ᠠᠷᠠᠳ ᠤᠨ ᠰᠦᠯᠵᠢᠶ᠎ᠡ ᠶᠢᠨ ᠪᠡᠭᠡᠵᠢᠩ ᠤᠨ 6 ᠰᠠᠷ᠎ᠠ ᠶᠢᠨ 29 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠪᠢ ᠯᠸᠢ︶ ᠭᠠᠷ ᠤᠲᠠᠰᠤ ᠨᠢ ᠣᠳᠣᠬᠠᠨ ᠳᠤ ᠪᠠᠷᠤᠭ ᠬᠥᠮᠦᠰ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ | ᠪᠣᠯᠵᠤ᠂ ᠨᠠᠰᠤᠨ ᠳᠤ ᠥᠯᠥ ᠬᠦᠷᠦᠭᠰᠡᠳ ᠤᠨ ᠭᠠᠷ ᠤᠲᠠᠰᠤ ᠬᠡᠷᠡᠭᠯᠡᠬᠦ ᠪᠠᠶᠢᠳᠠᠯ ᠴᠤ ᠶᠠᠪᠤᠬᠤ ᠲᠤᠲᠤᠮ | ᠣᠯᠠᠰᠢᠷᠠᠵᠤ ᠪᠠᠶᠢᠨ᠎ᠠ᠃ ᠵᠠᠷᠢᠮ ᠪᠠᠶᠢᠴᠠᠭᠠᠯᠲᠠ ᠶᠢᠨ ᠮᠠᠲ᠋ᠧᠷᠢᠶᠠᠯ ᠳᠤ ᠢᠯᠡᠷᠡᠭᠦᠯᠦᠭᠰᠡᠨ ᠢᠶᠠᠷ᠂ ᠣᠶᠢᠷ᠎ᠠ ᠶᠢᠨ ᠬᠡᠳᠦᠨ | ᠵᠢᠯ ᠳᠤ ᠮᠠᠨ ᠤ ᠤᠯᠤᠰ ᠤᠨ ᠨᠠᠰᠤᠨ ᠳᠤ ᠥᠯᠥ ᠭᠦᠷᠦᠭᠰᠡᠳ ᠤᠨ ᠠᠩᠬ᠎ᠠ ᠤᠳᠠᠭ᠎ᠠ ᠰᠦᠯᠵᠢᠶᠡᠨ ᠲᠠᠢ ᠣᠶᠢᠷᠠᠳᠬᠤ | ᠨᠠᠰᠤ ᠨᠢ ᠲᠠᠰᠤᠷᠠᠯᠲᠠ ᠥᠬᠡᠶ ᠪᠠᠭᠤᠷᠠᠵᠤ᠂ 10 ᠨᠠᠰᠤ ᠵᠢᠴᠢ 10 ᠨᠠᠰᠤᠨ ᠠᠴᠠ ᠳᠣᠷᠣᠭᠰᠢᠬᠢ ᠬᠦᠮᠦᠰ ᠤᠨ | ᠰᠦᠯᠵᠢᠶ᠎ᠡ ᠲᠠᠢ ᠤᠶᠢᠷᠠᠳᠴᠤ ᠡᠬᠢᠯᠡᠭᠰᠡᠨ ᠬᠥᠮᠦᠨ ᠤ ᠲᠣᠭᠠᠨ ᠤ ᠬᠠᠷᠢᠴᠠᠯ ᠨᠢ 78% ᠳᠤ ᠬᠦᠷᠴᠦ᠂ ᠠᠩᠬ᠎ᠠ | ᠤᠳᠠᠭ᠎ᠠ ᠰᠦᠯᠵᠢᠶᠡᠨ ᠳᠤ ᠣᠶᠢᠷᠠᠲᠤᠭᠰᠠᠨ ᠬᠦᠮᠦᠰ ᠤᠨ ᠨᠠᠰᠤ ᠨᠢ 6 — 10 ᠨᠠᠰᠤᠨ ᠳᠤ ᠲᠥᠪᠯᠡᠷᠡᠵᠦ ᠪᠤᠢ᠂ | ᠡᠭᠦᠨ ᠳᠤ ᠣᠯᠠᠩᠬᠢ ᠨᠢ ᠭᠠᠷ ᠤᠲᠠᠰᠤ ᠪᠠᠷ ᠳᠡᠮᠵᠢᠨ ᠰᠦᠯᠵᠢᠶ᠎ᠡ ᠲᠠᠢ ᠤᠶᠢᠷᠠᠳᠴᠤ ᠡᠬᠢᠯᠡᠭᠰᠡᠨ ᠶᠤᠮ ᠪᠦᠷᠢᠳᠬᠡᠯ ᠢ | ᠦᠨᠳᠦᠰᠦᠯᠡᠪᠡᠯ᠂ 2019 ᠣᠨ ᠤ ᠡᠴᠦᠰ ᠪᠣᠯᠲᠠᠯ᠎ᠠ᠂ ᠮᠠᠨ ᠤ ᠤᠯᠤᠰ ᠤᠨ ᠨᠠᠰᠤᠨ ᠳᠤ ᠥᠯᠥ ᠬᠥᠷᠬᠦ | ᠰᠦᠯᠵᠢᠶᠡᠴᠢᠳ ᠤᠨ ᠬᠡᠪᠴᠢᠶ᠎ᠡ 1.75 ᠳ᠋ᠦᠩᠰᠢᠭᠤᠷ ᠲᠤ ᠬᠦᠷᠴᠦ᠂ ᠨᠠᠰᠤᠨ ᠳᠤ ᠥᠯᠥ ᠬᠦᠷᠦᠭᠰᠡᠳ ᠤᠨ ᠢᠨᠲ᠋ᠧᠷ | ᠰᠦᠯᠵᠢᠶᠡᠨ ᠳᠤ ᠭᠠᠷᠬᠤ ᠲᠦᠭᠡᠮᠡᠯᠵᠢᠭᠰᠡᠨ ᠨᠣᠷᠮ᠎ᠠ ᠨᠢ 93.1% ᠳᠤ ᠬᠦᠷᠴᠦ᠂ ᠭᠠᠷ ᠤᠲᠠᠰᠤ ᠶᠢ | ᠰᠦᠯᠵᠢᠶᠡᠨ ᠳᠤ ᠭᠠᠷᠬᠤ ᠪᠠᠭᠠᠵᠢ ᠪᠣᠯᠭᠠᠬᠰᠠᠨ ᠬᠠᠷᠢᠴᠠᠯ ᠨᠢ 93.9% ᠳᠤ ᠬᠦᠷᠴᠡᠶ᠃ ᠰᠤᠷᠪᠤᠯᠵᠢᠯᠠᠭᠴᠢ | ᠰᠤᠷᠪᠤᠯᠵᠢᠯᠠᠨ ᠪᠠᠶᠢᠴᠠᠭᠠᠯᠳᠡ ᠬᠢᠵᠦ ᠶᠠᠪᠤᠬᠤ ᠳᠠᠭᠠᠨ ᠤᠯᠵᠤ ᠮᠡᠳᠡᠭᠰᠡᠨ ᠢᠶᠠᠷ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠪᠤᠶᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢᠳ ᠤᠨ ᠭᠠᠷ ᠤᠲᠠᠰᠤ ᠠᠪᠴᠤ | ᠶᠠᠪᠤᠬᠤ ᠪᠤᠶᠤ ᠭᠠᠷ ᠴᠠᠭ ᠵᠡᠬᠦᠵᠦ ᠶᠠᠪᠤᠬᠤ ᠨᠢ ᠨᠢᠭᠡᠨᠲᠡ ᠨᠢᠭᠡ ᠵᠦᠢᠯ ᠤᠨ ᠦᠵᠡᠭᠳᠡᠯ ᠪᠣᠯᠵᠠᠶ᠃ ᠲᠡᠭᠡᠪᠡᠯ᠂ ᠮᠠᠨ ᠤ | ᠤᠯᠤᠰ ᠤᠨ ᠨᠠᠰᠤᠨ ᠳᠤ ᠥᠯᠥ ᠭᠦᠷᠦᠭᠰᠡᠳ ᠦᠪᠡᠷ ᠤᠨ ᠪᠡᠶ᠎ᠡ ᠪᠠᠷ ᠢᠶᠠᠨ ᠭᠠᠷ ᠤᠲᠠᠰᠤᠨ ᠤ ᠲᠤᠬᠠᠶᠢᠯᠠᠭᠰᠠᠨ | ᠠᠵᠢᠯ ᠤᠨ ᠭᠠᠷᠳᠠᠮ ᠬᠢᠯᠭᠡᠵᠦ ᠪᠣᠯᠤᠨ᠎ᠠ ᠦᠦ ᠦᠭᠡᠢ ᠤᠤ︖ ᠡᠭᠦᠨ ᠤ ᠲᠤᠬᠠᠶ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠬᠠᠷᠢᠭᠤᠯᠲᠠ ᠥᠭᠴᠡᠶ᠄ ︽ᠢᠷᠭᠡᠨ ᠤ ᠬᠠᠤᠯᠢ ᠶᠢᠨ ᠪᠢᠴᠢᠭ︾ ᠪᠠ ︽ᠤᠳᠠᠰᠤ | ᠬᠡᠷᠡᠭᠯᠡᠭᠴᠢ ᠶᠢᠨ ᠦᠨᠡᠨ ᠪᠡᠶ᠎ᠡ ᠤᠨ ᠭᠠᠷᠤᠯ ᠤᠨ ᠮᠡᠳᠡᠭᠡ ᠵᠠᠩᠭᠢ ᠶᠢ ᠳᠠᠩᠰᠠᠯᠠᠬᠤ ᠲᠣᠭᠲᠠᠭᠠᠯ︾ ︵ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠵᠠᠷᠯᠢᠭ 25 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ | ᠱᠠᠭᠠᠷᠳᠠᠯᠭ᠎ᠠ ᠶᠢ ᠦᠨᠳᠦᠰᠦᠯᠡᠨ᠂ ᠪᠦᠬᠦᠯᠢ 16 ᠨᠠᠰᠤ ᠬᠦᠷᠦᠭᠡᠳᠦᠢ ᠵᠢᠴᠢ ᠢᠷᠭᠡᠨ ᠤ ᠬᠡᠷᠡᠭ ᠤᠨ ᠦᠢᠯᠡ | ᠠᠵᠢᠯᠯᠠᠭ᠎ᠠ ᠶᠢᠨ ᠴᠢᠳᠠᠪᠤᠷᠢ ᠥᠬᠡᠶ ᠪᠤᠰᠤᠳ ᠬᠡᠷᠡᠭᠯᠡᠭᠴᠢ ᠳᠤ ᠴᠢᠭᠯᠡᠭᠦᠯᠦᠨ᠂ ᠲᠡᠭᠦᠨ ᠤ ᠬᠠᠤᠯᠢ ᠪᠠᠷ | ᠲᠣᠭᠲᠠᠭᠠᠭᠰᠠᠨ ᠣᠷᠣᠯᠠᠭᠴᠢ ᠨᠢ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠡᠵᠡᠩᠨᠡᠭᠴᠢ ᠶᠢᠨ | ᠡᠵᠡᠩᠨᠡᠯᠲᠡ ᠶᠢᠨ ᠲᠢᠩᠬᠢᠮ ᠳᠤ ᠬᠦᠷᠴᠦ ᠣᠷᠣᠯᠠᠨ ᠭᠠᠷᠳᠠᠮ ᠬᠢᠯᠭᠡᠬᠦ ᠬᠡᠷᠡᠭᠳᠡᠢ᠂ ᠴᠠᠬᠢᠯᠭᠠᠨ ᠬᠤᠯᠪᠣᠭᠠᠨ ᠤ | ᠲᠤᠬᠠᠶᠢᠯᠠᠭᠰᠠᠨ ᠠᠵᠢᠯ ᠡᠵᠡᠩᠨᠡᠭᠴᠢ ᠨᠢ ᠬᠡᠷᠡᠭᠯᠡᠭᠴᠢ ᠪᠠ ᠬᠠᠤᠯᠢ ᠪᠠᠷ ᠲᠣᠭᠲᠠᠭᠠᠭᠰᠠᠨ ᠣᠷᠣᠯᠠᠭᠴᠢ ᠶᠢᠨ ᠭᠡᠷᠡᠴᠢ | ᠦᠨᠡᠮᠯᠡᠯ ᠤᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠳᠠᠩᠰᠠᠯᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ | ᠬᠠᠤᠯᠢ ᠪᠠᠷ ᠲᠣᠭᠲᠠᠭᠠᠭᠰᠠᠨ ᠣᠷᠣᠯᠠᠭᠴᠢ ᠶᠢᠨ ᠬᠡᠷᠡᠯ ᠵᠢᠷᠤᠭ ᠢ ᠦᠯᠡᠳᠡᠭᠡᠨ ᠬᠠᠳᠠᠭᠠᠯᠠᠬᠤ ᠬᠡᠷᠡᠭᠲᠡᠶ ᠬᠡᠪᠡ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠭᠠᠷ ᠤᠲᠠᠰᠤᠨ ᠤ ᠺᠠᠷᠲ ᠬᠢᠯᠭᠡᠬᠦ ᠳᠤ ᠨᠠᠰᠤᠨ ᠤ ᠬᠢᠵᠠᠭᠠᠷ ᠭᠡᠵᠦ | ᠪᠠᠶᠢᠬᠤ ᠥᠬᠡᠶ᠃ ᠠᠵᠢᠯᠯᠠᠭ᠎ᠠ ᠶᠢᠨ ᠴᠢᠳᠠᠪᠤᠷᠢ ᠥᠬᠡᠶ ᠨᠠᠰᠤᠨ ᠳᠤ ᠥᠯᠥ ᠭᠦᠷᠦᠭᠰᠡᠳ ᠰᠦᠯᠵᠢᠶᠡᠨ ᠳᠤ ᠭᠠᠷᠬᠤ | ᠰᠢᠨ᠎ᠡ ᠭᠠᠷ ᠤᠲᠠᠰᠤᠨ ᠤ ᠺᠠᠷᠲ ᠬᠢᠯᠭᠡᠬᠦ ᠳᠤ ᠵᠣᠬᠢᠬᠤ ᠬᠢᠵᠠᠭᠠᠷᠯᠠᠯ ᠲᠠᠢ ᠪᠠᠶᠢᠬᠤ ᠠᠴᠠ ᠭᠠᠳᠠᠨ᠎ᠠ᠂ ᠪᠤᠰᠤᠳ | ᠬᠥᠮᠦᠰ ᠤᠨ ᠺᠠᠷᠲ ᠬᠢᠯᠬᠡᠬᠦ ᠳᠤ ᠬᠢᠵᠠᠭᠠᠷᠯᠠᠯ ᠬᠡᠵᠦ ᠪᠠᠶᠢᠬᠤ ᠥᠬᠡᠶ᠂ 70 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠴᠤ ᠬᠡᠰᠡᠨ ᠰᠦᠯᠵᠢᠶᠡᠨ ᠳᠤ ᠭᠠᠷᠬᠤ ᠰᠢᠨ᠎ᠡ ᠭᠠᠷ ᠤᠲᠠᠰᠤᠨ ᠤ ᠺᠠᠷᠲ ᠬᠢᠯᠭᠡᠵᠦ ᠪᠣᠯᠤᠨ᠎ᠠ᠃ | ᠲᠤᠰᠬᠠᠶ ᠮᠡᠷᠭᠡᠵᠢᠯᠲᠡᠨ ᠬᠡᠯᠡᠬᠦ ᠳᠡᠭᠡᠨ᠄ ᠣᠲᠣ ᠣᠯᠠᠩᠬᠢ ᠰᠣᠷᠣᠭᠴᠢ ᠴᠥᠮ ᠬᠢᠨᠠᠨ ᠬᠠᠮᠠᠭᠠᠯᠠᠭᠴᠢ ᠪᠠᠷ ᠢᠶᠠᠨ ᠭᠠᠷ | ᠤᠲᠠᠰᠤᠨ ᠤ ᠺᠠᠷᠲ ᠬᠢᠯᠭᠡᠵᠦ ᠪᠠᠶᠢᠨ᠎ᠠ᠂ ᠭᠡᠪᠡᠴᠦ ᠪᠤᠰᠤᠳ ᠬᠥᠮᠦᠨ ᠤ ᠭᠠᠷ ᠤᠲᠠᠰᠤᠨ ᠤ ᠺᠠᠷᠲ ᠢᠶᠠᠨ ᠪᠦᠬᠦᠯᠢ | 16 ᠨᠠᠰᠤ ᠬᠦᠷᠦᠭᠡᠳᠦᠢ ᠬᠡᠦᠬᠡᠳ ᠲᠤ ᠥᠭᠴᠦ ᠬᠡᠷᠡᠭᠯᠡᠭᠦᠯᠬᠦ ᠶᠢ ᠰᠡᠷᠡᠮᠵᠢᠯᠡᠬᠦ ᠬᠡᠷᠡᠭᠲᠡᠶ ᠭᠡᠵᠡᠶ᠃ ᠥᠪᠡᠷ ᠤᠨ ᠭᠠᠷ | ᠤᠲᠠᠰᠤᠨ ᠤ ᠺᠠᠷᠲ ᠢᠶᠠᠨ ᠰᠠᠶᠢᠲᠤᠷ ᠬᠠᠮᠢᠶᠠᠷᠴᠤ᠂ ᠪᠤᠰᠤᠳ ᠲᠤ ᠪᠤᠶᠤ ᠥᠪᠡᠷ ᠤᠨ ᠪᠡᠶ᠎ᠡ ᠳᠡᠭᠡᠨ ᠮᠠᠭᠤ ᠨᠥᠯᠥᠭᠡ | ᠪᠣᠯᠬᠤ ᠠᠴᠠ ᠰᠡᠷᠭᠡᠶᠢᠯᠡᠬᠦ ᠬᠡᠷᠡᠭᠲᠡᠶ ᠭᠡᠵᠦ ᠬᠡᠷᠡᠭᠯᠡᠭᠴᠢᠳ ᠲᠤ ᠲᠠᠬᠢᠨ ᠰᠠᠨᠠᠭᠤᠯᠤᠬᠰᠠᠨ ᠪᠠᠶᠢᠨ᠎ᠠ᠃ |