ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠰᠢᠶᠠᠨ ᠤ ᠠᠬᠠᠮᠠᠳ ᠺᠠᠳ᠋ᠷᠴᠤᠳ ᠤᠨ ᠤᠶᠢᠯᠡᠴᠢᠯᠡᠭᠡᠨ ᠤ ᠲᠥᠪ ︽ᠶᠢᠰᠦᠨ ᠰᠠᠷ᠎ᠠ ᠶᠢᠨ ᠶᠢᠰᠦᠨ  · ᠨᠠᠰᠤᠲᠠᠶᠢᠴᠤᠳ ᠢ ᠬᠦᠨᠳᠦᠯᠡᠬᠦ ᠭᠦᠨ ᠵᠤᠵᠠᠭᠠᠨ ᠬᠠᠶᠢᠷ᠎ᠠ︾  ᠰᠡᠳᠤᠪᠲᠦ ᠠᠭᠤᠯᠠᠨ ᠳᠤ ᠠᠪᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/10/20
    ᠶᠢᠰᠦᠨ ᠰᠠᠷ᠎ᠠ ᠶᠢᠨ ᠶᠢᠰᠦᠨ ᠤ ᠪᠠᠶᠠᠷ ᠪᠣᠯ ᠨᠠᠮᠤᠷ ᠤᠨ ᠤᠯᠠᠷᠢᠯ ᠳᠤ᠂ ᠨᠠᠮᠤᠷ ᠤᠨ ᠰᠡᠷᠢᠭᠦᠨ ᠲᠤᠩᠭᠠᠯᠠᠭ ᠤᠯᠠᠷᠢᠯ ᠪᠣᠯᠤᠨ᠎ᠠ᠃ ᠶᠢᠰᠦᠨ ᠰᠠᠷ᠎ᠠ ᠶᠢᠨ ᠶᠢᠰᠦᠨ ᠤ ᠪᠠᠶᠠᠷ ᠪᠣᠯᠬᠤ ᠪᠦᠷᠢ᠂ ᠮᠠᠨ ᠤ ᠤᠯᠤᠰ ᠴᠥᠮ ᠥᠨᠳᠥᠷ ᠲᠤ ᠵᠣᠭᠰᠣᠨ ᠨᠠᠮᠤᠷ ᠢ ᠰᠣᠨᠢᠷᠬᠠᠬᠤ᠂ ᠨᠠᠰᠤᠲᠠᠨ ᠢᠶᠠᠨ ᠬᠦᠨᠳᠦᠯᠡᠬᠦ ᠤᠯᠠᠮᠵᠢᠯᠠᠯ ᠲᠠᠢ ᠶᠤᠮ᠃ ᠶᠢᠰᠦ ᠶᠢᠰᠦ ᠶᠢᠨ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠲᠤᠬᠠᠶ ᠶᠢᠨ ᠡᠳᠦᠷ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠰᠢᠶᠠᠨ ᠤ ᠠᠬᠠᠮᠠᠳ ᠺᠠᠳ᠋ᠷᠴᠤᠳ ᠤᠨ ᠦᠶ᠋ᠯᠡᠴᠢᠯᠡᠭᠡᠨ ᠤ ᠲᠥᠪ ᠠᠴᠠ 70 ᠨᠠᠰᠤᠨ ᠠᠴᠠ ᠳᠣᠷᠣᠭᠰᠢᠬᠢ 33 ᠨᠠᠰᠤᠲᠠᠶ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠬᠤᠩ ᠵᠣᠣ ᠰᠢᠶᠠᠩ ᠤᠨ ᠴᠠᠩ ᠬᠠᠨ ᠨᠤᠤ ᠪᠦᠦ ᠵᠠᠰᠠᠭ ᠵᠠᠬᠢᠷᠭᠠᠨ ᠤ ᠲᠣᠰᠬᠤᠨ ᠳᠤ ᠭᠦᠨᠵᠡᠭᠡᠶᠢᠷᠡᠭᠦᠯᠦᠨ ︽ᠶᠢᠰᠦᠨ ᠰᠠᠷ᠎ᠠ ᠶᠢᠨ ᠶᠢᠰᠦᠨ ᠢ ᠬᠠᠶᠢᠷᠠᠯᠠᠵᠤ · ᠨᠠᠰᠤᠲᠠᠨ ᠢᠶᠠᠨ ᠬᠦᠨᠳᠦᠯᠡᠬᠦ ᠭᠦᠨ ᠵᠤᠵᠠᠭᠠᠨ ᠬᠠᠶᠢᠷ᠎ᠠ︾ ᠠᠭᠤᠯᠠᠨ ᠳᠤ ᠠᠪᠠᠷᠢᠬᠤ ᠠᠵᠢᠯᠯᠠᠭ᠎ᠠ ᠥᠷᠨᠢᠭᠦᠯᠪᠡ᠃
       ᠬᠠᠷ᠎ᠠ ᠥᠷᠯᠥᠭᠡ᠂ ᠠᠵᠢᠯᠲᠠᠳ ᠨᠠᠰᠤᠲᠠᠶᠢᠴᠤᠳ ᠲᠤ ᠪᠠᠷ᠎ᠠ ᠪᠤᠯᠵᠤ ᠲᠡᠷᠭᠡᠨ ᠳᠤ ᠰᠠᠭᠤᠵᠤ ᠬᠤᠩ ᠵᠤᠤ ᠰᠢᠶᠠᠩ ᠤᠨ ᠴᠠᠩ ᠬᠠᠨ ᠨᠤᠤ ᠪᠦᠦ ᠵᠠᠰᠠᠭ ᠵᠠᠬᠢᠷᠭᠠᠨ ᠤ ᠲᠣᠰᠬᠤᠨ ᠳᠤ ᠬᠦᠷᠴᠦ᠂ ᠲᠡᠳᠡᠨ ᠢ ᠳᠠᠭᠠᠭᠤᠯᠤᠨ ᠮᠤᠷᠤᠶ ᠰᠠᠷᠤᠶ ᠠᠭᠤᠯᠠᠨ ᠳᠤᠮᠳᠠᠬᠢ ᠵᠥᠷᠢᠭ ᠵᠠᠮ ᠢᠶᠠᠷ ᠶᠠᠪᠠᠭᠠᠨ ᠢᠶᠠᠷ ᠠᠭᠤᠯᠠ ᠠᠪᠠᠷᠢᠪᠠ᠃ ᠳᠠᠯᠠᠨ ᠬᠠᠷ᠎ᠠ ᠠᠭᠤᠯᠠ ᠶᠢᠨ ᠬᠤᠷᠮᠣᠶ ᠳᠤ᠂ ᠨᠠᠰᠤᠲᠠᠶᠢᠴᠤᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠪᠠᠳᠠᠷᠠᠩᠭᠤᠶ ᠪᠠᠷ ᠨᠠᠮᠤᠷ ᠤᠨ ᠰᠠᠯᠬᠢᠨ ᠤ ᠠᠶ᠎ᠠ ᠪᠠᠷ ᠪᠠᠶᠠᠷ ᠪᠠᠶᠠᠰᠬᠤᠯᠠᠩ ᠲᠠᠢ ᠪᠠᠶᠢᠵᠤ᠂ ᠡᠬᠡ ᠪᠠᠶᠢᠭᠠᠯᠢ ᠶᠢᠨ ᠠᠪᠴᠢᠷᠠᠭᠰᠠᠨ ᠪᠠᠶᠠᠷ ᠪᠠᠶᠠᠰᠤᠯ ᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠡᠳ᠋ᠯᠡᠵᠦ᠂ ᠪᠠᠶᠠᠷ ᠪᠠᠶᠠᠰᠬᠤᠯᠠᠩ ᠲᠠᠢ ᠪᠠᠷ ᠠᠭᠤᠯᠠᠨ ᠤᠷᠤᠢ ᠳᠤ ᠬᠦᠷᠪᠡ᠃ ᠠᠭᠤᠯᠠ ᠶᠢᠨ ᠤᠷᠤᠢ ᠳᠤ ᠵᠣᠭᠰᠣᠵᠤ᠂ ᠨᠠᠰᠤᠲᠠᠶᠢᠴᠤᠳ ᠤᠢᠢᠷ᠎ᠠ ᠬᠠᠪᠢ ᠶᠢᠨ ᠵᠢᠦᠯᠦ᠋ᠩ ᠪᠤᠯᠤᠩ ᠤᠨ ᠦᠵᠡᠮᠵᠢ ᠶᠢᠨ ᠣᠷᠣᠨ ᠢ ᠥᠩᠭᠡᠶᠢᠨ ᠬᠠᠷᠠᠵᠤ᠂ ᠨᠤᠲᠤᠭ ᠤᠰᠤᠨ ᠤ ᠪᠠᠨ ᠬᠥᠭᠵᠢᠯᠲᠡ ᠬᠤᠪᠢᠷᠠᠯᠲᠠ ᠶᠢ ᠤᠢᠢᠯᠠᠭᠠᠨ ᠂ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃
       ᠠᠵᠢᠯᠲᠠᠳ ᠪᠠᠰᠠ ᠨᠠᠰᠤᠲᠠᠶᠢᠴᠤᠳ ᠢ ᠵᠣᠬᠢᠶᠠᠨ ᠪᠠᠶᠢᠭᠤᠯᠵᠤ ᠵᠦᠯᠭᠡᠨ ᠳᠡᠭᠡᠷ᠎ᠡ ᠠᠮᠠᠷᠠᠭᠤᠯᠤᠭᠰᠠᠨ ᠪᠥᠭᠡᠳ ᠤᠷ᠎ᠠ ᠴᠢᠳᠠᠪᠤᠷᠢ ᠶᠢᠨ ᠲᠣᠭᠯᠠᠯᠲᠠ ᠭᠠᠷᠭᠠᠵᠠᠶ᠃ ᠲᠣᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠤᠨ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠤᠨ᠂ ᠪᠦᠯᠬᠦᠮᠳᠡᠯ ᠲᠠᠢ ᠡᠶ᠎ᠡ ᠵᠣᠬᠢᠴᠠᠯ ᠲᠠᠢ᠂ ᠪᠣᠯᠪᠠᠰᠤᠨ ᠥᠭᠡᠳᠡᠷᠬᠡᠭ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠦᠨᠳᠦᠯᠡᠬᠦ ᠠᠭᠤᠷ ᠠᠮᠢᠰᠬᠤᠯ ᠢ ᠪᠣᠶ ᠪᠣᠯᠭᠠᠪᠠ᠃ ᠨᠠᠰᠤᠲᠠᠶᠢᠴᠤᠳ᠂ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠬᠤ ᠨᠢ ᠪᠡᠶ᠎ᠡ ᠮᠠᠬᠠᠪᠣᠳ ᠢ ᠴᠢᠭᠢᠷᠠᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠠᠮᠢ ᠠᠬᠤᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠰᠣᠨᠢᠷᠬᠠᠵᠤ᠂ ᠨᠠᠮ ᠪᠣᠯᠤᠨ ᠵᠠᠰᠠᠭ ᠤᠨ ᠣᠷᠳᠣᠨ ᠠᠴᠠ ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠵᠤ ᠪᠠᠶᠢᠬᠤ ᠶᠢ ᠮᠡᠳᠡᠷᠡᠵᠡᠢ ᠭᠡᠵᠦ ᠢᠯᠡᠳᠬᠡᠵᠡᠭᠡᠪᠡ᠃                         ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2