ᠠᠯᠲᠠᠨ ᠨᠠᠮᠤᠷ ᠤᠨ ᠠᠷᠪᠠᠨ ᠰᠠᠷ᠎ᠠ ᠳᠤ ᠡᠮ ᠤᠨ ᠦᠨᠦᠷ ᠬᠠᠩᠬᠤᠯᠤᠨ᠎ᠠ᠃ ᠵᠦᠸᠧᠽᠢ ᠰᠢᠶᠠᠨ ᠤ ᠱᠢ ᠪᠠ ᠲᠠᠢ | ᠪᠠᠯᠭᠠᠰᠤᠨ ᠤ ᠬᠤᠸᠠᠩ ᠴᠢ ᠲᠠᠨ ᠲᠣᠰᠬᠤᠨ ᠤ ︽ᠬᠤᠨᠴᠢᠷ ᠲᠤᠷᠰᠢᠯᠲᠠ ᠶᠢᠨ ᠲᠠᠷᠢᠶ᠎ᠠ︾ ᠡᠯᠪᠡᠭ ᠬᠤᠷᠢᠶᠠᠯᠲᠠ | ᠣᠯᠵᠤ᠂ ᠡᠮ ᠤᠨ ᠦᠨᠦᠷ ᠬᠠᠩᠬᠤᠯᠵᠤ ᠬᠥᠳᠡᠭᠡ ᠲᠣᠰᠬᠤᠨ ᠤ ᠬᠥᠳᠡᠭᠡ ᠲᠣᠰᠬᠤᠨ ᠳᠤ ᠬᠠᠩᠬᠤᠯᠤᠨ᠎ᠠ᠃ | | | 10 ᠰᠠᠷ᠎ᠠ ᠶᠢᠨ 20 ᠤ ᠡᠳᠦᠷ᠂ ᠰᠤᠷᠪᠤᠯᠵᠢᠯᠠᠭᠴᠢ ᠬᠤᠸᠠᠩ ᠴᠢ ᠲᠠᠨ ᠲᠣᠰᠬᠤᠨ ᠤ ︽ᠬᠤᠨᠴᠢᠷ ᠲᠤᠷᠰᠢᠬᠤ | ᠲᠠᠷᠢᠶ᠎ᠠ︾ ᠲᠠᠷᠢᠮᠠᠯ ᠤᠨ ᠰᠠᠭᠤᠷᠢᠨ ᠳᠤ ᠬᠦᠷᠬᠦ ᠳᠤ᠂ ᠬᠤᠨᠴᠢᠷ ᠤᠨ ᠡᠮ ᠤᠨ ᠦᠨᠦᠷ ᠬᠠᠩᠬᠤᠯᠵᠤ᠂ ᠬᠥᠮᠦᠨ ᠤ | ᠰᠡᠳᠬᠢᠯ ᠢ ᠲᠠᠲᠠᠵᠤ᠂ ᠲᠤᠮᠤ ᠬᠡᠯᠪᠡᠷᠢ ᠶᠢᠨ ᠮᠠᠰᠢᠨ ᠮᠧᠬᠠᠨᠢᠭ ᠲᠠᠷᠢᠶᠠᠨ ᠭᠠᠵᠠᠷ ᠢᠶᠠᠷ ᠨᠠᠰᠢ ᠴᠠᠰᠢ ᠰᠦᠯᠵᠢᠯᠳᠦᠵᠦ᠂ | ᠲᠣᠰᠬᠤᠨ ᠤ ᠠᠷᠠᠳ ᠬᠤᠶᠢᠨ᠎ᠠ ᠠᠴᠠ ᠨᠢ ᠳᠠᠭᠠᠵᠤ ᠡᠮ ᠤᠨ ᠮᠠᠲ᠋ᠧᠷᠢᠶᠠᠯ ᠲᠡᠭᠦᠵᠦ ᠪᠠᠶᠢᠯ᠎ᠠ᠃ ᠲᠠᠷᠢᠶᠠᠨ ᠤ ᠨᠦᠬᠦᠭᠡ | ᠲᠠᠯ᠎ᠠ ᠳᠤ᠂ ᠬᠤᠷᠢᠶᠠᠭᠰᠠᠨ ᠬᠤᠨᠴᠢᠷ ᠢᠶᠠᠨ ᠪᠣᠭᠤᠳᠠᠯᠯᠠᠵᠤ ᠲᠡᠷᠭᠡᠨ ᠳᠤ ᠰᠠᠭᠤᠯᠭᠠᠵᠤ᠂ ᠡᠯᠪᠡᠭ ᠬᠤᠷᠢᠶᠠᠯᠲᠠ ᠶᠢᠨ | ᠪᠠᠶᠢᠳᠠᠯ ᠢᠯᠡᠷᠡᠨ᠎ᠡ᠃ | | | ᠬᠤᠸᠠᠩ ᠴᠢ ᠲᠠᠨ ᠲᠣᠰᠬᠤᠨ ᠤ ᠨᠠᠮ ᠤᠨ ᠡᠭᠦᠷ ᠤᠨ ᠱᠦᠵᠢ ᠰᠢᠤᠸᠠᠢ ᡁᠢ ᠯᠦᠩ ᠲᠠᠨᠢᠯᠴᠠᠭᠤᠯᠬᠤ ᠳᠠᠭᠠᠨ᠂ | ᠡᠨᠡ ᠵᠢᠯ ᠪᠣᠯ ᠮᠠᠨ ᠤ ᠬᠤᠨᠴᠢᠷ ᠳᠠᠷᠢᠬᠤ ᠠᠩᠬᠠᠨ ᠤ ᠵᠢᠯ ᠮᠥᠨ᠂ ᠮᠥ ᠪᠦᠷᠢ ᠶᠢᠨ ᠤᠨᠠᠯᠲᠠ ᠨᠢ ᠮᠢᠩᠭᠠᠨ ᠵᠢᠩ | ᠣᠷᠴᠢᠮ ᠪᠠᠶᠢᠵᠤ᠂ ᠮᠥ ᠪᠦᠷᠢ ᠶᠢᠨ ᠴᠡᠪᠡᠷ ᠠᠰᠢᠭ ᠬᠤᠨᠵᠢᠪᠣᠷᠢ ᠨᠢ ᠭᠤᠷᠪᠠᠨ ᠵᠠᠭᠤ ᠰᠢᠬᠠᠮ ᠪᠣᠯᠤᠨ᠎ᠠ᠃ ᠡᠨᠡ | ᠭᠠᠷᠤᠯᠲᠠ ᠶᠢᠨ ᠬᠡᠮᠵᠢᠶ᠎ᠡ ᠲᠡᠶᠢᠮᠦ ᠥᠨᠳᠥᠷ ᠪᠢᠰᠢ᠂ ᠨᠢᠭᠡ ᠨᠢ ᠡᠨᠡ ᠵᠢᠯ ᠤᠨ ᠲᠠᠷᠢᠬᠰᠠᠨ ᠨᠢ ᠨᠡᠯᠢᠶᠡᠳ ᠤᠷᠤᠢ | ᠪᠥᠭᠡᠳ ᠤᠷᠲᠦ ᠬᠤᠭᠤᠴᠠᠭ᠎ᠠ ᠨᠢ ᠣᠬᠤᠷ᠂ ᠨᠦᠭᠦᠭᠡ ᠨᠢ ᠰᠡᠭᠦᠯᠴᠢ ᠶᠢᠨ ᠬᠤᠭᠤᠴᠠᠭᠠᠨ ᠤ ᠠᠷᠠᠴᠢᠯᠠᠬᠤ | ᠲᠤᠷᠰᠢᠯᠭ᠎ᠠ ᠮᠡᠬᠦᠰ ᠠᠴᠠ ᠪᠤᠯᠵᠤ ᠬᠤᠨᠴᠢᠷ ᠤᠨ ᠭᠠᠷᠤᠯᠲᠠ ᠶᠢ ᠨᠥᠯᠥᠭᠡᠯᠡᠭᠰᠡᠨ ᠠᠴᠠ ᠪᠣᠯᠤᠭᠰᠠᠨ ᠶᠤᠮ᠃ ᠡᠶᠢᠮᠦ | ᠪᠠᠶᠢᠳᠠᠯ ᠤᠨ ᠳᠣᠣᠷ᠎ᠠ ᠲᠡᠭᠦᠨ ᠤ ᠠᠵᠤ ᠠᠬᠤᠶ ᠶᠢᠨ ᠠᠰᠢᠭ ᠣᠷᠣᠯᠭ᠎ᠠ ᠨᠢ ᠪᠤᠰᠤᠳ ᠲᠧᠭᠨᠢᠭ ᠤᠨ ᠲᠠᠷᠢᠮᠠᠯ ᠠᠴᠠ | ᠬᠠᠷᠢᠴᠠᠩᠭᠤᠶ ᠪᠠᠷ ᠲᠡᠩᠴᠡᠭᠦᠦ ᠪᠠᠶᠢᠳᠠᠭ᠃ ᠡᠶᠢᠮᠦ ᠠᠴᠠ ᠢᠷᠡᠬᠦ ᠵᠢᠯ ᠤᠨ ᠡᠩ ᠤᠨ ᠴᠠᠭ ᠲᠤ ᠴᠢᠬᠢ ᠰᠠᠭᠤᠯᠭᠠᠨ᠎ᠠ᠂ | ᠨᠠᠷᠢᠨ ᠨᠢᠮᠪᠠᠶ ᠠᠷᠠᠴᠢᠯᠠᠪᠠᠯ ᠬᠤᠨᠴᠢᠷ ᠤᠨ ᠭᠠᠷᠤᠯᠲᠠ ᠪᠠ ᠠᠰᠢᠭ ᠣᠷᠣᠯᠭ᠎ᠠ ᠨᠢ ᠮᠠᠰᠢ ᠶᠡᠭᠡ ᠳᠡᠭᠡᠭᠰᠢᠯᠡᠬᠦ ᠣᠷᠣᠨ | ᠵᠠᠶ ᠲᠠᠢ ᠶᠤᠮ᠃ ᠪᠢᠳᠡ ᠡᠨᠡ ᠵᠢᠯ ᠤᠨ ᠲᠠᠷᠢᠮᠠᠯ ᠤᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠰᠠᠶᠢᠨ ᠲᠠᠢ | ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠢᠷᠡᠬᠦ ᠵᠢᠯ ᠳᠤ ᠬᠤᠨᠴᠢᠷ ᠲᠠᠷᠢᠬᠤ ᠳᠤ ᠰᠠᠭᠤᠷᠢ | ᠲᠠᠯᠪᠢᠵᠤ᠂ ᠬᠤᠨᠴᠢᠷ ᠲᠠᠷᠢᠬᠤ ᠶᠢ ᠲᠣᠰᠬᠤᠨ ᠤ ᠠᠵᠤ ᠦᠢᠯᠡᠰ ᠤᠨ ᠪᠦᠲᠦᠴᠡ ᠶᠢ ᠲᠤᠬᠢᠷᠠᠭᠤᠯᠬᠤ᠂ ᠲᠣᠰᠬᠤᠨ ᠤ | ᠠᠷᠠᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠰᠠᠶᠢᠨ ᠲᠦᠷᠦᠯ ᠵᠦᠢᠯ ᠪᠣᠯᠭᠠᠬᠤ ᠪᠠᠷ | ᠴᠢᠷᠮᠠᠶᠢᠨ᠎ᠠ᠃ | | | ᠬᠤᠸᠠᠩ ᠴᠢ ᠲᠠᠨ ᠲᠣᠰᠬᠤᠨ ᠤ ᠬᠥᠷᠥᠰᠥ ᠰᠢᠷᠣᠶ ᠥᠩ ᠰᠢᠮᠡᠯᠢᠭ᠂ ᠨᠡᠷᠡᠨ ᠤ ᠲᠤᠰᠤᠯᠲᠠ ᠭᠦᠶ᠋ᠴᠡᠳ᠂ | ᠤᠰᠤᠨ ᠤ ᠰᠤᠷᠪᠤᠯᠵᠢ ᠭᠦᠶ᠋ᠴᠡᠳ ᠪᠣᠯᠬᠤᠷ ᠬᠢᠲᠠᠳ ᠡᠮ ᠤᠨ ᠮᠠᠲ᠋ᠧᠷᠢᠶᠠᠯ ᠤᠨ ᠬᠤᠨᠴᠢᠷ ᠳᠠᠷᠢᠬᠤ ᠳᠤ ᠮᠠᠰᠢ | ᠲᠣᠬᠢᠷᠠᠮᠵᠢᠲᠠᠶ ᠪᠠᠶᠢᠳᠠᠭ᠃ ᠡᠨᠡ ᠵᠢᠯ ᠤᠨ ᠬᠤᠨᠴᠢᠷ ᠢ ᠠᠮᠵᠢᠯᠲᠠ ᠲᠠᠢ ᠲᠠᠷᠢᠬᠰᠠᠨ ᠨᠢ ᠬᠤᠸᠠᠩ ᠴᠢ ᠲᠠᠨ | ᠲᠣᠰᠬᠤᠨ ᠤ ᠬᠢᠨ ᠬᠢᠲᠠᠳ ᠡᠮ ᠤᠨ ᠮᠠᠲ᠋ᠧᠷᠢᠶᠠᠯ ᠢ ᠬᠥᠭᠵᠢᠭᠦᠯᠬᠦ ᠶᠢ ᠠᠵᠤ ᠦᠢᠯᠡᠰ ᠤᠨ ᠪᠦᠲᠦᠴᠡ ᠶᠢ | ᠲᠤᠬᠢᠷᠠᠭᠤᠯᠬᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠲᠠᠷᠢᠶᠠᠯᠠᠩ ᠤᠨ ᠦᠷ᠎ᠡ ᠠᠰᠢᠭ ᠢ | ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠬᠦ ᠭᠤᠣᠯᠯᠠᠭᠴᠢ ᠠᠵᠤ ᠦᠢᠯᠡᠰ ᠪᠣᠯᠭᠠᠨ | ᠠᠳᠬᠤᠭᠰᠠᠨ ᠨᠢ ᠦᠨᠳᠦᠰᠦ ᠪᠠᠷᠢᠮᠲᠠ ᠲᠠᠢ ᠪᠠᠶᠢᠵᠤ᠂ ᠳᠠᠷᠠᠭᠠᠴᠢ ᠶᠢᠨ ᠠᠯᠬᠤᠮ ᠳᠤ ︽ᠬᠤᠸᠠᠩ ᠴᠢ ᠲᠠᠨ | ᠲᠣᠰᠬᠤᠨ ᠤ ᠬᠤᠨᠴᠢᠷ ᠲᠠᠷᠢᠬᠤ ᠰᠠᠭᠤᠷᠢᠨ︾ ᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠢ | ᠬᠠᠷᠠᠭᠤᠯᠵᠤ ᠪᠠᠶᠢᠨ᠎ᠠ᠃ | | | ᠣᠶᠢᠷ᠎ᠠ ᠶᠢᠨ ᠵᠢᠯ ᠤᠨ ᠲᠤᠷᠰᠢ᠂ ᠬᠤᠸᠠᠩ ᠴᠢ ᠲᠠᠨ ᠲᠣᠰᠬᠤᠨ ᠤ ᠬᠢᠨ ︽ᠨᠢᠭᠡ ᠲᠣᠰᠬᠤᠨ ᠨᠢᠭᠡ | ᠦᠢᠯᠡᠳᠬᠦᠨ᠂ ᠣᠯᠠᠨ ᠦᠢᠯᠡᠰ ᠢ ᠵᠡᠷᠭᠡ ᠪᠠᠷ ᠬᠥᠭᠵᠢᠭᠦᠯᠬᠦ︾ ᠰᠡᠳᠬᠢᠴᠡ ᠪᠠᠷ᠂ ᠤᠨᠴᠠᠯᠢᠭᠳᠤ ᠠᠵᠤ ᠦᠢᠯᠡᠰ ᠢ | ᠶᠡᠬᠡᠪᠡᠷ ᠬᠥᠭᠵᠢᠭᠦᠯᠵᠦ᠂ ᠲᠣᠰᠬᠤᠨ ᠤ ᠨᠠᠮ ᠤᠨ ᠡᠭᠦᠷ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠠᠵᠤ | ᠦᠢᠯᠡᠰ ᠤᠨ ᠬᠠᠮᠲᠤᠷᠠᠯᠴᠠᠭᠠᠨ ᠤ ᠲᠦᠷᠦᠯ ᠵᠦᠢᠯ ᠢ ᠲᠡᠮᠡᠴᠡᠨ ᠣᠯᠵᠤ᠂ ︽ᠨᠢᠭᠡᠳᠦᠯᠲᠡᠢ ᠦᠷ᠎ᠡ ᠪᠤᠷᠳᠤᠭᠤᠷ | ᠬᠠᠩᠭᠠᠬᠤ᠂ ᠨᠢᠭᠡᠳᠦᠯᠲᠡᠢ ᠮᠡᠷᠭᠡᠵᠢᠯ ᠤᠨ ᠪᠠᠷᠢᠮᠵᠢᠶ᠎ᠠ᠂ ᠨᠢᠭᠡᠳᠦᠯᠲᠡᠢ ᠬᠤᠳᠠᠯᠳᠤᠨ ᠠᠪᠴᠤ ᠪᠣᠷᠣᠯᠠᠭᠤᠯᠬᠤ︾ | ᠦᠢᠯᠡᠳᠪᠦᠷᠢᠯᠡᠯ ᠪᠣᠷᠣᠯᠠᠭᠤᠯᠭ᠎ᠠ ᠶᠢᠨ ᠦᠢᠯᠡᠴᠢᠯᠡᠭᠡᠨ ᠤ ᠰᠢᠰᠲᠧᠮ ᠵᠢᠴᠢ ︽ᠨᠠᠮ ᠤᠨ ᠡᠭᠦᠷ + ᠬᠤᠷᠰᠢᠶ᠎ᠡ + | ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠤᠯᠠᠨ ᠲᠦᠮᠡᠨ ᠢ ᠢᠳᠡᠪᠬᠢᠲᠡᠢ ᠬᠦᠳᠦᠯᠥᠨ ᠳᠠᠭᠠᠭᠤᠯᠵᠤ ᠬᠤᠨᠴᠢᠷ ᠤᠨ | ᠠᠵᠤ ᠦᠢᠯᠡᠰ ᠢ ᠬᠥᠭᠵᠢᠭᠦᠯᠵᠦ᠂ ᠤᠯᠠᠨ ᠲᠦᠮᠡᠨ ᠤ ᠣᠷᠣᠯᠭ᠎ᠠ ᠶᠢ ᠴᠢᠨᠠᠭᠰᠢᠳᠠ ᠨᠡᠮᠡᠭᠳᠡᠭᠦᠯᠵᠦ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ | ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠪᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |