠡᠳᠬᠡᠬᠦ ᠴᠡᠭ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠎ᠠ᠃ ᠵᠦᠸᠧᠽᠢ ᠰᠢᠶᠠᠨ ᠤ ᠲᠣᠰᠬᠤᠨ ᠤ ᠱᠠᠲᠤᠨ ᠤ ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡᠨ ᠤ ᠣᠷᠣᠯᠠᠨ ᠭᠦᠢᠴᠡᠳᠬᠡᠬᠦ‍ ᠴᠢᠭ ᠤᠨ ᠪᠦᠲᠦᠭᠡᠨ ᠪᠠᠶᠢᠭᠤᠯᠤᠯᠲᠠ ᠪᠣᠯ ᠤᠯᠠᠭᠠᠨᠴᠠᠪ ᠬᠤᠲᠠ ᠶᠢᠨ ᠨᠢᠭᠡᠨ ᠭᠢᠯᠠᠰ ᠴᠡᠭ ᠪᠣᠯᠬᠤ  ᠢᠨᠵᠧᠨᠡᠷᠢᠭ ᠪᠣᠯᠤᠨ᠎ᠠ᠃ ᠭᠠᠴᠠᠭᠠᠨ ᠤ ᠱᠠᠲᠤᠨ ᠤ ᠣᠷᠣᠯᠠᠨ ᠭᠦᠢᠴᠡᠳᠬᠡᠬᠦ ᠠᠵᠢᠯ ᠭᠡᠳᠡᠭ ᠨᠢ ᠴᠢᠩᠭ᠎ᠠ ᠰᠢᠯᠢᠨ ᠳᠡᠪᠰᠢᠭᠦᠯᠬᠦ ᠪᠠᠷ  ᠳᠠᠮᠵᠢᠭᠤᠯᠤᠭᠰᠠᠨ ᠣᠷᠣᠯᠠᠨ ᠭᠦᠢᠴᠡᠳᠬᠡᠭᠴᠢ ︵ᠲᠣᠰᠬᠤᠨ ᠳᠤ ᠰᠠᠭᠤᠭ᠎ᠠ ᠺᠠᠳ᠋ᠷ᠂ ᠭᠠᠴᠠᠭᠠᠨ ᠤ ᠬᠤᠶᠠᠷ ᠵᠥᠪᠯᠡᠯ ᠤᠨ ᠪᠦᠷᠢᠯᠳᠤᠭᠦᠨ᠂ ᠣᠶᠤᠲᠠᠨ ᠭᠠᠴᠠᠭᠠᠨ ᠳᠠᠷᠤᠭ᠎ᠠ ᠵᠡᠷᠭᠡ︶ ᠶᠢ ᠵᠢᠭᠠᠵᠤ ᠪᠠᠶᠢᠨ᠎ᠠ᠃ ᠬᠡᠰᠡᠭ ᠬᠤᠪᠢᠶᠠᠨ ᠲᠣᠰᠬᠤᠨ ᠳᠤ ᠰᠠᠭᠤᠵᠤ ᠦᠢᠯᠡᠴᠢᠯᠡᠵᠦ᠂ ᠲᠡᠷᠡᠴᠢᠯᠡᠨ ᠣᠷᠣᠯᠠᠨ  ᠭᠦᠢᠴᠡᠳᠬᠡᠭᠴᠢ ᠶᠢᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ᠂ ᠤᠶᠢᠯᠡᠴᠢᠯᠡᠬᠦ ᠴᠠᠭ᠂  ᠤᠶᠢᠯᠡᠴᠢᠯᠡᠬᠦ  ᠵᠦᠢᠯᠡᠰ ᠵᠡᠷᠭᠡ ᠶᠢ ᠪᠦᠬᠦᠨ ᠢ ᠣᠯᠠᠨ ᠨᠡᠶᠢᠲᠡ ᠳᠤ ᠨᠡᠶᠢᠲᠡᠯᠡᠵᠦ᠂ ᠬᠠᠮᠢᠶ᠎ᠠ ᠪᠦᠬᠦᠢ  ᠬᠠᠮᠢᠶᠠᠷᠤᠯᠲᠠ ᠶᠢᠨ ᠳᠦᠷᠢᠮ  ᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠵᠦ᠂  ᠤᠶᠢᠯᠡᠴᠢᠯᠡᠭᠡ ᠨᠢ ᠳᠥᠭᠦᠮ ᠳᠥᠲᠡ᠂ ᠬᠠᠮᠢᠶᠠᠷᠤᠯᠲᠠ ᠨᠢ ᠵᠢᠷᠤᠮᠵᠢᠭᠰᠠᠨ᠂ ᠠᠷᠢᠭᠤᠨ ᠴᠢᠬᠡᠴᠢ ᠥᠨᠳᠥᠷ ᠪᠦᠲᠦᠮᠵᠢᠲᠡᠶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠦᠨ᠎ᠡ᠃ ᠣᠯᠠᠨ ᠲᠦᠮᠡᠨ ᠠᠮᠠ ᠬᠥᠳᠡᠯᠪᠡᠯ ᠣᠷᠣᠯᠠᠨ  ᠭᠦᠢᠴᠡᠳᠬᠡᠭᠴᠢ ᠨᠢ ᠭᠦᠶᠦᠨ᠎ᠡ᠃ ᠡᠳᠦᠷ ᠲᠤᠲᠤᠮ ᠤᠨ ᠠᠮᠢᠳᠤᠷᠠᠯ ᠳᠤ ᠬᠤᠯᠪᠣᠭᠳᠠᠬᠤ ᠵᠢᠵᠢᠭ ᠶᠠᠪᠤᠳᠠᠯ ᠢ ᠣᠷᠣᠯᠠᠨ ᠭᠦᠢᠴᠡᠳᠬᠡᠭᠴᠢ ᠣᠯᠠᠨ ᠲᠦᠮᠡᠨ ᠢ ᠬᠠᠪᠰᠤᠷᠤᠨ ᠲᠣᠰᠬᠤᠨ ᠳᠤ ᠰᠢᠭᠤᠳ ᠰᠢᠢᠳᠪᠦᠷᠢᠯᠡᠭᠦᠯᠳᠡᠭ᠃ ᠦᠨᠡᠮᠯᠡᠯ ᠭᠦᠢᠴᠡᠳᠬᠡᠬᠦ ᠳᠤ ᠬᠤᠯᠪᠣᠭᠳᠠᠬᠤ ᠰᠦᠢᠳᠬᠡᠯ ᠲᠤᠰᠢᠶᠠᠬᠤ ᠵᠡᠷᠭᠡ ᠵᠦᠢᠯᠡᠰ ᠢ ᠣᠷᠣᠯᠠᠨ ᠭᠦᠢᠴᠡᠳᠬᠡᠭᠴᠢ ᠮᠠᠲ᠋ᠧᠷᠢᠶᠠᠯ ᠴᠤᠭᠯᠠᠭᠤᠯᠵᠤ᠂ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠦᠷᠴᠦ ᠣᠷᠣᠯᠠᠨ  ᠭᠦᠢᠴᠡᠳᠬᠡᠵᠦ᠂ ᠣᠯᠠᠨ ᠲᠦᠮᠡᠨ ᠳᠤ ᠦᠶ᠋ᠯᠡᠴᠢᠯᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠭᠤᠷᠪᠠᠨ ᠵᠢᠯ ᠤᠨ ᠲᠤᠷᠰᠢᠬᠢ ᠬᠠᠶᠢᠨ ᠰᠦᠪᠡᠭᠴᠢᠯᠡᠯᠲᠡ ᠪᠠ ᠦᠢᠯᠡᠳᠦᠯᠭᠡ ᠪᠠᠷ ᠳᠠᠮᠵᠢᠨ᠂ ᠵᠦᠸᠧᠽᠢ ᠰᠢᠶᠠᠨ ᠤ ᠲᠣᠰᠬᠤᠨ ᠤ ᠱᠠᠲᠤᠨ ᠤ ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡᠨ ᠤ ᠣᠷᠣᠯᠠᠨ ᠭᠦᠢᠴᠡᠳᠬᠡᠬᠦ‍ ᠴᠢᠭ ᠨᠢ ᠬᠥᠳᠡᠭᠡ ᠲᠣᠰᠬᠤᠨ ᠤ ᠣᠨᠴᠠᠯᠢᠭ ᠲᠤ ᠨᠡᠶᠢᠴᠡᠭᠰᠡᠨ᠂ ᠶᠠᠪᠤᠭᠳᠠᠭᠤᠰᠢᠲᠠᠶ ᠤᠶᠢᠯᠡᠴᠢᠯᠡᠭᠡᠨ ᠤ ᠬᠡᠪ ᠵᠠᠭᠪᠤᠷ ᠢ ᠦᠨᠳᠦᠰᠦᠨ ᠳᠡᠭᠡᠨ ᠪᠣᠶ ᠪᠣᠯᠭᠠᠵᠤ᠂ ᠣᠯᠠᠨ ᠲᠦᠮᠡᠨ ᠳᠤ  ᠤᠶᠢᠯᠡᠴᠢᠯᠡᠬᠦ ᠰᠠᠭᠠᠳ ᠦᠭᠡᠶ ᠨᠡᠪᠲᠡᠷᠡᠬᠦ ᠵᠠᠮ᠂ ᠶᠠᠳᠠᠭᠤ ᠠᠴᠠ ᠠᠩᠭᠢᠵᠢᠷᠠᠨ ᠪᠠᠶᠠᠵᠢᠬᠤ ᠮᠡᠳᠡᠭᠡ ᠵᠠᠩᠭᠢ ᠶᠢᠨ ᠲᠠᠪᠴᠠᠩ᠂ ᠵᠥᠷᠢᠴᠡᠯ ᠢ ᠠᠷᠢᠯᠭᠠᠬᠤ ᠬᠤᠰᠢᠭᠤᠷᠠᠯ ᠤᠨ ᠵᠢᠭᠰᠠᠭᠠᠯ ᠤᠨ ᠭᠠᠵᠠᠷ ᠪᠣᠯᠤᠭᠰᠠᠨ ᠪᠠᠶᠢᠨ᠎ᠠ᠃ ᠡᠨᠡ ᠵᠢᠯ ᠪᠢᠳᠡ ᠪᠦᠬᠦ ᠰᠢᠶᠠᠨ ᠤ ᠲᠣᠰᠬᠤᠨ ᠤ ᠱᠠᠲᠤᠨ ᠤ ᠣᠷᠣᠯᠠᠨ  ᠭᠦᠢᠴᠡᠳᠬᠡᠬᠦ ᠭᠠᠵᠠᠷ ᠤᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠪᠠᠶᠢᠳᠠᠯ ᠢ ᠣᠶᠢᠯᠠᠭᠠᠪᠠ᠃ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠵᠥᠷᠢᠶ᠎ᠡ ᠲᠠᠢ ᠣᠷᠣᠯᠠᠨ ᠭᠦᠢᠴᠡᠳᠬᠡᠬᠦ ᠭᠠᠵᠠᠷ ᠲᠤ ᠺᠤᠮᠫᠢᠣᠲ᠋ᠧᠷ᠂ ᠳᠠᠷᠤᠮᠠᠯᠯᠠᠬᠤ ᠮᠠᠰᠢᠨ ᠵᠡᠷᠭᠡ ᠠᠯᠪᠠᠨ ᠲᠥᠬᠦᠭᠡᠷᠦᠮᠵᠢ ᠶᠢ ᠰᠢᠨᠡᠳᠬᠡᠵᠡᠶ᠃ ᠠᠯᠪᠠᠨ ᠭᠡᠷ ᠲᠤ ᠬᠡᠷᠡᠮ ᠬᠠᠳᠬᠤᠯᠠᠨ᠂ ᠣᠷᠣᠯᠠᠨ ᠠᠵᠢᠯᠯᠠᠬᠤ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠪᠠ᠃ 7 ᠰᠠᠷ᠎ᠠ ᠳᠤ ᠲᠣᠰᠬᠤᠨ ᠤ ᠱᠠᠲᠤᠨ ᠤ ᠣᠷᠣᠯᠠᠨ ᠭᠦᠢᠴᠡᠳᠬᠡᠭᠴᠢ ᠶᠢ ᠰᠢᠯᠢᠳᠡᠭᠵᠢᠭᠦᠯᠦᠨ ᠪᠣᠯᠪᠠᠰᠤᠷᠠᠭᠤᠯᠵᠤ᠂ ᠡᠯ᠎ᠡ ᠵᠦᠶ᠋ᠯ ᠤᠨ ᠠᠵᠢᠯ ᠤᠨ ᠳᠦᠷᠢᠮ ᠪᠠ ᠴᠤᠪᠤᠷᠠᠯ ᠢ ᠲᠡᠭᠦᠯᠳᠡᠷᠵᠢᠭᠦᠯᠵᠦ᠂ ᠨᠢᠭᠡ ᠪᠦᠯᠦᠭ ᠰᠣᠳᠣᠨ ᠣᠷᠣᠯᠠᠨ ᠭᠦᠢᠴᠡᠳᠬᠡᠬᠦ ᠴᠢᠭ᠋ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ 12 ᠰᠠᠷ᠎ᠠ ᠶᠢᠨ ᠰᠡᠭᠦᠯᠴᠢ ᠪᠠᠷ ᠪᠦᠬᠦ ᠰᠢᠶᠠᠨ ᠲᠣᠰᠬᠤᠨ ᠤ ᠱᠠᠲᠤᠨ ᠤ ᠠᠷᠠᠳ ᠲᠤ ᠳᠥᠭᠦᠮ ᠦᠵᠡᠭᠦᠯᠬᠦ  ᠤᠶᠢᠯᠡᠴᠢᠯᠡᠭᠡᠨ ᠤ ᠣᠷᠣᠯᠠᠨ ᠭᠦᠢᠴᠡᠳᠬᠡᠬᠦ ᠠᠵᠢᠯ ᠤᠨ ᠤᠨ ᠳ᠋ᠦᠩᠨᠡᠯᠲᠡ ᠶᠢᠨ ᠬᠤᠷᠠᠯ ᠬᠢᠵᠦ᠂ ᠬᠤᠷᠠᠯ ᠠᠴᠠ 2019 ᠤᠨ ᠤ ᠲᠣᠰᠬᠤᠨ ᠤ ᠱᠠᠲᠤᠨ ᠤ ᠣᠷᠣᠯᠠᠨ  ᠭᠦᠢᠴᠡᠳᠬᠡᠬᠦ ᠠᠵᠢᠯ ᠳᠤ ᠳ᠋ᠦᠩᠨᠡᠯᠲᠡ ᠬᠢᠭᠰᠡᠨ ᠤ ᠬᠠᠮᠲᠤ 2020 ᠤᠨ ᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃ ᠪᠦᠬᠦ ᠣᠷᠣᠯᠠᠨ  ᠭᠦᠢᠴᠡᠳᠬᠡᠭᠴᠢ ᠲᠣᠰᠬᠤᠨ ᠤ ᠱᠠᠲᠤᠨ ᠤ ᠣᠷᠣᠯᠠᠨ ᠭᠦᠢᠴᠡᠳᠬᠡᠬᠦ ᠠᠵᠢᠯᠯᠠᠭᠠᠨ ᠤ ᠪᠣᠳᠠᠲᠤ ᠪᠠᠢᠳᠠᠯ ᠢ ᠦᠨᠳᠦᠰᠦᠯᠡᠨ᠂ ᠲᠣᠰᠬᠤᠨ ᠤ ᠱᠠᠲᠤᠨ ᠤ ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡᠨ ᠤ ᠣᠷᠣᠯᠠᠨ ᠭᠦᠢᠴᠡᠳᠬᠡᠬᠦ ᠵᠦᠶ᠋ᠯᠡᠰ ᠢ  ᠲᠠᠬᠢᠨ ᠡᠮᠬᠢᠯᠡᠵᠦ᠂ ᠣᠷᠣᠯᠠᠨ  ᠭᠦᠢᠴᠡᠳᠬᠡᠬᠦ  ᠵᠦᠢᠯᠡᠰ ᠢ 70  ᠵᠦᠢᠯ ᠠᠴᠠ 46  ᠵᠦᠢᠯ ᠪᠣᠯᠭᠠᠨ ᠴᠣᠮᠬᠠᠳᠬᠠᠪᠠ᠃   ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠤᠯᠠᠮ ᠨᠢᠭᠡ ᠠᠯᠬᠤᠮ ᠳᠥᠭᠦᠮ ᠦᠵᠡᠭᠦᠯᠵᠦ᠂ ᠠᠵᠢᠯ ᠶᠠᠪᠤᠳᠠᠯ ᠬᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠵᠦᠸᠧᠽᠢ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠢᠩᠬᠢᠮ ᠬᠡᠰᠡᠭ ᠴᠣᠩᠬᠤᠨ ᠤ ᠠᠵᠢᠯ ᠤᠨ ᠳᠦᠷᠢᠮ ᠢ ᠢᠳᠡᠪᠬᠢᠲᠡᠶ ᠪᠠᠷ ᠲᠦᠯᠬᠢᠨ ᠠᠬᠢᠭᠤᠯᠪᠠ᠃ ᠰᠢᠶᠠᠨ ᠤ ᠨᠠᠮ ᠤᠨ ᠬᠤᠷᠢᠶᠠᠨ ᠤ ᠭᠤᠤᠯ ᠤᠳᠤᠷᠢᠳᠬᠤ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠰᠢᠶᠠᠨ ᠤ  ᠲᠤᠲᠤᠭᠠᠲᠦ ᠶᠢ ᠬᠠᠮᠠᠭᠠᠯᠠᠬᠤ ᠲᠣᠪᠴᠢᠶᠠᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ᠲᠦᠷ ᠴᠠᠭ ᠤᠨ ᠪᠡᠶ ᠎ᠡ ᠶᠢᠨ ᠦᠨᠡᠮᠯᠡᠯ᠂ ᠬᠢᠯᠢ ᠪᠠᠷ ᠣᠷᠣᠵᠤ ᠭᠠᠷᠬᠤ ᠫᠠᠰᠫᠣᠷᠲ᠂ ᠰᠢᠶᠠᠩᠭᠠᠩ ᠣᠣᠮᠧᠨ ᠤ ᠨᠡᠪᠲᠡᠷᠡᠬᠦ ᠦᠨᠡᠮᠯᠡᠯ ᠢ  ᠭᠦᠢᠴᠡᠳᠬᠡᠬᠦ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠣᠷᠤᠭ ᠳᠠᠩᠰᠠᠯᠠᠬᠤ᠂ ᠲᠦᠭᠡᠭᠡᠯ ᠤᠰᠤᠨ ᠤ ᠺᠣᠮᠫᠠᠨᠢ  ᠶᠢᠨ ᠤᠰᠤᠨ ᠤ  ᠰᠦᠢᠳᠬᠡᠯ ᠢ ᠲᠠᠲᠠᠪᠤᠷᠢᠯᠠᠨ ᠲᠤᠰᠢᠶᠠᠬᠤ 6 ᠲᠥᠷᠥᠯ ᠤᠨ ᠤᠶᠢᠯᠡᠴᠢᠯᠡᠭᠡᠨ ᠤ ᠴᠣᠩᠬᠤᠨ ᠳᠤ ᠭᠠᠷᠠᠭ ᠪᠦᠷᠢ ᠲᠤᠯᠤᠭᠠᠨ ᠡᠳᠦᠷ ᠠᠵᠢᠯᠯᠠᠬᠤ ᠲᠦᠷᠢᠮ ᠢ ᠬᠡᠷᠡᠭᠵᠢᠭᠦᠯᠦᠨ᠎ᠡ ︵ᠤᠯᠤᠰ ᠤᠨ ᠬᠠᠤᠯᠢ ᠪᠠᠷ ᠲᠣᠭᠲᠠᠭᠠᠭᠰᠠᠨ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠥᠬᠡᠶ︶᠃ ᠣᠳᠣᠬᠠᠨ ᠳᠤ ᠲᠣᠰ ᠵᠦᠢᠯ ᠤᠨ ᠠᠵᠢᠯ ᠤᠨ ᠲᠦᠷᠢᠮ ᠢᠯᠡᠳᠲᠡ ᠦᠷ᠎ᠡ ᠪᠦᠲᠦᠮᠵᠢ ᠣᠯᠵᠤ ᠂ 2019 ᠣᠨ ᠤ 1 ᠰᠠᠷ᠎ᠠ ᠠᠴᠠ 12 ᠰᠠᠷ᠎ᠠ ᠶᠢᠨ ᠭᠠᠷᠠᠭ ᠤᠨ ᠵᠢᠷᠭᠤᠭᠠᠨ ᠤ ᠡᠳᠦᠷ ᠪᠣᠯᠲᠠᠯ᠎ᠠ ᠨᠡᠶᠢᠲᠡ 1070  ᠵᠦᠢᠯ ᠤᠨ ᠬᠡᠷᠡᠭ ᠶᠠᠪᠤᠳᠠᠯ ᠢ  ᠰᠢᠢᠳᠪᠦᠷᠢᠯᠡᠪᠡ᠃   ᠠᠰᠠᠭᠤᠯᠲᠠ᠄ ᠳᠡᠭᠡᠷᠡᠬᠢ ᠨᠠᠷᠢᠨ ᠲᠠᠶᠢᠯᠪᠤᠷᠢᠯᠠᠯᠲᠠ ᠪᠠᠷ ᠳᠠᠮᠵᠢᠨ᠂ ᠪᠢᠳᠡ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠤᠯᠤᠰ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠴᠢᠷᠮᠠᠶᠢᠭᠰᠠᠭᠠᠷ ᠢᠷᠡᠭᠰᠡᠨ᠂ ᠲᠣᠰ ᠪᠡᠶ᠎ᠡ ᠶᠢᠨ ᠤᠶᠢᠯᠡᠴᠢᠯᠡᠭᠡᠨ ᠤ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠦᠭᠰᠡᠭᠡᠷ ᠢᠷᠡᠵᠡᠶ᠃ ᠲᠡᠭᠡᠪᠡᠯ ᠣᠳᠣ ᠪᠣᠯᠲᠠᠯ᠎ᠠ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠠᠵᠢᠯ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ︖   ᠬᠠᠷᠢᠭᠤᠯᠲᠠ᠄ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠲᠠᠯ ᠎ᠠ ᠪᠠᠷ᠂ ᠮᠠᠨ ᠤ ᠲᠣᠪᠴᠢᠶ᠎ᠠ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠣᠯᠠᠨ ᠲᠠᠯ᠎ᠠ ᠪᠠᠷ ᠵᠣᠬᠢᠴᠠᠭᠤᠯᠵᠤ᠂ ᠰᠢᠨ᠎ᠡ ᠪᠠᠷ ᠣᠷᠣᠬᠤ ᠰᠠᠯᠠᠭ᠎ᠠ ᠮᠥᠴᠢᠷ ᠤᠨ ᠠᠯᠪᠠᠨ ᠭᠠᠵᠠᠷ ᠢ ᠵᠦᠶ ᠵᠣᠬᠢᠰᠲᠠᠶ ᠬᠤᠪᠢᠶᠠᠷᠢᠯᠠᠵᠤ᠂ ᠠᠵᠢᠯᠯᠠᠬᠤ ᠣ‌‍ᠷᠴᠢᠨ ᠲᠣᠭᠤᠷᠢᠨ  ᠢ ᠰᠢᠯᠢᠳᠡᠭᠵᠢᠭᠦᠯᠵᠦ᠂ ᠰᠢᠨ᠎ᠡ ᠪᠠᠷ ᠢᠷᠡᠭᠰᠡᠨ ᠬᠥᠮᠦᠰ ᠲᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠬᠢᠵᠦ᠂ ᠣᠳᠣᠬᠠᠨ ᠳᠤ ᠡᠯ᠎ᠡ ᠴᠣᠩᠬᠤ ᠶᠢᠨ ᠠᠵᠢᠯᠯᠠᠭᠠᠨ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠡᠭᠦᠨ ᠤ ᠬᠠᠮᠲᠤ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠲᠢᠩᠬᠢᠮ ᠳᠤ ᠣᠷᠣᠬᠤ ᠡᠯ᠎ᠡ ᠰᠠᠯᠠᠭ᠎ᠠ ᠮᠥᠴᠢᠷ  ᠤᠨ ᠡᠷᠬᠡ ᠶᠢᠨ  ᠵᠦᠢᠯᠡᠰ ᠢ ᠡᠮᠬᠢᠯᠡᠵᠦ᠂ ᠨᠢᠭᠡ ᠤᠳᠠᠭ᠎ᠠ ᠭᠦᠶᠦᠬᠦ ᠬᠠᠮᠤᠭ ᠤᠨ ᠰᠢᠨ᠎ᠡ ᠲᠣᠳᠣᠷᠬᠠᠶ ᠬᠠᠭᠤᠳᠠᠰᠤ ᠶᠢ 188 ᠪᠣᠶ ᠪᠣᠯᠭᠠᠪᠠ᠃ ᠪᠠᠶᠢᠴᠠᠭᠠᠨ ᠰᠤᠳᠤᠯᠤᠯᠲᠠ ᠶᠢ ᠢᠳᠡᠪᠬᠢᠲᠡᠢ ᠥᠷᠨᠢᠭᠦᠯᠵᠦ᠂ ᠲᠣᠰᠬᠤᠨ ᠤ ᠱᠠᠲᠤᠨ ᠤ ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡᠨ ᠤ ᠣᠷᠣᠯᠠᠨ ᠭᠦᠶ᠋ᠴᠡᠳᠬᠡᠭᠴᠢ ᠶᠢᠨ ᠡᠭᠦᠷᠭᠡ ᠴᠢᠳᠠᠪᠤᠷᠢ ᠶᠢᠨ ᠤᠶᠢᠯᠡᠳᠤᠯ ᠢ  ᠭᠦᠢᠴᠡᠳ ᠪᠠᠳᠠᠷᠠᠭᠤᠯᠵᠤ᠂ ᠣᠷᠣᠯᠠᠨ  ᠭᠦᠢᠴᠡᠳᠬᠡᠬᠦ ᠶᠠᠪᠤᠴᠠ ᠳᠤ ᠣᠯᠵᠤ  ᠮᠡᠳᠡᠭᠰᠡᠨ ᠭᠡᠷᠡᠴᠢ ᠮᠠᠲ᠋ᠧᠷᠢᠶᠠᠯ ᠢ ᠳᠠᠪᠬᠤᠷᠳᠠᠭᠤᠯᠤᠨ᠎ᠠ᠃ ᠲᠤᠬᠠᠶᠢᠯᠠᠭᠰᠠᠨ ᠠᠵᠢᠯ ᠭᠦᠢᠴᠡᠳᠬᠡᠬᠦ ᠴᠠᠭ ᠬᠤᠭᠤᠴᠠᠭ᠎ᠠ ᠨᠢ ᠳᠡᠩᠳᠡᠭᠦᠦ ᠤᠷᠲᠤ᠂ ᠭᠦᠶ᠋ᠴᠡᠳᠬᠡᠬᠦ ᠶᠠᠪᠤᠴᠠ ᠨᠢ ᠵᠦᠶ ᠵᠣᠬᠢᠰ ᠥᠬᠡᠶ ᠵᠡᠷᠭᠡ ᠪᠠᠶᠢᠳᠠᠯ ᠢ ᠴᠠᠭ ᠲᠤᠬᠠᠶ ᠳᠤᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ︽ᠦᠨᠡᠮᠯᠡᠯ ᠪᠠ ᠦᠨᠡᠮᠯᠡᠯ ᠢ ᠰᠠᠯᠭᠠᠬᠤ︾᠂ ᠭᠡᠷᠡᠴᠢᠯᠡᠬᠦ  ᠮᠠᠲ᠋ᠧᠷᠢᠶᠠᠯ ᠢ ᠴᠣᠮᠬᠠᠳᠬᠠᠬᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠠᠭ ᠤᠨ ᠬᠢᠵᠠᠭᠠᠷ ᠢ ᠪᠠᠭᠠᠰᠬᠠᠬᠤ ᠶᠢ ᠠᠬᠢᠭᠤᠯᠵᠤ᠂ ᠰᠢᠢᠳᠪᠦᠷᠢᠯᠡᠬᠦ ᠶᠠᠪᠤᠴᠠ ᠶᠢ ᠰᠢᠯᠢᠳᠡᠭᠵᠢᠭᠦᠯᠵᠦ᠂ ᠤᠯᠠᠨ ᠲᠦᠮᠡᠨ ᠤ ᠠᠵᠢᠯ ᠶᠠᠪᠤᠳᠠᠯ  ᠰᠢᠢᠳᠪᠦᠷᠢᠯᠡᠬᠦ ᠳᠤ ᠤᠯᠠᠮ ᠨᠢᠭᠡ ᠠᠯᠬᠤᠮ ᠲᠦᠬᠦᠮ ᠦᠵᠡᠭᠦᠯᠪᠡ᠃    ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠠᠵᠢᠯ ᠢ ᠠᠬᠢᠭᠤᠯᠬᠤ ᠲᠠᠯ᠎ᠠ ᠪᠠᠷ᠂ ᠮᠠᠨ ᠤ ᠰᠢᠶᠠᠨ ᠤ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠠᠪᠴᠠᠩ ᠳᠡᠭᠡᠷ᠎ᠡ 356  ᠵᠦᠢᠯ ᠤᠨ ᠲᠣᠳᠣᠷᠬᠠᠶ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ 338  ᠵᠦᠢᠯ ᠤᠨ ᠲᠣᠳᠣᠷᠬᠠᠶ ᠬᠠᠭᠤᠳᠠᠰᠤ ᠶᠢ  ᠨᠡᠶᠢᠳᠡᠯᠡᠨ ᠬᠡᠷᠡᠭᠵᠢᠭᠦᠯᠵᠦ᠂ ᠤᠯᠤᠰ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠨᠡᠶᠢᠲᠡ 656 ᠬᠢᠨᠠᠨ ᠬᠠᠮᠢᠶᠠᠷᠬᠤ  ᠵᠦᠢᠯᠡᠰ ᠢ ᠲᠠᠨᠢᠵᠤ ᠠᠪᠴᠦ᠂ 534  ᠵᠦᠢᠯ ᠤᠨ ᠪᠠᠶᠢᠴᠠᠭᠠᠯᠲᠠ ᠶᠢᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠪᠠ᠃ ᠡᠭᠦᠨ ᠠᠴᠠ ᠭᠠᠳᠠᠨ᠎ᠠ᠂ ᠮᠠᠨ ᠤ ᠲᠣᠪᠴᠢᠶ᠎ᠠ ᠪᠠᠰᠠ ᠪᠦᠬᠦ ᠰᠢᠶᠠᠨ ᠤ ᠡᠯᠧᠺᠲᠷᠣᠨ ᠦᠨᠡᠮᠯᠡᠯ ᠢ ᠡᠮᠬᠢᠯᠡᠵᠦ᠂ ᠨᠡᠶᠢᠲᠡ 14 ᠰᠠᠯᠠᠭ᠎ᠠ ᠮᠥᠴᠢᠷ᠂ 63 ᠵᠦᠢᠯ ᠤᠨ ᠡᠯᠧᠺᠲᠷᠣᠨ ᠦᠨᠡᠮᠯᠡᠯ ᠢ ᠡᠮᠬᠢᠯᠡᠨ ᠳᠢᠭᠯᠡᠪᠡ᠃ ᠡᠨᠡ ᠬᠦ ᠠᠵᠢᠯ ᠨᠢ ᠡᠯ᠎ᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠪᠠᠬᠢᠯᠡᠯᠲᠡ ᠶᠢ ᠨᠡᠪᠲᠡᠷᠡᠭᠦᠯᠬᠦ ᠶᠢᠨ ᠲᠥᠯᠥᠭᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ  ᠨᠡᠪᠲᠡᠷᠡᠯᠴᠡᠬᠦ ᠶᠢ ᠲᠦᠷᠭᠡᠳᠬᠡᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠡᠷᠲᠡ ᠨᠢᠭᠡᠨ ᠡᠳᠦᠷ  ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠤᠯᠠᠨ ᠲᠦᠮᠡᠨ ᠢ ᠳᠤᠲᠠᠭᠤ ᠭᠦᠶᠦᠯᠭᠡᠬᠦ ᠶᠢ ᠦᠨᠡᠨ ᠬᠦ  ᠪᠡᠶᠡᠯᠡᠭᠦᠯᠦᠨ᠎ᠡ᠃     ᠬᠥᠲᠥᠯᠥᠭᠴᠢ᠄ ᠬᠠᠨ ᠲᠣᠪᠴᠢᠶᠠᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠲᠤᠰ ᠤᠳᠠᠭ᠎ᠠ ᠶᠢᠨ ᠠᠶᠢᠯᠴᠢᠯᠠᠯᠲᠠ ᠠᠳᠡ ᠬᠦᠷᠦᠭᠡᠳ ᠲᠡᠭᠦᠰᠪᠡ᠂ ᠤᠯᠠᠨ ᠤ ᠠᠩᠬᠠᠷᠤᠯ ᠳᠤ ᠲᠠᠯᠠᠷᠬᠠᠵᠤ ᠪᠠᠶᠢᠨ᠎ᠠ᠃    
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2