10 ᠰᠠᠷ᠎ᠠ ᠶᠢᠨ 19 ᠤ ᠡᠳᠦᠷ᠂ ᠬᠤᠲᠠ ᠶᠢᠨ ᠬᠤᠭᠤᠴᠠᠭ᠎ᠠ ᠰᠣᠯᠢᠬᠤ ᠠᠵᠢᠯ ᠤᠨ ᠰᠢᠪᠠᠳᠠᠨ ᠵᠢᠯᠣᠭᠤᠳᠬᠤ | ᠳᠤᠭᠤᠶᠢᠯᠠᠩ ᠤᠨ ᠳᠠᠷᠤᠭ᠎ᠠ ᠵᠧᠩ ᠰᠢᠶᠤᠤ ᠮᠧᠶ ᠨᠡᠷ ᠵᠦᠸᠧᠽᠢ ᠱᠠᠨ ᠪᠠᠯᠭᠠᠰᠤᠨ ᠳᠤ ᠭᠦᠨᠵᠡᠭᠡᠶᠢᠷᠡᠨ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠵᠦᠸᠧᠽᠢ ᠰᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠹᠦ᠋ ᠯᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠴᠢᠶᠠᠨ ᠶᠢᠩ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ᠃ | | ᠰᠢᠪᠠᠳᠠᠨ ᠵᠢᠯᠣᠭᠤᠳᠬᠤ ᠳᠤᠭᠤᠶᠢᠯᠠᠩ ᠤᠨ ᠬᠢᠨ ᠵᠦᠸᠧᠽᠢ ᠱᠠᠨ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠴᠤ᠂ ᠲᠥᠰᠦᠯ ᠲᠣᠭᠲᠠᠭᠠᠬᠤ᠂ | ᠪᠠᠯᠭᠠᠰᠤ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ ᠠᠵᠢᠯ ᠤᠨ ᠪᠠᠶᠢᠭᠤᠯᠤᠮᠵᠢ ᠪᠠᠶᠢᠭᠤᠯᠬᠤ᠂ | ᠤᠬᠠᠭᠤᠯᠤᠨ ᠳᠠᠶᠢᠴᠢᠯᠠᠬᠤ ᠠᠵᠢᠯ᠂ ᠰᠣᠩᠭᠤᠭᠤᠯᠢ ᠶᠢᠨ ᠲᠣᠭᠤᠷᠢᠭ ᠬᠤᠪᠢᠶᠠᠬᠤ᠂ ᠰᠣᠩᠭᠤᠭᠤᠯᠢ ᠶᠢᠨ ᠠᠷᠠᠳ ᠢ | ᠪᠦᠷᠢᠳᠬᠡᠭᠰᠡᠨ ᠪᠠᠶᠢᠳᠠᠯ ᠵᠡᠷᠭᠡ ᠡᠯ᠎ᠡ ᠵᠦᠶ᠋ᠯ ᠤᠨ ᠠᠵᠢᠯ ᠢ ᠨᠠᠷᠢᠨ ᠣᠶᠢᠯᠠᠭᠠᠭᠰᠠᠨ ᠪᠥᠭᠡᠳ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠳᠤ ᠪᠣᠳᠠᠲᠠᠶ ᠵᠢᠯᠣᠭᠤᠳᠬᠤ ᠰᠠᠨᠠᠯ ᠳᠤᠷᠠᠳᠤᠭᠰᠠᠨ ᠪᠠᠶᠢᠨ᠎ᠠ᠃ | | ᠰᠢᠪᠠᠳᠠᠨ ᠵᠢᠯᠣᠭᠤᠳᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠰᠢᠶᠠᠨ ᠰᠢᠶᠠᠩ ᠬᠤᠶᠠᠷ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠤᠯᠤᠰ ᠲᠥᠷᠥ ᠶᠢᠨ ᠡᠭᠦᠷᠭᠡ ᠪᠣᠯᠭᠠᠨ ᠪᠣᠳᠠᠲᠠᠶ | ᠠᠳᠬᠤᠵᠤ᠂ ᠨᠠᠷᠢᠯᠢᠭ ᠠᠳᠬᠤᠵᠤ᠂ ᠰᠠᠶᠢᠲᠤᠷ ᠠᠳᠬᠤᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ | ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ︔ ᠬᠠᠤᠯᠢ ᠶᠣᠰᠣᠭᠠᠷ ᠳᠥᠯᠭᠢᠨ ᠠᠬᠢᠭᠤᠯᠵᠤ᠂ ᠬᠠᠤᠯᠢ ᠪᠠᠷ ᠲᠣᠭᠲᠠᠭᠠᠭᠰᠠᠨ | ᠲᠠᠰ ᠳᠠᠷᠠᠭᠠᠯᠠᠯ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠢᠯᠡ ᠨᠡᠶᠢᠲᠡᠯᠡᠬᠦ ᠪᠠ | ᠮᠠᠲ᠋ᠧᠷᠢᠶᠠᠯ ᠴᠤᠭᠯᠠᠭᠤᠯᠬᠤ ᠶᠢ ᠰᠠᠶᠢᠲᠤᠷ ᠬᠢᠬᠦ ᠬᠡᠷᠡᠭᠲᠡᠶ︔ ᠲᠠᠩᠰᠠ ᠡᠪᠬᠡᠮᠡᠯ ᠤᠨ ᠮᠠᠲ᠋ᠧᠷᠢᠶᠠᠯ ᠢ ᠲᠡᠭᠦᠯᠳᠡᠷᠵᠢᠭᠦᠯᠵᠦ | ᠂ ᠲᠤᠰᠬᠠᠶ ᠬᠥᠮᠦᠨ ᠢᠶᠠᠷ ᠬᠤᠭᠤᠴᠠᠭ᠎ᠠ ᠰᠣᠯᠢᠬᠤ ᠲᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ | ᠪᠠ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠬᠠᠷᠢᠭᠤᠴᠠᠭᠤᠯᠵᠤ᠂ ᠬᠤᠭᠤᠴᠠᠭ᠎ᠠ ᠰᠣᠯᠢᠬᠤ ᠲᠠᠩᠰᠠ ᠡᠪᠬᠡᠮᠡᠯ᠂ | ᠬᠤᠷᠠᠯ ᠤᠨ ᠲᠡᠮᠳᠡᠭᠯᠡᠯ᠂ ᠬᠡᠷᠡᠯ ᠵᠢᠷᠤᠭ ᠵᠡᠷᠭᠡ ᠶᠢ ᠪᠦᠷᠢᠨ ᠲᠡᠭᠦᠯᠳᠡᠷ ᠪᠣᠯᠭᠠᠬᠤ ᠶᠢ ᠪᠠᠲᠤᠯᠠᠬᠤ ᠬᠡᠷᠡᠭᠲᠡᠶ᠃ | | ᠰᠢᠪᠠᠳᠠᠨ ᠵᠢᠯᠣᠭᠤᠳᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ | ᠢᠮᠠᠭᠲᠠ ᠨᠠᠮ ᠤᠨ ᠬᠤᠷᠢᠶᠠᠨ ᠤ ᠤᠳᠤᠷᠢᠳᠤᠯᠭ᠎ᠠ ᠳᠣᠤᠷ᠎ᠠ ᠶᠠᠪᠤᠭᠳᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ | ᠰᠠᠶᠢᠨ ᠬᠥᠮᠦᠨ ᠤ ᠶᠡᠭᠡ ᠬᠤᠷᠠᠯ ᠤᠨ ᠲᠥᠯᠥᠭᠡᠯᠡᠭᠴᠢ ᠪᠠᠷ ᠵᠢᠱᠢᠭᠳᠡᠭᠰᠡᠳ ᠤᠨ ᠤᠯᠤᠰ ᠲᠦᠷᠦ ᠶᠢᠨ ᠪᠣᠭᠤᠮᠲᠠ᠂ | ᠬᠡᠪ ᠴᠢᠨᠠᠷ ᠤᠨ ᠪᠣᠭᠤᠮᠲᠠ᠂ ᠪᠦᠲᠦᠴᠡ ᠶᠢᠨ ᠪᠣᠭᠤᠮᠲᠠ ᠪᠠ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ | ᠵᠢᠷᠤᠮ ᠤᠨ ᠪᠣᠭᠤᠮᠲᠠ ᠶᠢ ᠬᠠᠤᠯᠢ ᠵᠢᠷᠤᠮ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠦᠰᠡᠯ ᠢᠶᠠᠷ | ᠴᠢᠩᠭ᠎ᠠ᠂ ᠬᠡᠪ ᠴᠢᠨᠠᠷ ᠢᠶᠠᠷ ᠥᠨᠳᠥᠷ ᠪᠥᠭᠡᠳ ᠪᠦᠲᠦᠴᠡ ᠨᠢ ᠵᠦᠢ ᠵᠣᠬᠢᠰᠲᠠᠢ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠨ ᠭᠠᠷᠭᠠᠬᠤ ᠬᠡᠷᠡᠭᠲᠡᠢ᠃ | | ᠰᠢᠪᠠᠳᠠᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠤᠬᠠᠭᠤᠯᠭ᠎ᠠ ᠬᠥᠮᠦᠵᠢᠯ ᠢ | ᠴᠢᠩᠭᠠᠳᠬᠠᠨ᠂ ︽ᠠᠷᠪᠠ ᠶᠢ ᠴᠢᠩᠭ᠎ᠠ ᠴᠠᠭᠠᠵᠠᠯᠠᠬᠤ︾ ᠶᠢ ᠴᠢᠩᠭ᠎ᠠ ᠵᠢᠷᠤᠮᠯᠠᠵᠤ᠂ ᠬᠤᠭᠤᠴᠠᠭ᠎ᠠ ᠰᠣᠯᠢᠬᠤ | ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ | ᠠᠷᠢᠭᠤᠨ ᠴᠢᠬᠡᠴᠢ ᠣᠷᠴᠢᠨ ᠨᠥᠬᠦᠴᠡᠯ ᠢ ᠪᠤᠶ ᠪᠣᠯᠭᠠᠵᠤ᠂ ᠰᠣᠩᠭᠤᠭᠤᠯᠢ ᠶᠢᠨ ᠠᠷᠠᠳ ᠢ ᠥᠷᠭᠡᠨ ᠳᠡᠯᠭᠡᠷᠡᠩᠭᠦᠶ ᠪᠠᠷ | ᠳᠠᠶᠢᠴᠢᠯᠠᠨ ᠫᠢᠶᠣᠣ ᠥᠭᠬᠦ ᠰᠣᠩᠭᠤᠭᠤᠯᠢ ᠳᠤ ᠣᠷᠣᠯᠴᠠᠭᠤᠯᠵᠤ᠂ ︽ᠥᠭᠬᠦ ᠶᠣᠰᠣᠲᠠᠶ ᠶᠢ ᠨᠢ ᠴᠥᠮ ᠥᠭᠬᠦ︾ ᠶᠢ | ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠰᠣᠩᠭᠤᠭᠤᠯᠢ ᠶᠢᠨ ᠦᠷ᠎ᠡ ᠳ᠋ᠦᠩ ᠤᠨ ᠬᠠᠤᠯᠢ ᠶᠣᠰᠣᠨ ᠤ ᠪᠥᠭᠡᠳ | ᠪᠦᠲᠦᠮᠵᠢᠲᠡᠶ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠶ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |