ᠵᠦᠸᠧᠽᠢ ᠰᠢᠶᠠᠨ ᠤ ᠥᠯᠥ ᠬᠥᠳᠡᠯᠬᠦ ᠬᠥᠷᠥᠩᠭᠡ ᠶᠢᠨ ᠲᠥᠪ᠄ ᠠᠷᠠᠳ ᠲᠤ ᠲᠥᠬᠦᠮ ᠦᠵᠡᠭᠦᠯᠬᠦ ︽ᠴᠣᠩᠬᠤ︾ ᠶᠢ ᠠᠷᠴᠢᠵᠤ᠂ ᠤᠶᠢᠴᠢᠯᠡᠭᠡ ᠶᠢ ᠬᠤᠷᠳᠤᠴᠠ ᠲᠠᠢ ᠪᠣᠯᠭᠠᠵᠤ ᠨᠠᠩ ᠢᠯᠡᠭᠦᠤ ︽ᠳᠤᠯᠠᠭᠠᠨ︾ ᠪᠣᠯᠭᠠᠨ᠎ᠠ
ᠨᠡᠶᠢᠲᠡᠯᠡᠭᠰᠡᠨ ᠴᠠᠭ᠄
2021/10/21
    ᠤᠢᠢᠷ᠎ᠠ ᠶᠢᠨ ᠵᠢᠯ ᠠᠴᠠ᠂ ᠵᠦᠸᠧᠽᠢ ᠰᠢᠶᠠᠨ ᠤ ᠦᠯᠦ ᠬᠥᠳᠡᠯᠬᠦ ᠬᠦᠷᠦᠩᠭᠡ ᠶᠢᠨ ᠲᠥᠪ ᠤᠨ ᠬᠢᠨ ᠠᠵᠢᠯ ᠶᠠᠪᠤᠳᠠᠯ ᠡᠷᠬᠢᠯᠡᠬᠦ ᠶᠠᠪᠤᠴᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠲᠤ ᠳᠦᠬᠦᠮ ᠦᠵᠡᠭᠦᠯᠬᠦ ︽ᠴᠣᠩᠬᠤ ︾ ᠪᠠᠨ ᠳᠠᠰᠤᠷᠠᠯᠳᠠ ᠦᠬᠡᠢ ᠴᠡᠪᠡᠷᠯᠡᠵᠦ᠂ ᠤᠯᠠᠨ ᠲᠦᠮᠡᠨ ᠳᠤ ᠨᠡᠩ ᠴᠢᠨᠠᠷ ᠰᠠᠶᠢᠲᠠᠢ᠂ ᠨᠡᠩ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠤᠯᠠᠨ ᠲᠦᠮᠡᠨ ᠳᠤ ᠦᠢᠯᠡᠴᠢᠯᠡᠭᠡᠨ ᠤ ︽ᠬᠤᠷᠳᠤᠴᠠ︾ ᠪᠠ ︽ᠬᠠᠯᠠᠭᠤᠨ ᠳᠤᠯᠠᠭᠠᠨ︾ ᠢ ᠦᠨᠡᠨᠬᠦ ᠮᠡᠳᠡᠷᠡᠭᠦᠯᠵᠡᠢ᠃
       ᠰᠠᠶᠢᠲᠤᠷ ᠦᠢᠯᠡᠴᠢᠯᠡᠬᠦ ᠡᠰᠡᠬᠦ ᠨᠢ ᠤᠯᠠᠨ ᠲᠦᠮᠡᠨ ᠳᠤ ᠬᠠᠮᠤᠭ ᠠᠴᠠ ᠢᠯᠡᠭᠦᠦ ᠦᠭᠡ ᠬᠡᠯᠡᠬᠦ ᠡᠷᠬᠡ ᠲᠠᠢ ᠪᠠᠶᠢᠳᠠᠭ᠃ ᠵᠦᠸᠧᠽᠢ ᠰᠢᠶᠠᠨ ᠤ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠨ ᠤ ᠲᠢᠩᠬᠢᠮ ᠳᠤ ᠣᠷᠣᠬᠤ ᠳᠤ᠂ 5 ᠵᠣᠴᠢᠯᠠᠬᠤ ᠴᠣᠩᠬᠤ ᠨᠢ ᠶᠠᠭ ᠡᠮᠬᠢ ᠵᠠᠮᠪᠠᠷᠠᠭ᠎ᠠ ᠲᠠᠢ ᠪᠠᠷ ᠲᠤᠬᠠᠶᠢᠯᠠᠭᠰᠠᠨ ᠠᠵᠢᠯ ᠢᠶᠠᠨ  ᠭᠦᠢᠴᠡᠳᠬᠡᠵᠦ ᠪᠠᠶᠢᠨ᠎ᠠ᠃ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠨᠡᠮᠯᠡᠯ ᠢ ᠰᠠᠶ᠋ᠢᠬᠠᠨ ᠭᠦᠢᠴᠡᠳᠬᠡᠭᠰᠡᠨ ᠾᠦᠤᠤ ᠠᠪᠠᠭ᠋ᠠᠶ ᠰᠤᠷᠪᠤᠯᠵᠢᠯᠠᠭᠴᠢ ᠳᠤ ᠬᠡᠯᠡᠬᠦ ᠳᠡᠭᠡᠨ᠂ ᠥᠨᠥᠳᠦᠷ ᠤᠨ ᠦᠳᠡ ᠶᠢᠨ ᠡᠮᠦᠨ᠎ᠡ ᠡᠨᠡ ᠬᠦ ᠭᠡᠷ ᠪᠠᠶᠢᠰᠢᠩ ᠢ ᠠᠪᠬᠤ ᠪᠠᠷ ᠢᠷᠡᠭᠰᠡᠨ ᠴᠠᠭ ᠮᠠᠰᠢ ᠲᠦᠷᠭᠡᠨ᠂ ᠪᠠᠷᠤᠭ ᠡᠬᠢᠯᠡᠭᠰᠡᠨ ᠠᠴᠠ ᠳᠠᠭᠤᠰᠲᠠᠯ᠎ᠠ ᠠᠷᠪᠠᠨ ᠬᠡᠳᠦᠬᠡᠨ ᠮᠢᠨᠦ᠋ᠲ ᠪᠣᠯᠤᠭᠰᠠᠨ ᠪᠠᠶᠢᠬ᠎ᠠ᠂ ᠴᠣᠩᠬᠤᠨ ᠤ ᠠᠵᠢᠯᠲᠠᠨ ᠨᠢᠭᠡᠪᠦᠷᠢ ᠴᠥᠮ ᠪᠢᠳᠡᠨ ᠢ ᠬᠠᠯᠠᠭᠤᠮᠰᠤᠭ ᠢᠶᠠᠷ ᠬᠦᠯᠢᠶᠡᠨ ᠠᠪᠴᠤ ᠵᠣᠴᠢᠯᠠᠵᠠᠶ᠂ ᠪᠢᠳᠡᠨ ᠤ ᠠᠰᠠᠭᠤᠯᠲᠠ ᠳᠤ ᠲᠡᠳᠡ ᠬᠦᠯᠢᠴᠡᠩᠭᠦᠶ ᠪᠠᠷ ᠬᠠᠷᠢᠭᠤᠯᠲᠠ ᠥᠭᠴᠦ ᠪᠠᠶᠢᠨ᠎ᠠ ᠭᠡᠵᠡᠶ᠃ ᠵᠢᠱᠢᠶᠡᠯᠡᠪᠡᠯ ᠡᠨᠡ ᠬᠦ ᠴᠣᠩᠬᠤᠨ ᠠᠴᠠ ᠳᠠᠷᠠᠭ᠎ᠠ ᠨᠢᠭᠡ ᠴᠣᠩᠬᠤᠨ ᠳᠤ ᠣᠴᠢᠵᠤ ᠡᠨᠡ ᠬᠦ ᠤᠴᠢᠷ ᠶᠠᠪᠤᠳᠠᠯ ᠢ ᠭᠦᠢᠴᠡᠳᠬᠡᠬᠦ ᠳᠤ ᠬᠦᠷᠪᠡᠯ᠂ ᠠᠵᠢᠯᠲᠠᠳ ᠬᠠᠮᠢᠶ᠎ᠠ ᠪᠦᠬᠦᠢ ᠦᠨᠡᠮᠯᠡᠯ ᠢᠶᠠᠨ ᠠᠪᠴᠤ ᠪᠢᠳᠡᠨ ᠢ ᠳᠠᠷᠠᠭ᠎ᠠ ᠨᠢᠭᠡ ᠴᠣᠩᠬᠤᠨ ᠳᠤ ᠠᠪᠠᠴᠢᠳᠠᠭ᠂ ᠡᠨᠡ ᠨᠢ ᠮᠠᠰᠢ ᠲᠦᠷᠭᠡᠨ᠂ ᠲᠡᠳᠡᠨ ᠤ ᠠᠵᠢᠯ ᠤᠨ ᠣᠪᠣᠷ ᠨᠢ ᠴᠦ ᠮᠠᠰᠢ ᠰᠠᠶᠢᠨ᠂ ᠮᠠᠨ ᠤ ᠠᠵᠢᠯ ᠤᠨ ᠬᠥᠮᠦᠰ ᠲᠤ ᠠᠪᠴᠤ ᠬᠡᠯᠡᠪᠡᠯ ᠮᠠᠰᠢ ᠬᠠᠨᠤᠮᠵᠢᠲᠠᠶ ᠪᠠᠶᠢᠳᠠᠭ᠃
    ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠴᠣᠩᠬᠤᠨ ᠳᠤ ︽ᠠᠷᠠᠯ ᠤᠨ ᠱᠠᠪᠢ ᠶᠢ ᠰᠡᠷᠡᠮᠵᠢᠯᠡᠵᠦ᠂ ᠮᠡᠬᠡᠯᠡᠭᠳᠡᠬᠦ ᠠᠴᠠ ᠵᠠᠶᠢᠯᠠᠰᠬᠢᠬᠦ ᠬᠡᠷᠡᠭᠲᠡᠶ︾ ᠭᠡᠰᠡᠨ ᠬᠠᠯᠠᠭᠤᠨ ᠳᠣᠲᠣᠨᠣ ᠰᠠᠨᠠᠭᠤᠯᠤᠮᠵᠢ ᠢᠯᠡ ᠲᠣᠳᠣᠬᠠᠨ ᠬᠠᠷᠠᠭᠳᠠᠵᠤ᠂ ᠬᠠᠵᠠᠭᠤ ᠳᠠᠬᠢ ᠠᠰᠠᠭᠤᠨ ᠯᠠᠪᠯᠠᠬᠤ ᠲᠠᠶᠢᠰᠠᠨ ᠤ ᠡᠮᠦᠨ᠎ᠡ ᠭᠤᠣᠯ ᠬᠠᠷᠢᠭᠤᠴᠠᠯᠭᠠᠲᠠᠨ ᠥᠪᠡᠷ ᠤᠨ ᠪᠡᠶ᠎ᠡ ᠪᠠᠷ ᠢᠶᠠᠨ ᠠᠵᠢᠯ ᠬᠢᠵᠦ ᠪᠠᠶᠢᠭ᠎ᠠ ᠣᠯᠠᠨ ᠲᠦᠮᠡᠨ ᠳᠤ ︽ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠨ ᠥᠭᠴᠦ ᠪᠠᠶᠢᠨ᠎ᠠ︾᠃ ᠣᠶᠢᠯᠠᠭᠠᠭᠰᠠᠨ ᠢᠶᠠᠷ᠂ ᠵᠦᠸᠧᠽᠢ ᠰᠢᠶᠠᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠨᠢᠭᠡᠨᠲᠡ ᠳᠠᠭᠤᠰᠴᠤ᠂ ᠥᠯᠥ ᠬᠥᠳᠡᠯᠬᠦ ᠬᠥᠷᠥᠩᠭᠡ ᠶᠢᠨ ᠬᠠᠷᠢᠶ᠎ᠠ ᠶᠢᠨ ᠪᠠᠶᠢᠴᠠᠭᠠᠯᠲᠠ ᠶᠢᠨ ᠰᠢᠰᠲ᠋ᠧᠮ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠢᠰᠲ᠋ᠧᠮ᠂ ᠲᠠᠩᠰᠠ ᠡᠪᠬᠡᠮᠡᠯ ᠤᠨ ᠰᠢᠰᠲ᠋ᠧᠮ ᠢ ᠨᠢᠭᠡᠨᠲᠡ ᠪᠠᠶᠢᠭᠤᠯᠵᠤ ᠳᠠᠭᠤᠰᠬᠠᠵᠠᠶ᠃ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠪᠠ ᠬᠡᠷ ᠪᠠᠶᠢᠰᠢᠩ ᠤᠨ ᠠᠷᠠᠯᠵᠢᠶ᠎ᠠ᠂ ᠭᠠᠶᠢᠯᠢ ᠲᠠᠲᠠᠪᠤᠷᠢᠯᠠᠵᠤ ᠲᠤᠰᠢᠶᠠᠬᠤ ᠲᠤᠬᠠᠶᠢᠯᠠᠭᠰᠠᠨ ᠠᠵᠢᠯ ᠢ ᠨᠢᠭᠡ ᠴᠣᠩᠬᠤ ᠪᠠᠷ ᠭᠥᠯᠢᠶᠡᠨ ᠠᠪᠴᠤ ᠰᠢᠶ᠋ᠳᠪᠦᠷᠢᠯᠡᠬᠦ᠂ ᠲᠥᠪᠯᠡᠷᠡᠭᠦᠯᠦᠨ ᠤᠶᠢᠯᠡᠴᠢᠯᠡᠬᠦ᠂ ᠠᠷᠤ ᠲᠠᠯ᠎ᠠ ᠳᠤ ᠵᠡᠷᠭᠡ ᠪᠠᠷ ᠭᠦᠢᠴᠡᠳᠬᠡᠬᠦ ᠶᠢ ᠨᠢᠭᠡᠨᠲᠡ ᠪᠥᠬᠦ ᠲᠠᠯ᠎ᠠ ᠪᠠᠷ ᠪᠡᠶᠡᠯᠡᠭᠦᠯᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠂ ᠲᠤᠭ᠎ᠠ ᠪᠠᠷᠢᠮᠲᠠ ᠶᠢ ︽ᠢᠯᠡᠭᠦᠤ ᠭᠦᠶᠦᠯᠭᠡᠬᠦ︾᠂ ᠣᠯᠠᠨ ᠲᠦᠮᠡᠨ ᠢ ︽ᠳᠤᠲᠠᠭᠤ ᠭᠦᠶᠦᠯᠭᠡᠬᠦ︾᠂ ︽ᠨᠢᠭᠡ ᠯᠡ ᠡᠭᠦᠳᠡ ᠪᠠᠷ ᠣᠷᠣᠵᠤ᠂ ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠠᠵᠢᠯ ᠤᠨ ᠵᠠᠭᠪᠤᠷ ᠢ ᠪᠡᠶᠡᠯᠡᠭᠦᠯᠪᠡ᠃
       ᠥᠯᠥ ᠬᠥᠳᠡᠯᠬᠦ ᠬᠥᠷᠥᠩᠭᠡ ᠶᠢᠨ ᠲᠥᠪ ᠤᠨ ᠡᠷᠬᠢᠯᠡᠭᠴᠢ ᠯᠢ ᠵᠢᠶᠦ᠋ᠨ ᠢᠯᠡᠷᠬᠡᠶᠢᠯᠡᠬᠦ ᠳᠡᠭᠡᠨ᠂ ᠵᠦᠸᠧᠽᠢ ᠰᠢᠶᠠᠨ ᠤ ᠥᠯᠥ ᠬᠥᠳᠡᠯᠬᠦ ᠬᠥᠷᠥᠩᠭᠡ ᠶᠢᠨ ᠲᠥᠪ 2016 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠡᠯ᠎ᠡ ᠵᠦᠶ᠋ᠯ ᠤᠨ ᠲᠦᠷᠢᠮ ᠲᠣᠭᠲᠠᠭᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠦᠸᠧᠽᠢ ᠰᠢᠶᠠᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃ ᠢᠯᠠᠩᠭᠤᠶ᠎ᠠ ᠣᠶᠢᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠶᠠᠭᠤᠨ ᠤ ᠡᠮᠦᠨ᠎ᠡ ᠦᠨᠡᠮᠯᠡᠯ ᠭᠦᠶ᠋ᠴᠡᠳᠬᠡᠬᠦ ᠴᠠᠭ ᠢ ᠪᠠᠭᠠᠰᠬᠠᠵᠤ᠂ ᠠᠩᠬ᠎ᠠ ᠤᠳᠠᠭ᠎ᠠ ᠳᠡᠩᠰᠡᠯᠡᠨ ᠲᠡᠮᠳᠡᠭᠯᠡᠬᠦ᠂ ᠰᠢᠯᠵᠢᠭᠦᠯᠦᠨ ᠳᠡᠩᠰᠡᠯᠡᠨ ᠲᠡᠮᠳᠡᠭᠯᠡᠬᠦ ᠶᠢ 3 — 5 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠪᠠᠶᠢᠴᠠᠭᠠᠨ ᠪᠢᠲᠡᠭᠦᠮᠵᠢᠯᠡᠬᠦ᠂ ᠪᠠᠶᠢᠴᠠᠭᠠᠨ ᠯᠠᠪᠯᠠᠬᠤ᠂ ᠬᠦᠴᠦᠨ ᠥᠬᠡᠶ ᠪᠣᠯᠭᠠᠬᠤ ᠶᠢ ᠳᠠᠷᠦ᠋ᠢᠬᠠᠨ ᠭᠦᠢᠴᠡᠳᠬᠡᠵᠦ᠂ ᠤᠶᠢᠯᠡᠴᠢᠯᠡᠭᠡᠨ ᠤ ᠶᠠᠰᠤ ᠴᠢᠨᠠᠷ ᠪᠠ ᠤᠶᠢᠯᠡᠴᠢᠯᠡᠭᠡᠨ ᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠰᠢᠶᠠᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠶᠢᠰᠢᠳᠠ ᠶᠢᠨ ᠠᠵᠢᠯ ᠤᠨ ᠳᠤᠮᠳᠠ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠨᠢ ᠦᠨᠡᠮᠯᠡᠯ ᠭᠦᠶ᠋ᠴᠡᠳᠬᠡᠬᠦ ᠶᠠᠪᠤᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠨᠣᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠪᠠᠨ ᠦᠷᠭᠦᠯᠵᠢᠯᠡᠨ ᠴᠢᠩᠭᠠᠳᠬᠠᠵᠤ᠂ ᠬᠡᠷᠡᠭ ᠡᠷᠭᠢᠯᠡᠬᠦ ᠠᠵᠢᠯᠲᠠᠨ ᠤ ᠲᠣᠰ ᠪᠡᠶ᠎ᠡ ᠶᠢᠨ ᠶᠡᠷᠦᠩᠬᠡᠶ ᠬᠡᠪ ᠴᠢᠨᠠᠷ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠪᠥᠬᠦ ᠰᠢᠶᠠᠨ ᠤ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠡᠩᠰᠡᠯᠡᠯᠲᠡ ᠶᠢᠨ ᠠᠵᠢᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠥᠯᠭᠢᠨ ᠠᠬᠢᠭᠤᠯᠤᠨ᠎ᠠ᠃                ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2